︽ᠠᠷᠠᠳ ᠤᠨ ᠠᠭᠠᠷ ᠤᠨ ᠲᠡᠭᠡᠭᠡᠪᠦᠷᠢ ᠶᠢᠨ ᠪᠢᠯᠧᠲ ᠪᠤᠴᠠᠭᠠᠬᠤ ᠬᠤᠷᠳᠤᠴᠠ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠠᠭᠠᠷ ᠤᠨ | ᠠᠶᠠᠯᠠᠯ ᠤᠨ ᠺᠣᠮᠫᠠᠨᠢ ᠪᠣᠯᠤᠨ ᠠᠭᠠᠷ ᠤᠨ ᠠᠶᠠᠯᠠᠯ ᠤᠨ ᠤᠷᠤᠯᠠᠨ ᠪᠣᠷᠣᠯᠠᠭᠤᠯᠤᠭᠴᠢ ᠶᠢ 7 ᠠᠵᠢᠯᠯᠠᠬᠤ ᠡᠳᠦᠷ ᠤᠨ ᠳᠣᠲᠣᠷ᠎ᠠ ᠵᠣᠭᠤᠰ ᠪᠤᠴᠠᠭᠠᠬᠤ ᠭᠠᠷ | ᠬᠦᠢᠴᠡᠳᠭᠡᠯ ᠢ ᠬᠢᠵᠦ ᠳᠠᠭᠤᠰᠬᠠᠬᠤ ᠬᠡᠷᠡᠭᠲᠡᠶ ᠭᠡᠵᠦ ᠲᠣᠭᠲᠠᠭᠠᠪᠠ᠃ ᠵᠠᠭᠠᠯᠳᠤᠯᠭ᠎ᠠ ᠶᠢ ᠰᠢᠢᠳᠪᠦᠷᠢᠯᠡᠬᠦ ᠲᠠᠯ᠎ᠠ ᠪᠠᠷ᠂ ᠵᠠᠭᠠᠯᠳᠤᠭᠳᠠᠭᠰᠠᠨ ᠪᠤᠢ ᠪᠦᠬᠦᠢ ᠠᠵᠤ | ᠠᠬᠤᠶᠢᠯᠠᠯ ᠢ ᠡᠷᠬᠡᠪᠰᠢ 10 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ︾ ᠬᠡᠵᠦ ᠠᠷᠠᠳ ᠤᠨ | ᠠᠭᠠᠷ ᠤᠨ ᠲᠡᠭᠡᠭᠡᠪᠦᠷᠢ ᠶᠢᠨ ᠲᠣᠪᠴᠢᠶᠠᠨ ᠤ ᠲᠡᠭᠡᠭᠡᠪᠦᠷᠢ ᠶᠢᠨ ᠵᠤᠷᠭᠠᠨ ᠤ ᠳᠠᠷᠤᠭ᠎ᠠ ᠢᠦᠶ ᠪᠢᠶᠤᠤ 15 ᠤ ᠡᠳᠦᠷ ︽ᠣᠯᠠᠨ ᠨᠡᠶᠢᠲᠡ ᠶᠢᠨ ᠠᠭᠠᠷ ᠤᠨ | ᠲᠡᠭᠡᠭᠡᠪᠦᠷᠢ ᠶᠢᠨ ᠠᠶᠠᠨᠴᠢᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠤᠨ ᠲᠤᠬᠠᠶ ᠲᠠᠶᠢᠯᠤᠮᠵᠢ ᠬᠢᠬᠦ ᠳᠡᠭᠡᠨ ᠬᠡᠯᠡᠵᠠᠢ᠃ | ︽ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ ᠲᠦᠷᠦᠭᠦᠬᠡᠨ ᠵᠢᠩᠬᠢᠨᠢ ᠪᠠᠷ | ᠨᠡᠶᠢᠲᠡᠯᠡᠵᠦ᠂ ᠡᠨᠡ ᠵᠢᠯ ᠤᠨ 9 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠬᠦ ᠪᠠᠷ ᠪᠠᠶᠢᠨ᠎ᠠ᠃ ᠲᠤᠬᠠᠶ ᠶᠢᠨ ᠡᠳᠦᠷ ᠬᠤᠷᠠᠯᠳᠤᠭᠤᠯᠤᠭᠰᠠᠨ | ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠢᠦᠶ ᠪᠢᠶᠤᠤ᠄ ᠡᠨᠡ | ᠤᠳᠠᠭ᠎ᠠ ᠨᠡᠶᠢᠲᠡᠯᠡᠭᠰᠡᠨ ᠲᠣᠭᠲᠠᠭᠠᠯ ᠨᠢ ᠤᠤᠯ ᠤᠨ ᠲᠦᠷᠢᠮ ᠲᠣᠭᠲᠠᠭᠠᠯ ᠳᠤ ᠪᠥᠬᠦ ᠲᠠᠯ᠎ᠠ ᠪᠠᠷ ᠨᠡᠯᠢᠶᠡᠳ ᠶᠡᠭᠡ ᠵᠠᠰᠠᠪᠤᠷᠢ ᠣᠷᠣᠭᠤᠯᠪᠠ᠂ ᠲᠣᠰ ᠤᠳᠠᠭ᠎ᠠ | ᠵᠠᠰᠠᠪᠤᠷᠢ ᠣᠷᠣᠭᠤᠯᠤᠭᠰᠠᠨ ᠭᠤᠤᠯᠳᠠᠯᠭ᠎ᠠ ᠨᠢ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠠᠨᠴᠢᠳ ᠤᠨ ᠪᠢᠯᠧᠲ | ᠪᠣᠷᠣᠯᠠᠭᠤᠯᠬᠤ᠂ ᠪᠢᠯᠧᠲ ᠪᠤᠴᠠᠭᠠᠬᠤ ᠪᠠ ᠴᠠᠬ ᠬᠤᠭᠤᠴᠠᠭ᠎ᠠ ᠪᠠᠨ ᠰᠤᠯᠢᠬᠤ ᠪᠠᠷ ᠭᠠᠷ ᠤᠨ ᠥᠰᠥᠭ ᠵᠢᠷᠤᠬᠤ᠂ ᠬᠡᠳᠦᠷᠡᠳᠡᠯ᠎ᠡ ᠪᠤᠷᠤᠯᠠᠭᠤᠯᠤᠨ ᠬᠤᠳᠠᠯᠳᠤᠬᠤ ᠵᠡᠷᠭᠡ | ᠠᠮᠠᠷᠬᠠᠨ ᠵᠢᠭᠤᠷᠠᠯᠳᠤᠭᠠᠨ ᠡᠭᠦᠰᠬᠦ ᠵᠠᠩᠭᠢᠯᠠᠭ᠎ᠠ ᠶᠢᠨ ᠭᠤᠭᠴᠤᠭ᠎ᠠ ᠶᠢᠨ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠴᠤ᠂ ᠠᠶᠠᠨᠴᠢᠳ ᠤᠨ ᠪᠠᠶᠢᠳᠠᠯ ᠢ ᠮᠡᠳᠡᠬᠦ ᠡᠷᠬᠡ᠂ | ᠰᠣᠩᠭᠤᠯᠲᠠ ᠬᠢᠬᠦ ᠡᠷᠬᠡ ᠪᠠ ᠲᠥᠯᠥᠪᠦᠷᠢ ᠨᠡᠬᠡᠬᠦ ᠡᠷᠬᠡ ᠶᠢ ᠨᠠᠩ ᠰᠠᠶᠢᠲᠤᠷ ᠬᠠᠮᠠᠭᠠᠯᠠᠬᠤ ᠶᠢ ᠵᠤᠷᠢᠬᠰᠠᠨ ᠶᠠᠪᠤᠳᠠᠯ ᠪᠣᠯᠤᠨ᠎ᠠ᠃ | ᠬᠡᠷᠡᠭᠯᠡᠬᠦ ᠬᠡᠪᠴᠢᠶ᠎ᠡ ᠶᠢᠨ ᠲᠠᠯ᠎ᠠ ᠪᠠᠷ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ᠂ | ᠠᠭᠠᠷ ᠤᠨ ᠠᠶᠠᠯᠠᠯ ᠤᠨ ᠪᠣᠷᠣᠯᠠᠭᠤᠯᠭ᠎ᠠ ᠶᠢᠨ ᠰᠦᠯᠵᠢᠶᠡᠨ ᠤ ᠲᠠᠪᠴᠠᠩ ᠤᠨ ᠡᠵᠡᠩᠨᠡᠭᠴᠢ᠂ ᠠᠭᠠᠷ ᠤᠨ ᠠᠶᠠᠯᠠᠯ ᠤᠨ ᠮᠡᠳᠡᠭᠡ ᠵᠠᠩᠭᠢ ᠶᠢᠨ ᠠᠵᠤ ᠠᠬᠤᠶᠢᠯᠠᠯ ᠵᠡᠷᠭᠡ | ᠠᠶᠠᠨᠴᠢᠳ ᠤᠨ ᠦᠢᠯᠡᠴᠢᠯᠡᠭᠡ ᠳᠤ ᠬᠤᠯᠪᠣᠭᠳᠠᠬᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠨᠡᠮᠡᠭᠰᠡᠨ ᠪᠥᠭᠡᠳ ᠭᠠᠳᠠᠭᠠᠳᠤ ᠶᠢᠨ ᠠᠭᠠᠷ ᠤᠨ ᠠᠶᠠᠯᠠᠯ ᠤᠨ | ᠺᠣᠮᠫᠠᠨᠢ᠂ ᠰᠢᠶᠠᠩᠭᠠᠩ ᠣᠣᠮᠧᠨ ᠲᠠᠶᠢᠸᠠᠨ ᠤ ᠠᠭᠠᠷ ᠤᠨ ᠠᠶᠠᠯᠠᠯ ᠤᠨ ᠺᠣᠮᠫᠠᠨᠢ ᠶᠢᠨ ᠮᠠᠨ ᠤ ᠤᠯᠤᠰ ᠤᠨ ᠬᠢᠯᠢ ᠳᠣᠲᠣᠷᠠᠬᠢ ᠡᠵᠡᠩᠨᠡᠯᠲᠡ ᠶᠢᠨ ᠠᠵᠢᠯᠯᠠᠭ᠎ᠠ ᠶᠢ ᠴᠤ | ᠲᠦᠷᠢᠮ ᠤᠨ ᠠᠶ ᠳᠤ ᠣᠷᠣᠭᠤᠯᠵᠤ᠂ ᠬᠠᠤᠯᠢ ᠲᠣᠭᠲᠠᠭᠠᠯᠲᠠ ᠶᠢᠨ ᠬᠤᠭᠤᠰᠣᠨ ᠢ ᠨᠥᠬᠦᠪᠥᠷᠢᠯᠡᠵᠡᠶ᠃ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ ᠥᠩᠭᠡᠷᠡᠭᠰᠡᠨ ᠤ ᠠᠵᠤ | ᠠᠬᠤᠶᠢᠯᠠᠯ ᠤᠨ ᠦᠢᠯᠡᠴᠢᠯᠡᠭᠡ ᠶᠢᠨ ᠲᠤᠬᠠᠶ ᠬᠡᠲᠦ ᠨᠠᠷᠢᠨ ᠲᠣᠭᠲᠠᠭᠠᠭᠰᠠᠨ ᠪᠠ ᠬᠡᠲᠦ ᠢᠯᠡᠬᠦᠦ ᠬᠠᠮᠢᠶᠠᠷᠴᠤ ᠪᠠᠶᠢᠬᠰᠠᠨ ᠵᠦᠢᠯ ᠵᠤᠷᠪᠤᠰ ᠲᠤ ᠨᠡᠯᠢᠶᠡᠳ ᠶᠡᠭᠡ | ᠬᠠᠰᠤᠯᠲᠠ ᠪᠠ ᠲᠣᠬᠢᠷᠠᠭᠤᠯᠤᠯᠲᠠ ᠬᠢᠭᠰᠡᠨ ᠪᠠᠶᠢᠨ᠎ᠠ᠃ ᠪᠣᠭᠤᠳᠠᠯ ᠪᠠᠭᠯᠠᠭ᠎ᠠ ᠶᠢ ᠲᠡᠭᠡᠭᠡᠪᠦᠷᠢᠯᠡᠬᠦ ᠪᠠᠷ ᠵᠢᠱᠢᠶᠡᠯᠡᠪᠡᠯ᠂ ᠲᠣᠰ ᠤᠳᠠᠭ᠎ᠠ ᠵᠠᠰᠠᠪᠤᠷᠢ ᠣᠷᠣᠭᠤᠯᠬᠤ ᠳᠠᠭᠠᠨ | ᠪᠣᠭᠤᠳᠠᠯ ᠪᠠᠭᠯᠠᠭ᠎ᠠ ᠶᠢᠨ ᠬᠡᠮ ᠬᠡᠮᠵᠢᠶ᠎ᠡ᠂ ᠬᠦᠨᠳᠦ ᠶᠢᠨ ᠬᠡᠮᠵᠢᠶ᠎ᠡ᠂ ᠰᠦᠢᠳᠭᠡᠯ ᠥᠯᠥ ᠬᠤᠷᠢᠶᠠᠬᠤ ᠪᠣᠭᠤᠳᠠᠯ ᠪᠠᠭᠯᠠᠭ᠎ᠠ ᠶᠢᠨ ᠲᠤᠭ᠎ᠠ ᠵᠡᠷᠭᠡ ᠶᠢ ︽ᠡᠭᠡᠭᠡ ᠠᠳᠠᠯᠢ | ᠪᠠᠶᠢᠯᠭᠠᠬᠤ︾ ᠲᠤᠬᠠᠶ ᠲᠣᠭᠲᠠᠭᠠᠯ ᠢ ᠬᠠᠰᠤᠪᠠ᠂ ᠠᠭᠠᠷ ᠤᠨ ᠠᠶᠠᠯᠠᠯ ᠤᠨ ᠺᠣᠮᠫᠠᠨᠢ ᠥᠪᠡᠰᠦᠪᠡᠨ ᠬᠤᠯᠪᠣᠭᠳᠠᠯ ᠪᠥᠬᠦᠶ ᠪᠠᠷᠢᠮᠵᠢᠶ᠎ᠠ ᠲᠣᠭᠲᠠᠭᠠᠬᠤ ᠶᠢᠨ ᠬᠠᠮᠲᠤ | ᠭᠠᠳᠠᠭᠰᠢ ᠨᠡᠶᠢᠲᠡᠯᠡᠵᠦ᠂ ᠠᠶᠠᠨᠴᠢᠳ ᠲᠤ ᠣᠯᠠᠨ ᠡᠰᠢᠵᠢᠭᠰᠡᠨ᠂ ᠵᠥᠷᠢᠶᠡᠵᠢᠭᠰᠡᠨ ᠠᠭᠠᠷ ᠤᠨ ᠠᠶᠠᠯᠠᠯ ᠤᠨ ᠦᠢᠯᠡᠴᠢᠯᠡᠭᠡᠨ ᠤ ᠦᠢᠯᠡᠳᠬᠦᠨ ᠬᠠᠩᠭᠠᠵᠤ ᠪᠣᠯᠤᠨ᠎ᠠ | ᠬᠡᠪᠡ᠃ ᠢᠦᠶ ᠪᠢᠶᠤᠤ᠄ ᠲᠠᠷᠠᠭᠠᠴᠢ ᠶᠢᠨ ᠠᠯᠬᠤᠮ ᠳᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠲᠦᠷᠢᠮ ᠲᠣᠭᠲᠠᠭᠠᠯ ᠤᠨ ᠬᠤᠯᠪᠣᠭᠳᠠᠯ ᠪᠥᠬᠦᠶ ᠢᠵᠢ | ᠪᠥᠷᠢᠳᠦᠭᠰᠡᠨ ᠪᠢᠴᠢᠭ ᠮᠠᠲ᠋ᠧᠷᠢᠶᠠᠯ ᠢ ᠨᠢᠭᠡᠳᠦᠯᠲᠡᠶ ᠲᠥᠯᠥᠪᠯᠡᠨ ᠲᠣᠭᠲᠠᠭᠠᠬᠤ ᠪᠠ ᠵᠠᠰᠠᠪᠤᠷᠢ ᠣᠷᠣᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠷᠠᠳ ᠤᠨ ᠠᠭᠠᠷ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠬᠡᠵᠦ ᠬᠡᠯᠡᠪᠡ᠃ | |