ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ
ᠨᠡᠶᠢᠲᠡᠯᠡᠭᠰᠡᠨ ᠴᠠᠭ᠄
2021/9/26
      ᠤᠷᠳᠤᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ ᠤᠨ ᠴᠢᠳᠠᠪᠬᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ      ᠨᠢᠭᠡᠳᠦᠭᠡᠷ ᠵᠦᠢᠯ   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ  ᠤᠨ ᠣᠷᠳᠣᠨ ᠠᠴᠠ ᠵᠥᠪᠰᠢᠶᠡᠷᠡᠭᠰᠡᠨ ︽ᠤᠷᠳᠤᠰ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠤᠷᠳᠤᠰ ᠬᠤᠳᠠ ᠶᠢᠨ ᠳᠠᠷᠤᠮᠠᠯᠯᠠᠨ ᠳᠠᠷᠬᠠᠭᠠᠭᠰᠠᠨ ︽ᠤᠷᠳᠤᠰ ᠬᠤᠳᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠦᠢᠯ   ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ ᠪᠣᠯ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠢᠶᠠᠨ ᠤ ᠲᠠᠰ ᠪᠣᠯᠤᠨ᠎ᠠ᠃      ᠭᠤᠷᠪᠠᠳᠤᠭᠠᠷ ᠵᠦᠢᠯ   ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ ᠨᠢ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠤᠳᠤᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠬᠠᠮᠢᠶ᠎ᠠ ᠪᠥᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠦᠪᠯᠡᠷᠡᠩᠬᠦᠢ ᠨᠢᠭᠡᠳᠤᠯᠳᠡᠢ ᠤᠳᠤᠷᠢᠳᠤᠯᠭ᠎ᠠ ᠶᠢ ᠪᠠᠷᠢᠮᠳᠠᠯᠠᠬᠤ  ᠶᠢᠨ ᠬᠠᠮᠳᠤ ᠴᠢᠩᠭᠠᠳᠬᠠᠨ᠎ᠠ᠃ ᠭᠤᠣᠯ ᠳᠤᠰᠢᠶᠠᠯ ᠬᠠᠷᠢᠭᠤᠴᠠᠯᠭ᠎ᠠ ᠪᠣᠯ᠄      ︵ᠨᠢᠭᠡ︶ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠬᠦᠳᠬᠦ ᠬᠦᠭᠵᠢᠯᠳᠡ ᠶᠢ ᠠᠬᠢᠭᠤᠯᠤᠨ᠎ᠠ᠃      ︵ᠬᠤᠶᠠᠷ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠳᠤᠭᠳᠠᠯᠴᠠᠭ᠎ᠠ ᠶᠢ ᠨᠢᠭᠡᠳᠦᠯᠲᠡᠶ ᠲᠥᠯᠥᠪᠯᠡᠨ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠶᠢ ᠵᠤᠬᠢᠴᠠᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠠᠬᠤᠢ ᠶᠢ ᠰᠢᠯᠢᠳᠡᠭᠵᠢᠭᠦᠯᠦᠨ᠎ᠡ᠃      ︵ᠭᠤᠷᠪᠠ︶ ᠪᠥᠬᠦ ᠬᠤᠲᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠳᠠᠷᠢᠶᠠᠴᠢᠨ︾ ︽ᠵᠢᠵᠢᠭ ᠪᠢᠴᠢᠯ ᠠᠵᠤ ᠠᠬᠤᠶᠢᠯᠠᠯ︾ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠳᠤᠭᠳᠠᠯᠴᠠᠭ᠎ᠠ ᠶᠢ ᠪᠤᠶᠢᠵᠢᠭᠤᠯᠤᠨ ᠬᠥᠭᠵᠢᠭᠦᠯᠦᠨ᠎ᠡ᠃ ᠪᠥᠬᠦ ᠬᠤᠲᠠ ᠶᠢᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠯᠡᠨ  ᠵᠢᠯᠤᠭᠤᠳᠤᠨ᠎ᠠ᠃      ︵ᠲᠥᠷᠪᠡ︶ ᠣᠯᠠᠨ ᠳᠡᠰ ᠳᠠᠪᠬᠤᠷᠭ᠎ᠠ ᠶᠢᠨ ᠬᠥᠷᠦᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠨ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠪᠠᠷ ᠪᠠᠯᠠ ᠴᠤᠭᠯᠠᠭᠤᠯᠬᠤ ᠪᠠ ᠬᠤᠳᠠᠯᠳᠤᠨ ᠠᠪᠴᠤ ᠳᠠᠬᠢᠨ ᠨᠡᠶᠢᠯᠡᠬᠦᠯᠬᠦ᠂ ᠳᠠᠬᠢᠨ ᠪᠠᠯᠠ ᠴᠤᠭᠯᠠᠭᠤᠯᠬᠤ ᠠᠵᠢᠯ ᠢ ᠵᠣᠬᠢᠴᠠᠭᠤᠯᠤᠨ᠎ᠠ᠃ ᠠᠳᠠᠯ ᠦᠢᠯᠡᠰ ᠪᠦᠲᠦᠭᠡᠬᠦ ᠪᠡᠯᠡ ᠣᠷᠤᠭᠤᠯᠤᠯᠲᠠ ᠶᠢᠨ ᠰᠠᠭᠤᠷᠢ ᠮᠥᠩᠭᠦ᠂ ᠬᠤᠪᠢ ᠣᠷᠤᠭᠤᠯᠤᠭᠰᠠᠨ ᠡᠷᠬᠡ ᠶᠢᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠵᠢᠷᠤᠮᠵᠢᠭᠤᠯᠤᠨ ᠬᠦᠭᠵᠢᠬᠦᠯᠬᠦ ᠶᠢ ᠠᠬᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠬᠤᠪᠢ ᠣᠷᠤᠭᠤᠯᠤᠭᠰᠠᠨ ᠡᠷᠬᠡ ᠶᠢᠨ ᠵᠠᠬ᠎ᠠ ᠳᠡᠯᠭᠡᠭᠦᠷ ᠤᠨ ᠰᠠᠯᠪᠤᠷᠢ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠬᠤᠪᠢ ᠣᠷᠤᠭᠤᠯᠤᠭᠰᠠᠨ ᠡᠷᠬᠡ ᠶᠢᠨ ᠵᠠᠬ᠎ᠠ ᠳᠡᠯᠭᠡᠭᠦᠷ ᠤᠨ ᠭᠡᠷᠡᠭ ᠡᠷᠬᠢᠯᠡᠬᠦ ᠭᠠᠵᠡᠷ ᠢ ᠵᠢᠯᠤᠭᠤᠳᠤᠨ ᠠᠵᠢᠯ ᠢ ᠦᠷᠨᠢᠬᠦᠯᠦᠨ᠎ᠡ᠃      ︵ᠲᠠᠪᠤ︶ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠴᠤᠭᠯᠠᠭᠤᠯᠭ᠎ᠠ ᠶᠢᠨ ᠳᠠᠭᠠᠭᠠᠯᠳᠠ ᠶᠢᠨ ᠺᠤᠮᠫᠠᠨᠢ᠂ ᠳᠡᠨᠵᠢ ᠶᠢᠨ ᠠᠷᠠᠯᠵᠢᠶ᠎ᠠ᠂ ᠪᠡᠯᠡ ᠴᠤᠭᠯᠠᠭᠤᠯᠬᠤ ᠲᠦᠷᠢᠶᠡᠰᠦᠯᠡᠯ ᠤᠨ ᠺᠣᠮᠫᠠᠨᠢ᠂ ᠬᠤᠳᠠᠯᠳᠤᠭᠠᠨ ᠤ ᠪᠠᠲᠤᠯᠠᠨ ᠤᠷᠤᠯᠠᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠳ᠋ ᠬᠥᠷᠦᠩᠭᠡ ᠬᠠᠮᠢᠶᠠᠷᠤᠯᠲᠠ ᠶᠢᠨ ᠺᠣᠮᠫᠠᠨᠢ ᠶᠢᠨ ᠬᠤᠳᠠ ᠳᠤ ᠰᠠᠭᠤᠭ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠳᠤ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠯᠲᠠ ᠳᠠᠯᠪᠢᠨ ᠬᠠᠮᠢᠶᠠᠷᠤᠯᠲᠠ ᠬᠢᠬᠦ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠪᠡᠯᠡ ᠣᠷᠤᠭᠤᠯᠤᠯᠲᠠ ᠶᠢᠨ ᠺᠣᠮᠫᠠᠨᠢ᠂ ᠢᠳᠡᠭᠡᠮᠵᠢᠳᠡᠢ ᠪᠠᠷ ᠬᠠᠪᠰᠤᠷᠤᠯᠴᠠᠬᠤ ᠶᠢ ᠦᠷᠨᠢᠬᠦᠯᠵᠤ ᠪᠠᠶᠢᠭ᠎ᠠ ᠲᠠᠷᠢᠶᠠᠴᠢᠨ ᠤ ᠲᠤᠰᠬᠠᠶ ᠬᠤᠷᠰᠢᠶ᠎ᠠ ᠂ ᠨᠡᠶᠢᠭᠡᠮ ᠤᠨ ᠣᠯᠠᠨ ᠨᠡᠶᠢᠲᠡ ᠠᠴᠠ ᠪᠡᠯᠡ ᠴᠤᠭᠯᠠᠭᠤᠯᠬᠤ ᠪᠠᠶᠢᠭᠤᠯᠤᠮᠵᠢ ᠵᠢᠴᠢ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ  ᠲᠤ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠯᠲᠠ ᠳᠠᠯᠪᠢᠨ ᠬᠠᠮᠢᠶᠠᠷᠤᠯᠲᠠ ᠬᠢᠬᠦ ᠶᠢ ᠬᠡᠷᠡᠭᠵᠢᠭᠦᠯᠦᠨ᠎ᠡ᠃      ︵ᠳᠣᠯᠤᠭ᠎ᠠ︶ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠳᠠ ᠶᠢ ᠠᠬᠢᠭᠤᠯᠤᠨ᠎ᠠ᠃      ︵ᠨᠠᠢᠮᠠ︶ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠣᠭᠲᠠᠭᠤᠨ ᠪᠠ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠠᠯᠠ ᠬᠤᠷᠠᠮᠳᠤᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠦᠨ᠎ᠡ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠠᠮᠢᠶᠠᠷᠤᠯᠲᠠ ᠶᠢ ᠬᠠᠷᠢᠭᠤᠴᠠᠨ᠎ᠠ᠃      ︵ᠶᠢᠰᠦ︶ ᠬᠤᠳᠠ ᠳᠤ ᠰᠠᠭᠤᠭ᠎ᠠ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠳᠠ ᠶᠢᠨ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠤᠬᠢᠴᠠᠭᠤᠯᠬᠤ ᠶᠢ ᠬᠠᠷᠢᠭᠤᠴᠠᠨ᠎ᠠ᠃ ᠡᠯ᠎ᠡ ᠬᠤᠰᠢᠭᠤ ᠳᠤᠭᠤᠷᠢᠭ ᠤᠨ ᠬᠠᠷᠢᠶ᠎ᠠ ᠭᠠᠵᠠᠷ ᠤᠨ ᠲᠦᠭᠰᠢᠭᠦᠷᠢ ᠶᠢ ᠰᠶᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠬᠠᠮᠢᠶ᠎ᠠ ᠪᠥᠬᠦᠶ ᠠᠵᠢᠯ ᠢ ᠬᠠᠤᠯᠢ ᠶᠤᠰᠤᠭᠠᠷ ᠲᠣᠭᠲᠠᠭᠠᠯ ᠶᠣᠰᠣᠭᠠᠷ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠪᠠ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠤᠨ ᠭᠦᠭᠵᠢᠬᠦᠯᠬᠦ ᠶᠢ ᠵᠢᠯᠤᠭᠤᠳᠤᠨ᠎ᠠ᠃      ︵ᠠᠷᠪᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠳᠥᠷᠪᠡᠳᠦᠭᠡᠷ ᠵᠦᠢᠯ   ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ ᠲᠤ ᠳᠣᠣᠷᠠᠬᠢ ᠮᠡᠲᠦ ᠳᠣᠲᠣᠭᠠᠳᠤ ᠶᠢᠨ ᠪᠠᠶᠢᠭᠤᠯᠤᠮᠵᠢ ᠶᠢ ᠳᠤᠬᠢᠷᠠᠭᠤᠯᠪᠠ᠄      ︵ᠨᠢᠭᠡ︶ ᠶᠡᠷᠦᠩᠬᠡᠶᠢᠯᠡᠭᠰᠡᠨ ᠰᠠᠯᠠᠭ᠎ᠠ᠄ ᠪᠠᠶᠢᠭᠤᠯᠭ᠎ᠠ ᠶᠢᠨ ᠡᠳᠦᠷ ᠲᠤᠲᠤᠮ ᠤᠨ ᠡᠷᠬᠢᠯᠳᠡ ᠶᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ᠂ ᠡᠳ᠋ ᠬᠥᠷᠦᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠳᠠ ᠶᠢ ᠨᠢᠭᠡᠳᠤᠯᠳᠡᠢ ᠲᠦᠯᠦᠪᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠳᠠ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃      ︵ᠬᠤᠶᠠᠷ︶ ᠮᠥᠩᠭᠦᠨ ᠭᠦᠢᠯᠭᠡᠭᠡᠨ ᠤ ᠬᠥᠭᠵᠢᠯᠲᠡ ᠶᠢᠨ ᠰᠠᠯᠠᠭ᠎ᠠ᠄ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠳᠤᠭᠤᠷᠪᠢᠨ ᠳᠤᠭᠳᠠᠭᠠᠨ᠎ᠠ᠃ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠦᠢᠯᠡᠰ ᠢᠶᠠᠷ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠳᠠ ᠶᠢᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠤᠭ᠎ᠠ ᠪᠦᠷᠢᠳᠬᠡᠯ᠂ ᠪᠠᠶᠢᠳᠠᠯ ᠤᠨ ᠵᠠᠳᠠᠯᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠰᠠᠨᠠᠭᠤᠯᠭ᠎ᠠ ᠳᠤᠷᠠᠳᠤᠨ᠎ᠠ᠃ ᠬᠤᠲᠠ ᠳᠤ ᠰᠠᠭᠤᠭ᠎ᠠ ᠲᠥᠪ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠳᠠ ᠶᠢᠨ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠵᠤ᠂ ᠣᠷᠤᠨ ᠨᠤᠲᠤᠭ ᠤᠨ ᠵᠠᠰᠠᠭ ᠤᠨ ᠣᠷᠳᠤᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠬᠤᠷᠰᠢᠯᠴᠠᠭ᠎ᠠ ᠶᠢ ᠠᠬᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠳᠤᠭᠳᠠᠯᠴᠠᠭ᠎ᠠ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ ᠲᠡᠭᠦᠯᠳᠡᠷᠵᠢᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠡᠷᠭᠡᠳᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢᠨ ᠴᠢᠬᠤᠯᠠ ᠶᠡᠭᠡ ᠵᠦᠢᠯᠡᠰ ᠢ ᠵᠣᠬᠢᠴᠠᠭᠤᠯᠤᠨ ᠵᠢᠯᠣᠭᠤᠳᠤᠨ᠎ᠠ᠃ ᠣᠷᠣᠨ ᠨᠤᠲᠤᠭ ᠤᠨ ᠰᠢᠨ᠎ᠡ ᠪᠠᠷ ᠬᠥᠭᠵᠢᠭᠰᠡᠨ ᠮᠥᠩᠭᠦᠨ ᠭᠦᠢᠯᠭᠡᠭᠡᠨ ᠤ ᠡᠵᠡᠩᠨᠡᠯᠳᠡ ᠶᠢᠨ ᠪᠠᠶᠢᠳᠠᠯ ᠢ ᠲᠦᠷᠭᠡᠳᠭᠡᠨ ᠬᠦᠭᠵᠢᠬᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠴᠠᠭᠤᠯᠤᠨ᠎ᠠ᠃      ︵ᠭᠤᠷᠪᠠ︶ ᠮᠥᠩᠭᠦᠨ ᠭᠦᠢᠯᠭᠡᠭᠡᠨ ᠤ ᠳᠤᠭᠳᠠᠪᠤᠷᠢᠵᠢᠭᠤᠯᠬᠤ ᠰᠠᠯᠠᠭ᠎ᠠ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠵᠣᠬᠢᠴᠠᠭᠤᠯᠬᠤ ᠲᠣᠭᠲᠠᠴᠠ ᠪᠠ ᠲᠦᠭᠰᠢᠭᠦᠷᠢ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠲᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠠᠮᠵᠢᠨ ᠡᠵᠡᠩᠨᠡᠯᠲᠡ ᠶᠢᠨ ᠲᠦᠭᠰᠢᠭᠦᠷᠢ ᠶᠢ ᠠᠷᠢᠯᠭᠠᠵᠤ᠂ ᠠᠵᠤ ᠠᠬᠤᠶᠢᠯᠠᠯ ᠢ ᠬᠠᠮᠵᠢᠨ ᠭᠡᠷ᠎ᠡ ᠶᠢ ᠵᠦᠷᠢᠴᠡᠬᠦ ᠲᠦᠭᠰᠢᠭᠦᠷᠢ ᠶᠢᠨ ᠪᠠᠶᠢᠳᠠᠯ ᠢ ᠠᠷᠢᠯᠭᠠᠨ᠎ᠠ᠃ ᠬᠠᠤᠯᠢ ᠪᠤᠰᠤ ᠪᠠᠷ ᠪᠠᠯᠠ ᠬᠤᠷᠠᠮᠳᠤᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠦᠷᠦᠭᠦᠯᠡᠨ ᠥᠷᠨᠢᠭᠦᠯᠵᠦ ᠂ ᠬᠤᠲᠠ ᠶᠢᠨ ᠬᠠᠤᠯᠢ ᠪᠤᠰᠤ ᠪᠠᠷ ᠪᠠᠯᠠ ᠬᠤᠷᠠᠮᠳᠤᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠡᠠ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠵᠤᠬᠢᠴᠠᠯᠳᠤᠨ ᠬᠠᠮᠵᠢᠯᠴᠠᠵᠤ ᠠᠷᠠᠳ ᠤᠨ ᠳᠤᠮᠳᠠᠬᠢ ᠪᠠᠯᠠ ᠣᠷᠣᠭᠤᠯᠤᠯᠲᠠ ᠪᠠᠯᠠ ᠴᠤᠭᠯᠠᠭᠤᠯᠬᠤ ᠬᠦᠷᠢᠶ᠎ᠡ ᠴᠠᠷᠠᠭ᠎ᠠ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠢᠨᠲ᠋ᠧᠷ ᠰᠦᠯᠵᠢᠶ᠎ᠡ ᠶᠢᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠲᠦᠷᠪᠡ︶ ᠬᠥᠷᠦᠩᠭᠡ ᠶᠢᠨ ᠵᠠᠬ᠎ᠠ ᠳᠡᠯᠭᠡᠭᠦᠷ ᠤᠨ ᠰᠠᠯᠠᠭ᠎ᠠ᠄ ᠪᠦᠬᠦ ᠬᠤᠳᠠ ᠶᠢᠨ ᠬᠥᠷᠦᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠬᠤᠲᠠ ᠶᠢᠨ ᠳᠣᠲᠣᠷᠠᠬᠢ ᠲᠡᠮᠳᠡᠭᠲᠦ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ ᠶᠢᠨ ᠰᠠᠯᠪᠤᠷᠢ ᠪᠠᠶᠢᠭᠤᠯᠤᠮᠵᠢ ᠪᠣᠯᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ ᠶᠢᠨ ᠵᠢᠷᠤᠮᠵᠢᠭᠤᠨ ᠡᠵᠡᠩᠨᠡᠯᠲᠡ ᠬᠥᠭᠵᠢᠯᠲᠡ ᠶᠢ ᠵᠢᠯᠣᠭᠤᠳᠤᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ᠂ ᠵᠠᠬ᠎ᠠ ᠳᠡᠯᠭᠡᠬᠦᠷ ᠲᠤ ᠭᠠᠷᠤᠭᠰᠠᠨ ᠺᠣᠮᠫᠠᠨᠢ ᠶᠢᠨ ᠳᠠᠬᠢᠨ ᠪᠠᠯᠠ ᠴᠤᠭᠯᠠᠭᠤᠯᠬᠤ᠂ ᠡᠳ᠋ ᠬᠥᠷᠥᠩᠭᠡ ᠶᠢ ᠳᠤᠬᠢᠷᠠᠭᠤᠯᠤᠨ ᠳᠠᠬᠢᠨ ᠨᠡᠶᠢᠯᠡᠬᠦᠯᠬᠦ ᠶᠠᠪᠤᠴᠠ ᠳᠤ ᠲᠤᠯᠭᠠᠷᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠠᠳᠠᠯ ᠦᠢᠯᠡᠰ ᠪᠦᠳᠦᠭᠡᠬᠦ ᠪᠡᠯᠡ ᠤᠷᠤᠭᠤᠯᠤᠯᠳᠠ ᠶᠢᠨ ᠰᠠᠭᠤᠷᠢ ᠮᠥᠩᠭᠦ᠂ ᠬᠤᠪᠢ ᠣᠷᠤᠭᠤᠯᠤᠭᠰᠠᠨ ᠡᠷᠬᠡ ᠶᠢᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠬᠤ ᠪᠠ ᠵᠣᠬᠢᠴᠠᠭᠤᠯᠬᠤ ᠠᠵᠢᠯ ᠳᠤ ᠤᠷᠤᠯᠴᠠᠨ᠎ᠠ᠃ ᠣᠷᠣᠨ ᠪᠦᠰᠡ ᠶᠢᠨ ᠴᠢᠨᠠᠷᠲᠠᠶ ᠬᠤᠪᠢ ᠣᠷᠤᠭᠤᠯᠤᠭᠰᠠᠨ ᠡᠷᠬᠡ ᠶᠢᠨ ᠵᠠᠬ᠎ᠠ ᠳᠡᠯᠭᠡᠭᠦᠷ ᠤᠨ ᠰᠠᠯᠪᠤᠷᠢ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ ᠬᠤᠪᠢ ᠣᠷᠤᠭᠤᠯᠤᠭᠰᠠᠨ ᠡᠷᠬᠡ ᠶᠢᠨ ᠵᠠᠬ᠎ᠠ ᠳᠡᠯᠭᠡᠭᠦᠷ ᠤᠨ ᠭᠡᠷᠡᠭ ᠡᠷᠬᠢᠯᠡᠬᠦ ᠭᠠᠵᠡᠷ ᠢ ᠵᠢᠯᠤᠭᠤᠳᠤᠨ ᠠᠵᠢᠯ ᠢ ᠦᠷᠨᠢᠬᠦᠯᠦᠨ᠎ᠡ᠃      ︵ᠲᠠᠪᠤ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠡ ᠬᠠᠮᠢᠶᠠᠷᠤᠯᠲᠠ ᠶᠢᠨ ᠰᠠᠯᠠᠭ᠎ᠠ᠄ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠠᠯᠠ ᠴᠤᠭᠯᠠᠭᠤᠯᠭ᠎ᠠ ᠶᠢᠨ ᠳᠠᠭᠠᠭᠠᠯᠳᠠ ᠶᠢᠨ ᠺᠤᠮᠫᠠᠨᠢ᠂ ᠳᠡᠨᠵᠢ ᠶᠢᠨ ᠠᠷᠠᠯᠵᠢᠶ᠎ᠠ᠂ ᠪᠡᠯᠡ ᠴᠤᠭᠯᠠᠭᠤᠯᠬᠤ ᠲᠦᠷᠢᠶᠡᠰᠦᠯᠡᠯ ᠤᠨ ᠺᠣᠮᠫᠠᠨᠢ᠂ ᠬᠤᠳᠠᠯᠳᠤᠭᠠᠨ ᠤ ᠪᠠᠲᠤᠯᠠᠨ ᠤᠷᠤᠯᠠᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠳ᠋ ᠬᠥᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠬᠤᠲᠠ ᠳᠤ ᠰᠠᠭᠤᠭ᠎ᠠ ᠰᠠᠯᠪᠤᠷᠢ ᠪᠠᠶᠢᠭᠤᠯᠤᠮᠵᠢ ᠳᠤ ᠳᠤᠭᠳᠠᠭᠠᠭᠰᠠᠨ ᠡᠷᠭᠡ ᠮᠡᠳᠠᠯ ᠤᠨ ᠬᠡᠪᠴᠢᠶ᠎ᠡ ᠶᠤᠰᠤᠭᠠᠷ ᠬᠢᠨᠠᠯᠳᠡ ᠳᠠᠯᠪᠢᠨ ᠬᠠᠮᠢᠶᠠᠷᠤᠯᠳᠠ ᠬᠢᠬᠦ ᠶᠢ ᠬᠡᠷᠡᠭᠵᠢᠬᠦᠯᠦᠨ᠎ᠡ︔ ᠪᠡᠯᠡ ᠣᠷᠤᠭᠤᠯᠤᠯᠲᠠ ᠶᠢᠨ ᠺᠣᠮᠫᠠᠨᠢ᠂ ᠢᠳᠡᠭᠡᠮᠵᠢᠳᠡᠢ ᠪᠠᠷ ᠬᠠᠪᠰᠤᠷᠤᠯᠴᠠᠬᠤ ᠶᠢ ᠦᠷᠨᠢᠬᠦᠯᠵᠤ ᠪᠠᠶᠢᠭ᠎ᠠ ᠲᠠᠷᠢᠶᠠᠴᠢᠨ ᠤ ᠲᠤᠰᠬᠠᠶ ᠬᠤᠷᠰᠢᠶ᠎ᠠ᠂ ᠨᠡᠶᠢᠭᠡᠮ ᠤᠨ ᠣᠯᠠᠨ ᠨᠡᠶᠢᠲᠡ ᠠᠴᠠ ᠪᠡᠯᠡ ᠴᠤᠭᠯᠠᠭᠤᠯᠬᠤ ᠪᠠᠶᠢᠭᠤᠯᠤᠮᠵᠢ ᠵᠢᠴᠢ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠢ ᠬᠢᠨᠠᠨ ᠬᠠᠮᠢᠶᠠᠷᠤᠨ᠎ᠠ᠃      ᠲᠠᠪᠤᠳᠤᠭᠠᠷ ᠵᠦᠢᠯ   ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 13 ᠨᠡᠷᠡᠰ᠃ ᠡᠷᠬᠢᠯᠡᠭᠴᠢ 1 ᠨᠡᠷᠡᠰ᠂ ᠳᠡᠳ᠋ ᠡᠷᠬᠢᠯᠡᠭᠴᠢ 2 ᠨᠡᠷᠡᠰ ᠲᠣᠬᠢᠷᠠᠭᠤᠯᠤᠨ᠎ᠠ︔ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 9 ᠨᠡᠷᠡᠰ ︵6 ᠵᠢᠩᠬᠢᠨᠢ ︵ᠶᠡᠷᠦᠩᠬᠡᠶ ᠠᠵᠤ ᠠᠬᠤᠶᠢᠴᠢ 1 ᠨᠡᠷᠡᠰ ᠪᠠᠭᠲᠠᠨ᠎ᠠ︶ 3 ᠳᠡᠳ᠋︶  ᠃      ᠵᠢᠷᠭᠤᠳᠤᠭᠠᠷ ᠵᠦᠢᠯ   ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠡᠠ ᠭᠡᠷ ᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠳᠤᠬᠢᠷᠠᠭᠤᠯᠤᠯᠳᠠ᠂ ᠳᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰᠳᠠᠭᠠᠨ ᠲᠣᠭᠲᠠᠭᠠᠨ᠎ᠠ᠃      ᠳᠣᠯᠣᠳᠤᠭᠠᠷ ᠵᠦᠢᠯ   ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠡᠠ ᠭᠡᠷ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠡᠠ ᠭᠡᠷ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃     ᠨᠠᠢᠮᠠᠳᠤᠭᠠᠷ ᠵᠦᠢᠯ   ᠲᠣᠰ ᠲᠣᠭᠲᠠᠭᠠᠯ ᠢ 2019 ᠣᠨ ᠤ 9 ᠰᠠᠷ᠎ᠠ ᠶᠢᠨ 30 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠵᠢᠯᠯᠠᠬᠤ ᠬᠠᠶ᠋ᠢᠭ᠄ ᠬᠢᠶ᠎ᠠ ᠪᠠᠭᠰᠢ ᠲᠣᠭᠤᠷᠢᠭ ᠤᠨ ᠪᠥᠸᠧ ᠢᠦᠶ ᠱᠧᠩ ᠳ᠋ᠡ ᠬᠤᠳᠠᠯᠳᠤᠭᠠᠨ ᠤ ᠲᠠᠯᠠᠪᠠᠶ ᠶᠢᠨ ᠲᠠᠪᠤᠳᠤᠭᠠᠷ ᠳᠠᠪᠬᠤᠷᠭ᠎ᠠ      ᠠᠯᠪᠠᠯᠠᠬᠤ ᠤᠲᠠᠰᠤ᠄  0477 ︱ 8580995      ᠠᠵᠢᠯᠯᠠᠬᠤ ᠴᠠᠭ᠄    9᠄ 00 ︱ 12᠄ 00   14᠄ 00 ︱ 17᠄ 30      ᠰᠢᠦᠳᠠᠨ ᠳ᠋ᠤᠭᠠᠷ᠄    017000 ᠡᠭᠦᠳᠡ ᠡᠷᠦᠬᠡ ᠶᠢᠨ      ᠰᠦᠯᠵᠢᠶᠡᠨ ᠬᠠᠶ᠋ᠢᠭ᠄ http://jrb.ordos.gov.cn/                          
ᠢᠷᠡᠯᠲᠡ᠄ ᠲᠣᠰ ᠰᠥᠯᠵᠢᠶ᠎ᠠ