ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠰᠢᠨ᠎ᠡ ᠡᠨᠧᠷᠭᠢ ᠶᠢᠨ ᠳᠡᠭᠡᠳᠦ ᠳᠡᠰ ᠤᠨ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/9/29
     9 ᠰᠠᠷ᠎ᠠ ᠶᠢᠨ 28᠎ ᠤ ᠡᠳᠦᠷ᠂ ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠰᠢᠨ᠎ᠡ ᠡᠨᠧᠷᠭᠢ ᠶᠢᠨ ᠳᠡᠭᠡᠳᠦ ᠳᠡᠰ ᠤᠨ ᠪᠦᠭᠦᠳᠡ ᠬᠤᠷᠠᠯ ᠬᠤᠷᠠᠯᠳᠥᠪᠡ᠃ ᠠᠷᠪᠠᠨ ᠬᠤᠶᠠᠳᠤᠭᠠᠷ ᠬᠤᠭᠤᠴᠠᠭᠠᠨ ᠤ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠰᠥᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠤᠨ ᠲᠡᠷᠢᠭᠦᠯᠡᠭᠴᠢ᠂ ᠳᠤᠮᠳᠠᠳᠤ ᠤᠯᠤᠰ ᠤᠨ ᠨᠡᠶᠢᠳᠡ ᠶᠢᠨ ᠠᠰᠠᠷᠠᠮᠵᠢ ᠶᠢᠨ ᠨᠡᠶᠢᠬᠡᠮᠯᠢᠭ ᠤᠨ ᠲᠡᠷᠢᠭᠦᠯᠡᠭᠴᠢ ᠸᠠᠩ ᠵᠢᠶᠠ ᠷᠦᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳᠤ ᠬᠤᠢ ᠯᠢᠶᠡᠩ ᠬᠤᠷᠠᠯ ᠳᠤ ᠣᠷᠣᠯᠴᠠᠭᠰᠠᠨ ᠤ ᠬᠠᠮᠳᠤ ᠶᠠᠷᠢᠶ᠎ᠠ ᠲᠠᠯᠪᠢᠵᠠᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠣ ᠵᠠᠨ ᠱᠸᠡᠭ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠳ᠋ᠥ᠋ ᠬᠤᠢ ᠯᠢᠶᠡᠩ ᠶᠠᠷᠢᠶᠠᠨ ᠳᠠᠭᠠᠨ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠳᠥᠭᠦᠮ ᠲᠠᠨᠢᠯᠴᠠᠭᠤᠯᠪᠠ᠃ ᠲᠡᠷᠡ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠣᠷᠭᠢᠯ ᠬᠡᠮᠵᠢᠭᠳᠡᠯ ᠳᠤ ᠬᠥᠷᠬᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠬᠦᠯᠬᠦ ᠪᠤᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠬᠤᠶᠠᠷ ᠶᠡᠭᠡ ᠲᠠᠯ᠎ᠠ︾᠎ ᠶᠢ ᠨᠢᠭᠡᠳᠦᠯᠲᠡᠢ ᠲᠥᠯᠥᠪᠯᠡᠵᠦ᠂ ᠳᠤᠮᠳᠠᠳᠤ ᠤᠯᠤᠰ ᠤᠨ ᠦᠷᠭᠦᠯᠵᠢᠯᠡᠬᠦ᠋ᠢᠴᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠲᠤᠷᠠᠳᠤᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠴᠤᠭᠴᠠᠯᠠᠬᠤ ᠡᠬᠦᠷᠬᠡᠯᠡᠯ ᠬᠠᠷᠢᠭᠤᠴᠠᠯᠭ᠎ᠠ ᠶᠢ ᠬᠠᠷᠠᠭᠤᠯᠵᠤ ᠪᠠᠶᠢᠨ᠎ᠠ᠃ ᠣᠷᠳᠣᠰ ᠨᠢ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ︽ᠬᠤᠣᠰ ᠨᠡᠭᠦᠷᠡᠰᠦᠳᠦ᠋ᠷᠦᠭᠴᠢ︾᠎ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠡᠶᠢᠴᠢᠯᠠᠨ᠂ ᠪᠣᠬᠢᠷᠲᠤᠯ ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠬᠥᠭᠵᠢᠯᠲᠡ ᠶᠢ ᠠᠬᠢᠭᠤᠯᠬᠤ ᠨᠢ ︽ᠤᠯᠤᠰ ᠤᠨ ᠶᠡᠭᠡ ᠶᠠᠪᠤᠳᠠᠯ︾᠎ ᠢ ᠠᠳᠬᠤᠬᠤ ᠪᠣᠳᠠᠲᠤ ᠠᠵᠢᠯᠯᠠᠭ᠎ᠠ᠂ ᠮᠥᠨ ᠴᠤ ᠭᠠᠵᠠᠷ ᠣᠷᠣᠨ ᠤ ᠴᠢᠨᠠᠷ ᠰᠠᠶᠢᠳᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠥᠬᠡᠢ ᠰᠣᠩᠭᠤᠯᠲᠠ ᠮᠥᠨ ᠬᠡᠵᠥ ᠵᠢᠭᠠᠵᠥ ᠭᠠᠷᠭᠠᠪᠠ᠃      ᠳ᠋ᠥ᠋ ᠬᠤᠢ ᠯᠢᠶᠡᠩ ᠣᠳᠣᠬᠠᠨ ᠳᠤ ᠣᠷᠳᠣᠰ ᠬᠤᠲᠠ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠳᠡ ᠶᠢ ᠨᠠᠶᠢᠳᠠᠪᠤᠷᠢᠵᠢᠭᠤᠯᠤᠨ᠂ ᠰᠢᠨ᠎ᠡ ᠡᠨᠧᠷᠬᠢ ᠶᠢ ᠬᠥᠭᠵᠢᠭᠦᠯᠬᠦ ᠪᠤᠯ ᠨᠢᠬᠡᠨᠳᠡ ᠲᠥᠯᠥᠪᠰᠢᠷᠡᠭᠰᠡᠨ ᠵᠠᠶᠢᠯᠠᠰᠢ ᠥᠬᠡᠢ ᠬᠠᠨᠳᠤᠰᠢ ᠪᠤᠯᠬᠤ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠮᠠᠨ ᠤ ᠬᠤᠲᠠ ᠠᠮᠢ ᠠᠬᠤᠢ ᠶᠢ ᠤᠷᠢᠳ ᠢᠶᠠᠷ ᠪᠤᠳᠤᠯᠭᠢᠯᠠᠨ᠂ ᠪᠣᠬᠢᠷᠲᠤᠯ ᠥᠬᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠳᠠᠢ ᠬᠥᠭᠵᠢᠯᠲᠡ ᠶᠢᠨ ᠰᠢᠨ᠎ᠡ ᠵᠠᠮ ᠤᠨ ᠤᠷᠢᠳ ᠢᠶᠠᠷ ᠭᠡᠷᠡᠭᠵᠢᠭᠦᠯᠭᠦ ᠤᠷᠤᠨ ᠢ ᠪᠦᠳᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ ᠲᠤᠬᠳᠠᠭᠠᠯᠳᠠ ᠶᠢ ᠲᠣᠭᠲᠠᠭᠠᠨ᠂ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠬᠤ ᠶᠢ ᠶᠡᠭᠡ ᠪᠠᠷ ᠬᠡᠷᠡᠭᠵᠢᠬᠦᠯᠵᠥ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ᠂ ᠰᠢᠶᠠᠨ ᠤ ᠤᠷᠤᠨ ᠪᠦᠰᠡ ᠶᠢᠨ ᠠᠵᠤ ᠠᠬᠤᠢ ᠶᠢ ᠲᠡᠭᠢᠨ ᠢᠶᠠᠷ ᠨᠡᠮᠡᠭᠳᠡᠭᠦᠯᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠴᠢᠨᠠᠷᠵᠢᠯ ᠢ ᠳᠡᠭᠡᠭᠰᠢᠯᠡᠭᠦᠯᠬᠦ ︽ᠳᠥᠷᠪᠡᠨ ᠶᠡᠭᠡ ᠠᠵᠢᠯᠯᠠᠭ᠎ᠠ︾᠎ ᠶᠢ ᠬᠦᠴᠦᠯᠡᠨ ᠪᠡᠶᠡᠯᠡᠭᠦᠯᠵᠦ᠂ ᠠᠵᠥ ᠠᠬᠤᠢ ᠨᠡᠩ ᠬᠦᠴᠦᠷᠬᠡᠭ᠂ ᠬᠥᠳᠡᠯᠭᠡᠭᠴᠢ ᠬᠦᠴᠦᠨ ᠨᠡᠩ ᠭᠦᠢᠴᠡᠳ᠂ ᠠᠮᠢ ᠠᠬᠤᠢ ᠨᠡᠩ ᠰᠢᠯᠢᠳᠡᠭ᠂ ᠪᠤᠶᠠᠨ ᠭᠡᠰᠢᠭ ᠨᠡᠩ ᠵᠤᠵᠠᠭᠠᠨ ᠤᠷᠳᠤᠰ ᠢ ᠴᠢᠷᠮᠠᠶᠢᠨ ᠪᠦᠳᠦᠭᠡᠨ ᠪᠠᠶᠢᠭᠤᠯᠬᠤ ᠪᠤᠯᠤᠨ᠎ᠠ᠃ ︽ᠬᠤᠤᠰ ᠨᠡᠭᠦᠷᠡᠰᠦᠳᠦ᠋ᠷᠦᠭᠴᠢ︾᠎ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠵᠢᠷᠤᠭ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠥ᠂ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ ᠪᠠ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠂ ︽ᠬᠤᠣᠰ ᠨᠡᠭᠦᠷᠡᠰᠦᠳᠦ᠋ᠷᠦᠭᠴᠢ︾᠎ ᠶᠢᠨ ᠬᠠᠷᠠᠯᠲᠠ ᠯᠤᠭ᠎ᠠ ᠵᠣᠬᠢᠴᠠᠯᠳᠤᠭᠰᠠᠨ ᠳᠦᠷᠢᠮ ᠤᠨ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠳᠤ ᠣᠢᠢᠯᠠᠭᠠᠭᠳᠠᠬᠤᠨ᠂ ᠠᠵᠢᠯᠯᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭᠠᠨ ᠳᠤ ᠭᠦᠨᠵᠡᠭᠡᠢ ᠠᠭᠤᠰᠤᠯᠴᠠᠭᠤᠯᠤᠨ᠎ᠠ ᠬᠡᠵᠥ ᠢᠯᠡᠷᠬᠡᠶᠢᠯᠡᠪᠡ᠃      ᠬᠤᠷᠠᠯ ᠳᠤ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠶᠡᠷᠦᠩᠬᠡᠢ ᠢᠨᠵᠧᠨᠧᠷ ᠰᠢᠶᠡᠩ ᠬᠠᠢ ᠫᠢᠡᠭ᠂ ᠰᠯᠤᠸᠠᠺᠢᠶ᠎ᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠳ᠋ᠥ᠋ᠱᠡᠩ ᠪᠧᠢᠢᠯᠠ ᠂ ︽ᠨᠢᠭᠡ ᠪᠦᠰᠡ ᠨᠢᠭᠡ ᠵᠠᠮ︾᠎ ᠤᠨ ᠪᠣᠬᠢᠷᠲᠤᠯ ᠦᠭᠡᠢ ᠬᠥᠭᠵᠢᠯᠲᠡ ᠶᠢᠨ ᠣᠯᠠᠨ ᠤᠯᠤᠰ ᠤᠨ ᠰᠤᠳᠤᠯᠭᠠᠨ ᠤ ᠬᠦᠷᠢᠶᠡᠯᠡᠩ ᠤᠨ ᠬᠤᠯᠪᠤᠭᠠᠳᠤ ᠲᠡᠷᠢᠭᠦᠯᠡᠭᠴᠢ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠣᠷᠴᠢᠨ ᠲᠣᠭᠤᠷᠢᠨ ᠤ ᠵᠠᠬᠢᠷᠭ᠎ᠠ ᠶᠢᠨ ᠤᠤᠯ ᠤᠨ ᠭᠦᠢᠴᠡᠳᠬᠡᠭᠴᠢ ᠡᠷᠬᠢᠯᠡᠭᠴᠢ ᠠᠶᠢᠯᠢᠺ · ᠰᠤᠷᠬᠠᠢᠢᠮ᠂ ᠳᠤᠮᠳᠠᠳᠤ ᠤᠯᠤᠰ ᠤᠨ ᠣᠯᠠᠨ ᠨᠡᠶᠢᠲᠡ ᠶᠢᠨ ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠳᠠᠷᠤᠭ᠎ᠠ ᠡᠦ ᠬᠠᠢ ᠯᠦᠩ᠂ ᠳᠤᠮᠳᠠᠳᠤ ᠤᠯᠤᠰ ᠤᠨ ᠬᠥᠬᠡᠮᠦ᠋ᠷᠡᠨ ᠤ ᠭᠤᠷᠪᠠᠯᠵᠢᠨ ᠬᠤᠶᠢᠭ ᠤᠨ ᠰᠢᠨ᠎ᠡ ᠡᠨᠧᠷᠭᠢ ᠶᠢᠨ ︵ᠪᠦᠯᠦᠭᠯᠡᠯ︶ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠡᠳ᠋ ᠶᠡᠷᠤᠩᠬᠡᠢ ᠲᠠᠭᠠᠭᠠᠮᠠᠯ ᠵᠢᠴᠢ ᠶᠡᠷᠤᠩᠭᠡᠢ ᠠᠵᠥ ᠠᠬᠤᠢ ᠶᠢᠨ ᠢᠨᠵᠧᠨᠧᠷ ᠯᠢᠥ ᠽᠢ᠂ ᠳᠤᠮᠳᠠᠳᠤ ᠤᠯᠤᠰ ᠤᠨ ᠭᠤᠸᠠᠩ ᠾᠧ ᠰᠢᠨ᠎ᠡ ᠡᠨᠧᠷᠭᠢ ᠶᠢᠨ ᠬᠤᠪᠢ ᠡᠵᠡᠮᠰᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠧᠩ ᠬᠠᠢ ᠮᠢᠩ᠂ ᠫᠦ᠋ ᠬᠤᠸᠠ ᠶᠦᠩ ᠳ᠋ᠣᠣ ᠳᠤᠮᠳᠠᠳᠤ ᠤᠯᠤᠰ ᠤᠨ ᠣᠷᠣᠨ ᠪᠦᠰᠡ ᠶᠢᠨ ᠠᠵᠤ ᠠᠬᠤᠢ ᠶᠢᠨ ᠭᠤᠣᠯ ᠬᠠᠮᠢᠶᠠᠷᠤᠯᠳᠡ ᠶᠢᠨ ᠬᠤᠷᠰᠢᠭᠴᠢ ᠵᠠᠩ ᠯᠢ ᠵᠢᠶᠦ᠋ᠨ᠂ ᠯᠦᠸᠧ ᠵᠢᠢ ᠱᠠᠨ ᠰᠤᠳᠤᠯᠬᠤ ᠭᠠᠵᠠᠷ ᠤᠨ ᠪᠠᠶᠢᠩᠭᠤ ᠶᠢᠨ ᠬᠡᠷᠡᠭ ᠮᠡᠳᠡᠭᠴᠢ ᠵᠢᠴᠢ ᠪᠡᠭᠡᠵᠢᠩ ᠤᠨ ᠲᠥᠯᠥᠭᠡᠯᠡᠭᠴᠢ ᠶᠢᠨ ᠭᠠᠵᠠᠷ ᠤᠨ ᠲᠡᠷᠢᠬᠦᠨ ᠲᠥᠯᠥᠭᠡᠯᠡᠭᠴᠢ ᠵᠡᠩ ᠯᠢ ᠲᠢᠩ ᠲᠤᠰ ᠪᠥᠷᠢ ᠬᠤᠷᠠᠯ ᠤᠨ ᠠᠬᠤᠢ ᠲᠠᠯᠠᠪᠠᠢ ᠳᠤ ᠪᠤᠶᠤ ᠸᠢᠳᠢᠣ᠋ ᠪᠠᠷ ᠭᠤᠤᠯ ᠰᠡᠳᠤᠪᠳᠤ ᠶᠠᠷᠢᠶ᠎ᠠ ᠲᠠᠯᠪᠢᠪᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号