ᠣᠷᠳᠣᠰ ᠬᠤᠲᠠ ᠶᠢᠨ ᠭᠤᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠭᠠᠷ  ᠤᠷᠠᠯᠠᠯ ᠤᠨ ᠪᠦᠲᠦᠭᠡᠭᠳᠡᠬᠦᠨ ᠤ ᠪᠤᠯᠪᠡᠰᠦᠷᠡᠯ ᠤᠷᠤᠭᠰᠢᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2021/9/27
     ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠡᠵᠡᠮᠳᠡᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠬᠤ ᠶᠢᠨ ᠲᠥᠯᠥᠭᠡ ᠤᠷᠳᠤᠰ ᠬᠤᠳᠠ ᠶᠢᠨ ᠭᠤᠷᠪᠠᠳᠤᠭᠠᠷ ᠬᠤᠭᠤᠴᠠᠭᠠᠨ ᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠪᠤᠯᠪᠡᠰᠦᠷᠡᠯ ᠤᠨ ᠠᠩᠬᠢ ᠤᠢᠢᠷ᠎ᠠ ᠳᠤ ᠤᠳᠤᠭ ᠤᠨ ᠡᠮᠦᠨᠡᠲᠦ ᠬᠤᠰᠢᠭᠤᠨ ᠤ ᠦᠨᠳᠦᠰᠦᠲᠡᠨ ᠤ ᠠᠵᠢᠯ ᠮᠡᠷᠭᠡᠵᠢᠯ ᠤᠨ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠭ᠎ᠠ ᠡᠬᠢᠯᠡᠭᠰᠡᠨ ᠪᠠᠶᠢᠨ᠎ᠠ᠃      ᠪᠤᠯᠪᠡᠰᠦᠷᠡᠯ ᠨᠢ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠤᠯᠠᠮᠵᠢᠯᠠᠵᠤ᠂ ᠬᠠᠮᠠᠭᠠᠯᠠᠵᠤ᠂ ᠬᠥᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠦᠳᠡᠭᠡ ᠲᠤᠰᠬᠤᠨ ᠢ ᠬᠦᠭᠵᠢᠬᠦᠯᠬᠦ ᠲᠠᠢ ᠪᠦᠲᠦᠮᠵᠢᠲᠡᠢ ᠵᠣᠯᠭᠠᠭᠤᠯᠬᠤ ᠶᠢ ᠪᠠᠲᠤᠳᠬᠠᠨ ᠳᠡᠭᠡᠭᠰᠢᠯᠡᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠪᠠ ᠠᠵᠢᠯᠳᠠᠨ ᠤ ᠪᠠᠲᠤᠯᠠᠭ᠎ᠠ ᠬᠠᠩᠭᠠᠬᠤ ᠪᠠᠷ ᠵᠣᠷᠢᠯᠭ᠎ᠠ ᠪᠠᠨ ᠪᠤᠯᠭᠠᠵᠠᠢ᠃ ᠲᠣᠰ ᠤᠳᠠᠭᠠᠨ ᠤ ᠪᠣᠯᠪᠠᠰᠤᠷᠠᠯ ᠨᠢ 15 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠦᠨᠳᠦᠰᠦᠲᠡᠨ ᠤ ᠬᠤᠪᠴᠠᠰᠤ ᠬᠤᠨᠠᠷ᠂ ᠬᠠᠳᠬᠤᠮᠠᠯ᠂ ᠦᠨᠳᠦᠰᠦᠲᠡᠨ ᠤ ᠵᠠᠰᠠᠯ ᠵᠢᠮᠰᠡᠭ᠂ ᠠᠷᠠᠰᠤᠨ ᠰᠡᠶᠢᠯᠦᠮᠡᠯ ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠯ ᠡᠷᠬᠢᠯᠡᠵᠤ᠂ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠬᠢᠴᠢᠶᠡᠯ ᠣᠷᠣᠭᠤᠯᠬᠤ᠂ ᠲᠤᠬᠠᠶ ᠶᠢᠨ ᠲᠠᠯᠠᠪᠤᠷ ᠲᠤ ᠠᠵᠢᠯᠯᠠᠭᠤᠯᠬᠤ ᠵᠡᠷᠭᠡ ᠬᠡᠯᠪᠡᠷᠢ ᠪᠠᠷ ᠶᠠᠪᠤᠭᠳᠠᠬᠰᠠᠨ ᠪᠠᠶᠢᠨ᠎ᠠ᠃ ᠪᠥᠬᠦ ᠬᠤᠲᠠ ᠶᠢᠨ ᠡᠯ᠎ᠡ ᠬᠤᠰᠢᠭᠤ ᠲᠣᠭᠤᠷᠢᠭ ᠤᠨ ᠬᠤᠲᠠ ᠣᠷᠣᠵᠤ ᠠᠵᠢᠯ ᠬᠦᠯᠢᠶᠡᠵᠦ ᠪᠠᠶᠢᠭ᠎ᠠ ᠵᠠᠯᠠᠭᠤᠴᠤᠳ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶ᠋ᠯᠡᠳᠬᠦ ᠰᠠᠭᠤᠷᠢ ᠲᠠᠢ ᠬᠥᠮᠦᠰ ᠵᠢᠴᠢ ᠦᠨᠳᠦᠰᠦᠳᠡᠨ ᠤ ᠭᠠᠷ ᠤᠷᠠᠯᠠᠯ ᠳᠤ ᠳᠤᠷ᠎ᠠ ᠪᠠᠬ᠎ᠠ ᠲᠠᠢ ᠨᠡᠶᠢᠳᠡ ᠲᠦᠴᠢ ᠭᠠᠷᠤᠢ ᠬᠥᠮᠦᠰ ᠪᠣᠯᠪᠠᠰᠤᠷᠠᠯ ᠳᠤ ᠣᠷᠣᠯᠴᠠᠵᠠᠶ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号