ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2021/9/26
     ᠣᠷᠳᠣᠰ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ      ᠨᠢᠭᠡᠳᠦᠭᠡᠷ ᠵᠦᠢᠯ   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠤᠷᠳᠤᠰ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠤᠷᠳᠤᠰ ᠬᠤᠳᠠ ᠶᠢᠨ ᠳᠠᠷᠤᠮᠠᠯᠯᠠᠨ ᠳᠠᠷᠬᠠᠭᠠᠭᠰᠠᠨ ︽ᠤᠷᠳᠤᠰ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃     ᠬᠤᠶᠠᠳᠤᠭᠠᠷ ᠵᠦᠢᠯ   ᠣᠷᠳᠣᠰ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠢᠶᠠᠨ ᠤ ᠲᠠᠰ ᠪᠣᠯᠤᠨ᠎ᠠ᠃     ᠭᠤᠷᠪᠠᠳᠤᠭᠠᠷ ᠵᠦᠢᠯ   ᠤᠷᠳᠤᠰ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ  ᠰᠶᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠨᠠᠮ ᠤᠨ ᠲᠦᠪᠯᠡᠷᠡᠩᠬᠦᠢ ᠨᠢᠭᠡᠳᠤᠯᠳᠡᠢ ᠤᠳᠤᠷᠢᠳᠤᠯᠭ᠎ᠠ ᠶᠢ ᠪᠠᠷᠢᠮᠳᠠᠯᠠᠬᠤ ᠶᠢᠨ ᠬᠠᠮᠳᠤ ᠴᠢᠩᠭᠠᠳᠬᠠᠨ᠎ᠠ᠃ ᠭᠤᠣᠯ ᠳᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠪᠦᠬᠦ ᠬᠤᠲᠠ ᠶᠢᠨ ᠬᠡᠪᠴᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃      ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠳᠤᠰᠢᠶᠠᠭᠰᠠᠨ᠂ ᠰᠢᠢᠳᠪᠤᠷᠢᠯᠡᠬᠦ ᠪᠠᠷ ᠵᠦᠪᠰᠢᠶᠡᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠴᠢᠯᠠᠨ ᠭᠦᠢᠴᠡᠳᠭᠡᠨ᠎ᠡ᠃ ᠠᠷᠠᠳ ᠢᠷᠭᠡᠨ ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠶᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃      ︵ᠭᠤᠷᠪᠠ︶ ᠡᠯ᠎ᠡ ᠬᠤᠰᠢᠭᠤ ᠳᠤᠭᠤᠷᠢᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠳᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠶᠢᠳᠪᠦᠷᠢᠯᠡᠭᠦᠯᠬᠦ᠂ ᠲᠤᠰᠢᠶᠠᠨ ᠰᠶᠢᠳᠪᠦᠷᠢᠯᠡᠭᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠶᠢᠳᠪᠦᠷᠢᠯᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠱᠠᠭᠠᠷᠳᠠᠨ ᠪᠠᠶᠢᠴᠠᠭᠠᠵᠤ᠂ ᠠᠵᠢᠯ ᠢᠶᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠰᠶᠢᠳᠬᠡᠯ ᠥᠭᠬᠦ ᠵᠡᠷᠭᠡ ᠰᠠᠨᠠᠭᠤᠯᠭ᠎ᠠ ᠳᠤᠷᠠᠳᠤᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠱᠠᠭᠠᠷᠳᠠᠨ ᠰᠶᠢᠳᠪᠦᠷᠢᠯᠡᠬᠦ ᠶᠢ ᠬᠠᠷᠢᠭᠤᠴᠠᠨ᠎ᠠ᠃      ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠵᠤ᠂ ᠲᠤᠷᠰᠢᠯᠭ᠎ᠠ ᠪᠠ ᠠᠷᠭ᠎ᠠ ᠪᠠᠷᠢᠯ ᠢ ᠳ᠋ᠦᠩᠨᠡᠨ᠂ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠰᠠᠨᠠᠯ ᠪᠠ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃      ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃      ︵ᠵᠢᠷᠭᠤᠭ᠎ᠠ︶ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠪᠠ ᠪᠣᠯᠪᠠᠰᠤᠷᠠᠭᠤᠯᠤᠯ ᠤᠨ ᠠᠵᠢᠯ ᠢ ᠵᠢᠯᠤᠭᠤᠳᠬᠤ ᠶᠢ ᠬᠠᠷᠢᠭᠤᠴᠠᠨ᠎ᠠ᠃      ︵ᠲᠤᠯᠤᠭ᠎ᠠ︶ ᠤᠷᠳᠤᠰ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠡᠠ ᠭᠡᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠵᠤ᠂ ᠤᠷᠳᠤᠰ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠠᠴᠠ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ  ᠱᠠᠭᠠᠷᠳᠠᠨ ᠪᠠᠶᠢᠴᠠᠭᠠᠨ᠎ᠠ᠃      ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠭᠠᠳᠠᠭᠠᠳᠤ ᠰᠣᠯᠢᠯᠴᠠᠭ᠎ᠠ ᠶᠢ ᠵᠣᠬᠢᠴᠠᠭᠤᠯᠤᠨ᠎ᠠ᠃     ︵ᠶᠢᠰᠦ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠳᠥᠷᠪᠡᠳᠦᠭᠡᠷ ᠵᠦᠢᠯ   ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠶᠢ ᠳᠤᠬᠢᠷᠠᠭᠤᠯᠪᠠ᠄      ︵ᠨᠢᠭᠡ︶ ᠠᠯᠪᠡᠠ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠡᠷᠬᠢᠯᠳᠡ ᠶᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠡᠳ᠋ ᠬᠥᠷᠦᠩᠭᠡ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ  ᠂ ᠳᠠᠩᠰᠠ ᠡᠪᠬᠡᠮᠡᠯ ᠤᠨ ᠬᠠᠮᠢᠶᠠᠷᠤᠯᠳᠠ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠠᠯᠲᠠᠲᠤ ᠬᠠᠮᠢᠶᠠᠷᠤᠯᠲᠠ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠵᠣᠬᠢᠴᠠᠭᠤᠯᠤᠨ ᠵᠢᠯᠣᠭᠤᠳᠤᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠡ ᠶᠢᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠪᠠᠶᠢᠭᠤᠯᠤᠮᠵᠢ ᠣᠷᠣᠨ ᠲᠤᠭ᠎ᠠ᠂ ᠠᠵᠢᠯᠳᠠᠨ ᠤ ᠶᠠᠪᠤᠳᠠᠯ ᠤᠨ ᠬᠠᠮᠢᠶᠠᠷᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠠᠵᠢᠯ ᠠᠴᠠ ᠪᠠᠨ ᠰᠠᠯᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠡᠩᠨᠡᠭᠡᠨ ᠤ ᠪᠤᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠵᠤ ᠵᠢᠯᠤᠭᠤᠳᠤᠨ᠎ᠠ᠃ ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠡᠠ ᠭᠡᠷ ᠤᠨ ᠡᠳᠦᠷ ᠲᠤᠳᠤᠮ ᠤᠨ ᠠᠵᠢᠯ ᠢ ᠦᠷᠨᠢᠬᠦᠯᠬᠦ ᠶᠢ ᠵᠣᠬᠢᠶᠠᠨ ᠪᠠᠶᠢᠭᠤᠯᠤᠨ ᠵᠤᠬᠢᠴᠠᠭᠤᠯᠤᠨ᠎ᠠ᠃      ︵ᠬᠤᠶᠠᠷ︶ ᠶᠡᠷᠦᠩᠬᠡᠶᠢᠯᠡᠨ ᠵᠢᠯᠣᠭᠤᠳᠬᠤ ᠰᠠᠯᠠᠭ᠎ᠠ᠄ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ ᠳᠤᠷᠠᠳᠤᠨ᠎ᠠ᠃ ᠲᠤᠰ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ ᠣᠯᠠᠨ ᠲᠦᠮᠡᠨ ᠤ ᠠᠵᠢᠯ ᠢᠶᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ  ᠢ ᠪᠠᠶᠢᠭᠤᠯᠬᠤ᠂ ᠪᠠᠶᠢᠴᠠᠭᠠᠨ ᠰᠤᠳᠤᠯᠬᠤ᠂ ᠲᠤᠷᠰᠢᠯᠭ᠎ᠠ ᠶᠢ ᠳᠡᠯᠭᠡᠷᠡᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠢᠯᠣᠭᠤᠳᠬᠤ ᠶᠢ ᠵᠣᠬᠢᠶᠠᠨ ᠪᠠᠶᠢᠭᠤᠯᠤᠨ ᠠᠬᠢᠭᠤᠯᠬᠤ ᠶᠢ ᠬᠠᠷᠢᠭᠤᠴᠠᠨ᠎ᠠ᠃      ︵ᠭᠤᠷᠪᠠ︶ ᠱᠠᠭᠠᠷᠳᠠᠨ ᠪᠠᠶᠢᠴᠠᠭᠠᠬᠤ ᠰᠠᠯᠠᠭ᠎ᠠ ︵ᠬᠠᠤᠯᠢ ᠲᠣᠭᠲᠠᠭᠠᠯ ᠤᠨ ᠰᠠᠯᠠᠭ᠎ᠠ︶᠄ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠳᠠ  ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠳᠠᠭᠠᠭᠠᠴᠢᠯᠠᠭᠰᠠᠨ ᠭᠡᠷᠡᠭ᠂ ︽ᠭᠤᠷᠪᠠ ᠶᠢ ᠠᠯᠤᠰᠯᠠᠵᠤ ᠭᠤᠷᠪᠠ ᠶᠢ ᠰᠠᠯᠭᠠᠬᠤ︾ ᠵᠡᠷᠭᠡ ᠲᠦᠪᠡᠭ ᠪᠤᠳᠤᠯᠢᠶᠠᠨᠲᠠᠶ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠱᠠᠭᠠᠷᠳᠠᠨ ᠪᠠᠶᠢᠴᠠᠭᠠᠵᠤ ᠱᠠᠭᠠᠷᠳᠠᠨ ᠰᠶᠢᠳᠪᠦᠷᠢᠯᠡᠭᠦᠯᠦᠨ᠎ᠡ᠃ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠶᠢᠳᠪᠦᠷᠢᠯᠡᠬᠦ ᠪᠡᠯᠡ ᠮᠥᠩᠭᠦ ᠶᠢ ᠵᠣᠬᠢᠴᠠᠭᠤᠯᠤᠨ ᠵᠢᠯᠣᠭᠤᠳᠬᠤ ᠪᠠ ᠬᠠᠮᠢᠶᠠᠷᠴᠤ ᠬᠡᠷᠡᠭᠯᠡᠨ᠎ᠡ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠶᠢ ᠵᠦᠷᠢᠴᠡᠪᠡᠯ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ ᠶᠢ ᠳᠤᠷᠠᠳᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠱᠠᠳᠤ ᠳᠠᠷᠠᠭᠠᠯᠠᠨ ᠰᠤᠷᠪᠤᠯᠵᠢᠯᠠᠬᠤ᠂ ᠵᠠᠭᠠᠯᠳᠤᠬᠤ ᠪᠠ ᠰᠤᠷᠪᠤᠯᠵᠢᠯᠠᠬᠤ ᠶᠢ ᠰᠠᠯᠭᠠᠬᠤ ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠦᠷᠦᠯ ᠬᠤᠪᠢᠶᠠᠨ ᠰᠢᠢᠳᠪᠦᠷᠢᠯᠡᠬᠦ᠂ ᠬᠠᠤᠯᠢᠴᠢ  ᠶᠢ ᠵᠠᠬᠢᠳᠠᠯ ᠰᠤᠷᠪᠤᠯᠵᠢᠯᠠᠭ᠎ᠠ ᠳᠤ ᠤᠷᠤᠯᠴᠠᠭᠤᠯᠬᠤ ᠵᠡᠷᠭᠡ ᠠᠵᠢᠯ ᠢ ᠵᠤᠬᠢᠴᠠᠭᠤᠯᠤᠨ ᠠᠬᠢᠭᠤᠯᠤᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠡ ᠶᠢᠨ ᠬᠠᠤᠯᠢ ᠴᠠᠭᠠᠵᠠ  ᠶᠢᠨ ᠵᠠᠷᠭᠤ ᠶᠢᠨ ᠬᠠᠮᠢᠶ᠎ᠠ ᠪᠦᠬᠦᠢ ᠬᠡᠷᠡᠭ ᠶᠠᠪᠤᠳᠠᠯ ᠢ ᠳᠠᠭᠠᠭᠠᠴᠢᠯᠠᠨ ᠭᠦᠢᠴᠡᠳᠭᠡᠨ᠎ᠡ᠃ ᠬᠤᠲᠠ ᠶᠢᠨ ᠵᠠᠰᠠᠭ ᠤᠨ ᠣᠷᠳᠣᠨ ᠳᠤ ᠳᠠᠪᠲᠠᠨ ᠪᠠᠶᠢᠴᠠᠭᠠᠯᠭᠠᠵᠤ ᠳᠠᠬᠢᠨ ᠬᠢᠨᠠᠭᠤᠯᠬᠤ ᠪᠠᠷ ᠭᠤᠶᠤᠴᠢᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠤᠷᠢᠯᠡᠬᠦ ᠶᠢ ᠬᠠᠷᠢᠭᠤᠴᠠᠨ᠎ᠠ᠃      ︵ᠲᠦᠷᠪᠡ︶ ᠵᠠᠬᠢᠳᠠᠯ ᠰᠤᠷᠪᠤᠯᠵᠢᠯᠠᠭ᠎ᠠ ᠶᠢ ᠰᠢᠢᠳᠪᠤᠷᠢᠯᠡᠬᠦ ᠰᠠᠯᠠᠭ᠎ᠠ ︵ᠠᠷᠠᠳ ᠤᠨ ᠰᠠᠨᠠᠭᠤᠯᠭ᠎ᠠ ᠶᠢ ᠴᠤᠭᠯᠠᠭᠤᠯᠬᠤ ᠰᠠᠯᠠᠭ᠎ᠠ︶᠄ ᠠᠷᠠᠳ ᠢᠷᠭᠡᠨ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ ᠢᠷᠡᠬᠦᠯᠬᠦ᠂ ᠪᠦᠬᠦ ᠤᠯᠤᠰ ᠤᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ᠂ ᠵᠠᠬᠢᠳᠠᠯ ᠰᠤᠷᠪᠤᠯᠵᠢᠯᠠᠭ᠎ᠠ ᠶᠢᠨ ᠬᠠᠯᠠᠮᠰᠢᠯ ᠤᠲᠠᠰᠤ ᠵᠡᠷᠭᠡ ᠠᠷᠭ᠎ᠠ ᠮᠠᠶ᠋ᠢᠭ ᠢᠶᠠᠷ ᠲᠤᠰᠬᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠶᠢᠳᠪᠦᠷᠢᠯᠡᠬᠦ ᠶᠢ ᠬᠠᠷᠢᠭᠤᠴᠠᠨ᠎ᠠ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠵᠢᠴᠢ ᠤᠳᠤᠷᠢᠳᠬᠤ ᠨᠥᠬᠦᠳ ᠤᠨ ᠰᠢᠯᠵᠢᠭᠦᠯᠦᠨ ᠬᠦᠷᠭᠡᠭᠰᠡᠨ᠂ ᠳᠤᠰᠢᠶᠠᠭᠰᠠᠨ᠂ ᠰᠢᠢᠳᠪᠤᠷᠢᠯᠡᠬᠦ ᠪᠠᠷ ᠵᠦᠪᠰᠢᠶᠡᠷᠡᠭᠰᠡᠨ ᠢᠷᠡᠬᠦᠯᠦᠭᠰᠡᠨ ᠵᠠᠬᠢᠳᠠᠯ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠳᠠᠭᠠᠭᠠᠴᠢᠯᠠᠨ ᠭᠦᠢᠴᠡᠳᠭᠡᠬᠦ ᠶᠢᠨ ᠬᠠᠮᠲᠤ ᠱᠠᠭᠠᠷᠳᠠᠨ ᠰᠶᠢᠳᠪᠦᠷᠢᠯᠡᠭᠦᠯᠦᠨ᠎ᠡ᠃ ᠢᠷᠡᠭᠦᠯᠦᠭᠰᠡᠨ ᠵᠠᠬᠢᠳᠠᠯ ᠤᠳᠠᠰᠤ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ ᠠᠷᠠᠳ ᠢᠷᠭᠡᠨ ᠪᠠ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠴᠤᠭᠯᠠᠭᠤᠯᠵᠤ᠂ ᠰᠶᠢᠳᠪᠦᠷᠢᠯᠡᠵᠦ᠂ ᠰᠤᠳᠤᠯᠵᠤ᠂ ᠮᠡᠳᠡᠭᠦᠯᠦᠨ᠎ᠡ᠃ ᠡᠯ᠎ᠡ ᠬᠤᠰᠢᠭᠤ ᠳᠤᠭᠤᠷᠢᠭ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠠᠬᠢᠳᠠᠯ ᠢ ᠰᠶᠢᠳᠪᠦᠷᠢᠯᠡᠬᠦ ᠪᠠ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠪᠠᠶᠢᠴᠠᠭᠠᠨ᠎ᠠ᠃      ︵ᠲᠠᠪᠤ︶ ᠰᠤᠷᠪᠤᠯᠵᠢᠯᠠᠭ᠎ᠠ ᠶᠢ ᠬᠦᠯᠢᠶᠡᠨ ᠠᠪᠬᠤ ᠰᠠᠯᠠᠭ᠎ᠠ᠄ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠢ ᠵᠣᠬᠢᠶᠠᠨ ᠪᠠᠶᠢᠭᠤᠯᠤᠨ ᠬᠠᠷᠢᠭᠤᠴᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠭᠤᠯᠤᠨ᠎ᠠ᠃ ᠤᠳᠤᠷᠢᠳᠬᠤ ᠨᠥᠬᠦᠳ ᠤᠨ ᠰᠢᠢᠳᠪᠤᠷᠢᠯᠡᠬᠦ ᠪᠠᠷ ᠵᠦᠪᠰᠢᠶᠡᠷᠡᠭᠰᠡᠨ᠂ ᠰᠢᠯᠵᠢᠭᠦᠯᠦᠨ ᠰᠢᠢᠳᠪᠦᠷᠢᠯᠡᠭᠦᠯᠦᠭᠰᠡᠨ ᠰᠤᠷᠪᠤᠯᠵᠢᠯᠠᠭ᠎ᠠ  ᠶᠢᠨ ᠭᠡᠷᠡᠭ ᠶᠠᠪᠤᠳᠠᠯ ᠢ ᠳᠠᠭᠠᠭᠠᠴᠢᠯᠠᠨ ᠭᠦᠢᠴᠡᠳᠭᠡᠨ᠎ᠡ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠰᠢᠯᠵᠢᠭᠦᠯᠦᠨ ᠬᠦᠷᠭᠡᠭᠰᠡᠨ᠂ ᠳᠤᠰᠢᠶᠠᠭᠰᠠᠨ᠂ ᠱᠠᠭᠠᠷᠳᠠᠨ ᠰᠢᠢᠳᠪᠦᠷᠢᠯᠡᠭᠦᠯᠦᠭᠰᠡᠨ ᠰᠤᠷᠪᠤᠯᠵᠢᠯᠠᠭ᠎ᠠ ᠶᠢᠨ ᠵᠦᠢᠯᠡᠰ ᠢ ᠬᠠᠷᠢᠭᠤᠴᠠᠨ ᠰᠢᠢᠳᠪᠦᠷᠢᠯᠡᠨ᠎ᠡ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠪᠠ ᠬᠤᠲᠠ ᠶᠢᠨ ᠲᠤᠰ ᠱᠠᠲᠤᠨ ᠤ ᠰᠤᠷᠪᠤᠯᠵᠢᠯᠠᠭ᠎ᠠ ᠵᠢᠴᠢ ᠳᠡᠭᠡᠭᠰᠢ ᠰᠤᠷᠪᠤᠯᠵᠢᠯᠠᠭᠰᠠᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠠᠵᠢᠯ ᠤᠨ ᠰᠠᠨᠠᠯ ᠰᠠᠨᠠᠭᠤᠯᠭ᠎ᠠ ᠳᠤᠷᠠᠳᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠱᠠᠲᠤᠨ ᠤ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠲᠠ ᠶᠢᠨ ᠪᠡᠭᠡᠵᠢᠩ ᠳᠤ ᠰᠠᠭᠤᠭ᠎ᠠ᠂ ᠬᠥᠬᠡᠬᠤᠲᠠ ᠳᠤ ᠰᠠᠭᠤᠭ᠎ᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠵᠢᠯᠣᠭᠤᠳᠬᠤ ᠶᠢ ᠬᠠᠷᠢᠭᠤᠴᠠᠨ᠎ᠠ᠃ ᠪᠡᠭᠡᠵᠢᠩ᠂ ᠬᠦᠬᠡᠬᠤᠳᠠ ᠶᠢᠨ ᠬᠦᠯᠢᠶᠡᠨ ᠠᠪᠬᠤ ᠪᠤᠰᠤ ᠲᠠᠯᠠᠪᠤᠷ ᠤᠨ ᠬᠥᠮᠦᠰ ᠢ ᠢᠳᠬᠠᠨ ᠪᠤᠴᠠᠭᠠᠬᠤ ᠠᠵᠢᠯ ᠢ ᠵᠣᠬᠢᠴᠠᠭᠤᠯᠤᠨ ᠵᠢᠯᠤᠭᠤᠳᠤᠨ᠎ᠠ᠃ ᠬᠤᠲᠠ ᠶᠢᠨ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠰᠤᠷᠪᠤᠯᠵᠢᠯᠠᠭ᠎ᠠ ᠳᠤ ᠬᠤᠯᠪᠣᠭᠳᠠᠭᠰᠠᠨ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠵᠢᠭᠠᠨ ᠲᠣᠭᠲᠠᠭᠠᠭᠰᠠᠨ ᠲᠠᠯᠠᠪᠤᠷ ᠲᠤ ᠬᠦᠷᠴᠦ ᠠᠰᠠᠭᠤᠳᠠᠯ ᠳᠤᠰᠬᠠᠬᠤ ᠶᠢ ᠵᠣᠬᠢᠶᠠᠨ ᠪᠠᠶᠢᠭᠤᠯᠤᠨ ᠵᠤᠬᠢᠴᠠᠭᠤᠯᠤᠨ᠎ᠠ᠃ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠯᠠᠪᠤᠷ ᠤᠨ ᠡᠮᠬᠢ ᠵᠢᠷᠤᠮ ᠢ ᠳᠦᠷᠢᠮᠵᠢᠬᠦᠯᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠰᠢᠢᠳᠪᠤᠷᠢᠯᠡᠨ᠎ᠡ᠃ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠰᠤᠷᠪᠤᠯᠵᠢᠯᠠᠭ᠎ᠠ ᠶᠢ ᠭᠥᠯᠢᠶᠡᠨ ᠠᠪᠬᠤ ᠠᠵᠢᠯ ᠢ ᠵᠢᠯᠣᠭᠤᠳᠤᠨ ᠪᠠᠶᠢᠴᠠᠭᠠᠨ᠎ᠠ᠃      ᠲᠠᠪᠤᠳᠤᠭᠠᠷ ᠵᠦᠢᠯ   ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 13 ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 2 ᠨᠡᠷᠡᠰ︔ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 8 ᠨᠡᠷᠡᠰ ︵5 ᠵᠢᠩᠬᠢᠨᠢ 3 ᠳᠡᠳ᠋︶᠃      ᠵᠢᠷᠭᠤᠳᠤᠭᠠᠷ ᠵᠦᠢᠯ   ᠣᠷᠳᠣᠰ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠳᠤᠬᠢᠷᠠᠭᠤᠯᠤᠯᠳᠠ᠂ ᠳᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰᠳᠠᠭᠠᠨ ᠲᠣᠭᠲᠠᠭᠠᠨ᠎ᠠ᠃      ᠳᠣᠯᠣᠳᠤᠭᠠᠷ ᠵᠦᠢᠯ   ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠠᠯᠪᠡᠠ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠠᠯᠪᠡᠠ ᠭᠡᠷ ᠲᠣᠭᠲᠠᠭᠠᠭᠰᠠᠨ ᠲᠠᠰ ᠳᠠᠷᠠᠭᠠᠯᠠᠯ ᠢᠶᠠᠷ  ᠭᠦᠢᠴᠡᠳᠬᠡᠨ᠎ᠡ᠃      ᠨᠠᠢᠮᠠᠳᠤᠭᠠᠷ ᠵᠦᠢᠯ   ᠲᠣᠰ ᠲᠣᠭᠲᠠᠭᠠᠯ ᠢ 2019 ᠣᠨ ᠤ 3 ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠵᠢᠯᠯᠠᠬᠤ ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠲᠤᠸᠠᠨ ᠵᠢᠶᠧ ᠵᠠᠮ ᠤᠨ 4 ᠳ᠋ᠦᠭᠡᠷ ᠨᠣᠮᠧᠷ     ᠠᠯᠪᠠᠯᠠᠬᠤ ᠤᠲᠠᠰᠤ᠄ 0477 ︱ 8589778      ᠠᠵᠢᠯᠯᠠᠬᠤ ᠴᠠᠭ᠄ 9᠄ 00 ︱ 12᠄ 00 14᠄ 00 ︱ 17᠄ 30      ᠰᠢᠦᠳᠠᠨ ᠳ᠋ᠤᠭᠠᠷ᠄ 017000      ᠰᠦᠯᠵᠢᠶᠡᠨ ᠬᠠᠶ᠋ᠢᠭ᠄ http://xfj.ordos.gov.cn
ᠢᠷᠡᠯᠲᠡ᠄ ᠲᠣᠰ ᠰᠥᠯᠵᠢᠶ᠎ᠠ