ᠡᠨᠡ ᠵᠢᠯ ᠮᠠᠨ ᠤ ᠣᠷᠣᠨ ᠡᠷᠳᠡᠨᠢ ᠰᠢᠰᠢ ᠶᠢᠨ ᠡᠰᠢ ᠰᠦᠷᠡᠯ ᠢᠶᠠᠷ ᠭᠤᠤᠯ ᠪᠣᠯᠭᠠᠨ ᠨᠡᠷᠡᠨ ᠬᠤᠸᠠᠷ ᠪᠠ ᠤᠰᠤᠨ ᠲᠤᠲᠤᠷᠭ᠎ᠠ ᠵᠡᠷᠭᠡ ᠪᠤᠰᠤᠳ ᠲᠠᠷᠢᠮᠠᠯ ᠤᠨ | ᠡᠰᠢ ᠰᠦᠷᠡᠯ ᠢ ᠪᠠᠭᠳᠠᠭᠠᠭᠰᠠᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠨᠢᠭᠡ ᠪᠦᠯᠦᠭ ᠭᠤᠤᠯᠳᠠᠯᠭ᠎ᠠ ᠲᠠᠢ ᠬᠤᠰᠢᠭᠤ ᠰᠢᠶᠠᠨ ᠢ ᠪᠦᠳᠦᠬᠡᠨ ᠪᠠᠶᠢᠭᠤᠯᠵᠦ᠂ | ᠨᠢᠭᠡ ᠪᠦᠯᠦᠭ ᠭᠤᠤᠯᠳᠠᠯᠭ᠎ᠠ ᠲᠠᠢ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ ᠪᠤᠯᠤᠨ ᠠᠵᠤ ᠠᠬᠤᠶᠢᠯᠠᠯ ᠢ ᠲᠡᠳᠬᠦᠨ | ᠬᠦᠭᠵᠢᠬᠦᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠵᠤ᠂ ᠡᠰᠢ ᠰᠦᠷᠡᠯ ᠤᠨ ᠠᠵᠤ ᠦᠢᠯᠡᠰᠵᠢᠭᠰᠡᠨ ᠬᠥᠭᠵᠢᠯᠲᠡ ᠶᠢ ᠲᠦᠷᠭᠡᠳᠬᠡᠨ | ᠠᠬᠢᠭᠤᠯᠵᠦ ᠪᠤᠢ᠃ ᠡᠭᠦᠨ ᠤ ᠬᠠᠮᠲᠤ ᠳᠠᠭᠠᠭᠤᠯᠤᠭᠴᠢ ᠠᠵᠤ ᠠᠬᠤᠶᠢᠯᠠᠯ ᠢᠶᠠᠷ ᠭᠤᠤᠯ ᠪᠣᠯᠭᠠᠨ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠭᠰᠠᠨ ᠡᠰᠢ ᠰᠦᠷᠡᠯ ᠢ ᠬᠤᠷᠢᠶᠠᠨ ᠬᠠᠳᠠᠭᠠᠯᠠᠵᠤ ᠲᠠᠬᠡᠬᠡᠪᠤᠷᠢᠯᠡᠵᠤ ᠬᠡᠷᠡᠭᠯᠡᠬᠦ ᠰᠢᠰᠲ᠋ᠧᠮ ᠢ ᠪᠠᠶᠢᠭᠤᠯᠵᠤ᠂ | ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠤᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠮᠠᠯᠴᠢᠨ ᠲᠠᠷᠢᠶᠠᠴᠢᠨ ᠣᠷᠣᠯᠴᠠᠭᠰᠠᠨ ᠡᠰᠢ | ᠰᠦᠷᠡᠯ ᠢ ᠶᠡᠷᠦᠩᠬᠡᠶᠢᠯᠡᠨ ᠠᠰᠢᠬᠯᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠪᠠᠶᠢᠭᠤᠯᠵᠦ ᠪᠠᠶᠢᠨ᠎ᠠ᠃ | ᠡᠨᠡ ᠵᠢᠯ ᠲᠦᠪ ᠤᠨ ᠡᠳ᠋ ᠤᠨ ᠵᠠᠰᠠᠭ ᠠᠴᠠ ᠮᠠᠨ ᠤ ᠤᠷᠤᠨ ᠳᠤ 17142 ᠲᠦᠮᠡᠨ ᠲᠥᠭᠦᠷᠢᠭ ᠤᠨ ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠥᠷᠥᠯ | ᠵᠦᠢᠯ ᠤᠨ ᠪᠠᠯᠠ ᠮᠥᠩᠭᠦ ᠪᠠᠭᠤᠯᠭᠠᠵᠤ᠂ ᠬᠢᠵᠠᠭᠠᠷᠯᠠᠬᠤ ᠴᠢᠨᠠᠷᠲᠠᠶ ᠡᠭᠦᠷᠭᠡ ᠶᠢᠨ ᠬᠤᠪᠢ ᠪᠠᠷ ᠮᠠᠨ ᠤ ᠣᠷᠣᠨ ᠤ 9 ᠠᠶᠢᠮᠠᠭ ᠬᠤᠲᠠ ᠶᠢᠨ 20 ᠬᠤᠰᠢᠭᠤ | ᠰᠢᠶᠠᠨ ᠳᠤ ᠲᠤᠰ ᠲᠦᠷᠦᠯ ᠵᠦᠢᠯ ᠢ ᠬᠡᠷᠡᠭᠵᠢᠭᠦᠯᠬᠦ ᠪᠠᠷ ᠲᠤᠭᠳᠠᠵᠠᠢ᠃ ᠡᠭᠦᠨ ᠳᠤ᠂ ᠬᠥᠬᠡᠬᠤᠲᠠ ᠪᠣᠯᠤᠨ ᠪᠤᠭᠤᠲᠤ ᠬᠤᠲᠠ ᠶᠢᠨ 10 ᠲᠦᠮᠡᠨ ᠲᠣᠨ ᠠᠴᠠ | ᠳᠡᠭᠡᠭᠰᠢ ᠡᠰᠢ ᠰᠦᠷᠡᠯ ᠴᠤᠭᠯᠠᠭᠤᠯᠵᠤ ᠲᠡᠶᠢᠯᠬᠦ ᠬᠤᠰᠢᠭᠤ ᠰᠢᠶᠠᠨ ᠢ ᠪᠦᠬᠦᠨ ᠢ ᠪᠠᠭᠳᠠᠭᠠᠨ ᠤᠷᠤᠭᠤᠯᠤᠨ᠎ᠠ︔ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠲᠥᠷᠥᠯ ᠵᠦᠢᠯ ᠤᠨ ᠭᠤᠤᠯᠳᠠᠯᠭ᠎ᠠ ᠲᠠᠢ ᠬᠤᠰᠢᠭᠤ ᠪᠤᠯᠬᠤᠷ ᠲᠤᠰ ᠬᠤᠰᠢᠭᠤᠨ ᠳᠤ ᠨᠥᠬᠦᠪᠥᠷᠢ ᠶᠢᠨ ᠲᠦᠷᠢᠮ ᠢ ᠡᠭᠦᠳᠦᠨ | ᠪᠠᠶᠢᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠦᠷᠨᠢᠭᠦᠯᠦᠨ᠎ᠡ︔ ᠡᠯ᠎ᠡ ᠠᠶᠢᠮᠠᠭ ᠬᠤᠲᠠ ᠶᠢᠨ ᠬᠢᠨ ᠬᠦᠴᠦᠨ ᠵᠦᠢᠯ ᠤᠨ | ᠬᠤᠪᠢᠶᠠᠷᠢᠯᠠᠯᠲᠠ ᠶᠢᠨ ᠠᠷᠭ᠎ᠠ ᠪᠠᠷ ᠲᠥᠷᠥᠯ ᠵᠦᠢᠯ ᠤᠨ ᠬᠤᠰᠢᠭᠤ ᠰᠢᠶᠠᠨ ᠢᠶᠠᠨ ᠰᠤᠳᠤᠯᠤᠨ ᠲᠣᠭᠲᠠᠭᠠᠬᠤ ᠪᠤᠯᠤᠨ᠎ᠠ᠃ ᠲᠥᠪ ᠤᠨ ᠡᠳ᠋ ᠤᠨ ᠵᠠᠰᠠᠭ ᠤᠨ ᠪᠡᠯᠡ | ᠮᠥᠩᠭᠦ ᠶᠢ ᠭᠤᠣᠯᠳᠠᠭᠤ ᠡᠰᠢ ᠰᠦᠷᠡᠯ ᠢ ᠬᠡᠮᠬᠡᠯᠡᠬᠦ᠂ ᠬᠤᠷᠢᠶᠠᠨ ᠴᠤᠭᠯᠠᠭᠤᠯᠵᠤ ᠪᠣᠭᠤᠳᠠᠯᠯᠠᠬᠤ᠂ ᠡᠳ᠋ᠰᠢᠭᠦᠯᠵᠦ ᠬᠠᠲᠠᠭᠤᠷᠠᠭᠤᠯᠬᠤ᠂ ᠰᠢᠭᠤᠳ ᠤᠨᠳᠤᠤᠰᠢᠭᠤᠯᠵᠤ | ᠬᠠᠳᠠᠭᠠᠯᠠᠬᠤ᠂ ᠠᠮᠢᠳᠤ ᠪᠣᠳᠠᠰ ᠤᠨ ᠡᠨᠧᠷᠭᠢ ᠠᠷᠪᠢᠯᠠᠬᠤ ᠵᠤᠤᠬ᠎ᠠ ᠵᠡᠷᠭᠡ ᠶᠢᠨ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠪᠠ ᠡᠰᠢ ᠰᠦᠷᠡᠯ ᠢ ᠲᠠᠷᠢᠶᠠᠨ | ᠭᠠᠵᠠᠷ ᠲᠤ ᠪᠤᠴᠠᠭᠠᠬᠤ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠳᠤ ᠨᠦᠬᠦᠪᠤᠷᠢ ᠪᠤᠯᠭᠠᠨ ᠬᠡᠷᠡᠭᠯᠡᠨ᠎ᠡ᠃ ᠬᠡᠬᠦ ᠳᠡᠭᠡᠨ ᠲᠷᠠᠺᠲ᠋ᠣᠷ ᠵᠡᠷᠭᠡ ᠲᠣᠮᠣ | ᠬᠡᠯᠪᠡᠷᠢ ᠶᠢᠨ ᠬᠥᠳᠡᠯᠭᠡᠬᠦ ᠬᠦᠴᠦᠨ ᠤ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠳᠤ ᠬᠡᠷᠡᠭᠯᠡᠵᠦ ᠪᠣᠯᠬᠤ ᠦᠭᠡᠶ ᠪᠦᠬᠡᠳ ᠲᠠᠩ ᠭᠠᠭᠴᠠ ᠪᠥᠲᠥᠭᠡᠨ | ᠪᠠᠶᠢᠭᠤᠯᠤᠯᠲᠠ ᠶᠢᠨ ᠪᠡᠶᠡᠴᠢ ᠴᠣᠭᠴᠠ ᠳᠤ ᠤᠯᠭᠤᠬᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ | ᠥᠬᠡᠶ᠃ ᠡᠯ᠎ᠡ ᠠᠶᠢᠮᠠᠭ ᠬᠤᠲᠠ ᠬᠤᠰᠢᠭᠤ ᠰᠢᠶᠠᠨ ᠨᠢ ᠤᠷᠤᠨ ᠨᠤᠳᠤᠭ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠨᠥᠬᠦᠪᠥᠷᠢ ᠶᠢᠨ ᠬᠡᠯᠪᠡᠷᠢ᠂ ᠨᠥᠬᠦᠪᠥᠷᠢ ᠶᠢᠨ | ᠪᠠᠷᠢᠮᠵᠢᠶ᠎ᠠ ᠪᠣᠯᠤᠨ ᠨᠥᠬᠦᠪᠥᠷᠢ ᠶᠢᠨ ᠬᠢᠵᠠᠭᠠᠷ ᠵᠡᠷᠭᠡ ᠶᠢ ᠲᠣᠭᠲᠠᠭᠠᠵᠤ ᠪᠣᠯᠤᠨ᠎ᠠ᠃ | ᠡᠰᠢ ᠰᠦᠷᠡᠯ ᠢ ᠶᠡᠷᠦᠩᠬᠡᠶᠢᠯᠡᠨ ᠠᠰᠢᠬᠯᠠᠬᠤ ᠲᠥᠷᠥᠯ ᠵᠦᠢᠯ ᠨᠢ ᠡᠰᠢ ᠰᠦᠷᠡᠯ ᠢ ᠪᠤᠷᠳᠤᠭ᠎ᠠ ᠪᠤᠯᠭᠠᠬᠤ᠂ ᠪᠤᠷᠳᠤᠭᠤᠷ ᠪᠤᠯᠭᠠᠬᠤ ᠪᠠ ᠲᠦᠯᠡᠰᠢ ᠪᠤᠯᠭᠠᠬᠤ ᠪᠠᠷ | ᠭᠤᠣᠯ ᠴᠢᠭᠯᠡᠯ ᠢᠶᠠᠨ ᠪᠣᠯᠭᠠᠨ᠎ᠠ᠃ ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂ ᠮᠢᠬᠠᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠡᠰᠢ | ᠰᠦᠷᠡᠯ ᠢ ᠬᠦᠬᠡ ᠪᠠᠷ ᠲᠠᠷᠤᠰᠢᠭᠤᠯᠬᠤ᠂ ᠮᠢᠺᠷᠤᠪᠵᠢᠭᠤᠯᠤᠨ ᠲᠠᠷᠤᠰᠢᠭᠤᠯᠬᠤ ᠵᠡᠷᠬᠡ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠎ᠡ᠃ ᠲᠡᠵᠢᠭᠡᠯ ᠪᠣᠷᠳᠤᠭ᠎ᠠ | ᠦᠢᠯᠡᠳᠪᠦᠷᠢᠯᠡᠬᠦ ᠠᠵᠤ ᠠᠬᠤᠶᠢᠯᠠᠯ᠂ ᠡᠪᠡᠰᠦᠨ ᠤ ᠦᠢᠯᠡᠰ ᠤᠨ ᠲᠤᠰᠬᠠᠶᠢᠵᠢᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ᠂ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠲᠠᠯᠠᠪᠠᠢ ᠶᠢᠨ ᠬᠢᠨ ᠤ ᠮᠠᠯᠵᠢᠬᠤ ᠲᠠᠷᠢᠶᠠᠯᠠᠬᠤ ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠲᠤᠰᠬᠠᠢ | ᠬᠤᠷᠰᠢᠶ᠎ᠠ ᠯᠤᠭ᠎ᠠ ᠵᠠᠬᠢᠶᠠᠯᠠᠭ᠎ᠠ ᠲᠤᠭᠳᠠᠵᠤ ᠪᠠᠶᠢᠭᠠᠳ ᠡᠰᠢ ᠰᠦᠷᠡᠯ ᠢ ᠨᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ︔ ᠡᠰᠢ ᠰᠦᠷᠡᠯ ᠢ ᠲᠠᠷᠢᠶᠠᠨ ᠭᠠᠵᠠᠷ ᠲᠤ | ᠪᠤᠴᠠᠭᠠᠬᠤ᠂ ᠡᠰᠢ ᠰᠦᠷᠡᠯ ᠢ ᠲᠠᠷᠢᠶᠠᠨ ᠭᠠᠵᠠᠷ ᠠᠴᠠ ᠰᠠᠯᠭᠠᠬᠤ ᠠᠵᠢᠯ ᠢ ᠠᠬᠢᠭᠤᠯᠵᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠮᠠᠰᠢᠨ | ᠲᠦᠬᠦᠬᠡᠷᠦᠮᠵᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠡᠰᠢ ᠰᠦᠷᠡᠯ ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ ᠲᠠᠸᠠᠷ ᠤᠨ ᠣᠷᠭᠠᠨᠢᠭ ᠪᠣᠷᠳᠣᠭᠤᠷ | ᠦᠢᠯᠡᠳᠪᠤᠷᠢᠯᠡᠬᠦ ᠶᠢ ᠶᠡᠭᠡ ᠪᠠᠷ ᠳᠡᠯᠭᠡᠷᠡᠭᠦᠯᠦᠨ᠎ᠡ︔ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠥᠳᠡᠭᠡ ᠲᠣᠰᠬᠤᠨ ᠤ ᠣᠷᠣᠰᠢᠨ ᠠᠮᠢᠳᠤᠷᠠᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠰᠠᠶᠢᠵᠢᠷᠠᠭᠤᠯᠬᠤ ᠲᠠᠢ ᠤᠶᠠᠯᠳᠤᠭᠤᠯᠤᠨ ᠡᠰᠢ ᠰᠦᠷᠡᠯ ᠢ ᠰᠢᠲᠠᠮᠠᠬᠠᠶ ᠬᠡᠶ ᠶᠢᠨ ᠴᠡᠪᠡᠷ ᠡᠨᠧᠷᠭᠢ ᠪᠤᠯᠭᠠᠨ ᠠᠰᠢᠬᠯᠠᠬᠤ | ᠢᠨᠵᠧᠨᠧᠷᠢᠩ ᠢ ᠳᠡᠯᠭᠡᠷᠡᠭᠦᠯᠵᠦ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠠᠶᠢᠯ ᠳᠤᠭᠤᠶᠢᠯᠠᠩ ᠤᠨ ᠬᠢᠨ ᠤ ᠲᠤᠬᠠᠶ ᠶᠢᠨ ᠭᠠᠵᠠᠷ ᠲᠠᠭᠠᠨ᠂ ᠣᠶᠢᠷ᠎ᠠ | ᠬᠠᠪᠢ ᠳᠠᠭᠠᠨ ᠡᠰᠢ ᠰᠦᠷᠡᠯ ᠢ ᠲᠦᠯᠡᠰᠢ ᠪᠤᠯᠭᠠᠨ ᠬᠠᠲᠠᠭᠤᠷᠠᠭᠤᠯᠵᠤ ᠬᠡᠪᠰᠢᠭᠦᠯᠬᠦ ᠦᠢᠯᠡᠳᠪᠦᠷᠢᠯᠡᠯ ᠤᠨ ᠴᠡᠭ ᠪᠠᠶᠢᠭᠤᠯᠬᠤ ᠶᠢ ᠵᠣᠷᠢᠭᠵᠢᠭᠤᠯᠤᠨ᠎ᠠ᠃ | |