ᠪᠦᠯᠬᠦᠮᠳᠡᠨ ᠲᠡᠮᠡᠴᠡᠵᠦ ᠵᠢᠷᠭᠠᠯ ᠵᠣᠪᠠᠯᠠᠩ ᠢᠶᠠᠨ ᠬᠠᠮᠲᠤᠳᠬᠠᠨᠠᠮ                              — ᠶᠡᠷᠦᠩᠭᠡᠢ ᠱᠦᠵᠢ ᠰᠢ ᠶᠢᠨ ᠫᠢᠡᠭ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠲᠡᠭᠡᠷᠡᠭᠢ     ᠴᠢᠬᠤᠯᠠ ᠶᠠᠷᠢᠶ᠎ᠠ ᠤᠷᠳᠤᠰ ᠲᠤ ᠴᠢᠩᠭ᠎ᠠ ᠲᠤᠰᠬᠠᠯ ᠭᠠᠷᠪᠠ
ᠨᠡᠶᠢᠲᠡᠯᠡᠭᠰᠡᠨ ᠴᠠᠭ᠄
2021/9/3
     ᠶᠡᠷᠦᠩᠭᠡᠢ ᠱᠦᠵᠢ ᠰᠢ ᠶᠢᠨ ᠫᠢᠡᠭ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠠ ᠲᠠᠯᠪᠢᠬᠰᠠᠨ ᠴᠢᠬᠤᠯᠠ ᠶᠠᠷᠢᠶ᠎ᠠ ᠨᠢ ᠤᠷᠳᠤᠰ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠲᠤᠮᠳᠠ ᠴᠢᠩᠭ᠎ᠠ ᠲᠤᠰᠬᠠᠯ ᠭᠠᠷᠴᠦ᠂ ᠤᠯᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠵᠤ᠂ ᠪᠦᠯᠬᠦᠮᠳᠡᠨ ᠲᠡᠮᠡᠴᠡᠵᠦ᠂ ᠵᠢᠷᠭᠠᠯ ᠵᠣᠪᠠᠯᠠᠩ ᠢᠶᠠᠨ ᠬᠠᠮᠲᠤᠳᠬᠠᠨ᠂ ᠤᠷᠳᠤᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠷᠭᠡᠶᠢᠯᠡᠵᠡᠭᠡᠪᠡ᠃      ᠣᠲᠤᠭ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠴᠧᠨ ᠾᠧ ᠫᠢᠩ ᠬᠡᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠠᠯᠤᠰ ᠬᠡᠲᠦ ᠶᠢᠨ ᠤᠳᠬ᠎ᠠ ᠠᠭᠤᠯᠭ᠎ᠠ᠂ ᠭᠦᠨ ᠭᠦᠨᠵᠡᠭᠡᠶ ᠦᠵᠡᠯ ᠰᠠᠨᠠᠭ᠎ᠠ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠦᠨᠳᠦᠰᠦᠳᠠᠨ ᠤ ᠠᠵᠢᠯ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠡᠶ᠂ ᠡᠨᠡ ᠪᠣᠯ ᠨᠠᠮ ᠤᠨ ᠦᠨᠳᠦᠰᠦᠳᠠᠨ ᠤ ᠠᠵᠢᠯ ᠤᠨ ᠦᠢᠯᠡᠳᠤᠯᠬᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠥᠨ᠃ ᠣᠶᠢᠷ᠎ᠠ ᠶᠢᠨ ᠵᠢᠯ ᠠᠴᠠ ᠨᠠᠭᠠᠰᠢ᠂ ᠪᠢᠳᠠ ᠦᠨᠳᠦᠰᠦᠳᠠᠨ ᠤ ᠪᠦᠯᠭᠦᠮᠳᠠᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠦᠨ᠂ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠡᠭᠦᠳᠦᠨ ᠪᠠᠶᠢᠭᠤᠯᠬᠤ ᠠᠵᠢᠯ ᠢ ᠨᠠᠮ ᠤᠨ ᠬᠤᠷᠢᠶᠠᠨ ᠤ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠦᠷ᠎ᠠ ᠪᠦᠳᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠤᠨ᠂ ᠦᠨᠳᠦᠰᠦᠲᠡᠨ ᠨᠦᠭᠦᠳ ᠤᠨ ᠡᠶ᠎ᠡ ᠨᠠᠶᠢᠷᠰᠠᠭ ᠬᠠᠮᠳᠤ ᠤᠷᠤᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠵᠣᠬᠢᠴᠠᠯ ᠲᠠᠢ  ᠭᠦᠭᠵᠢᠬᠦ ᠶᠢ ᠠᠬᠢᠭᠤᠯᠪᠠ᠃ ᠬᠤᠶᠢᠰᠢᠳᠠ ᠶᠢᠨ ᠠᠵᠢᠯ ᠤᠨ ᠳᠤᠮᠳᠠ ᠪᠠᠨ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ᠂ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠭᠤᠯᠤᠨ᠎ᠠ ᠭᠡᠪᠡ᠃      ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠬᠠᠶ ᠹᠧᠩ ᠬᠡᠯᠡᠬᠦ ᠳᠡᠭᠡᠨ᠂ ᠮᠠᠨ ᠤ ᠵᠠᠰᠠᠭ ᠪᠠᠯᠭᠠᠰᠤᠨ ᠤ ᠦᠨᠳᠦᠰᠦᠲᠡᠨ ᠤ ᠪᠦᠲᠦᠴᠡ ᠪᠠᠶᠠᠯᠢᠭ᠂ ᠪᠠᠯᠭᠠᠰᠤᠨ ᠳᠤ 5 ᠴᠥᠭᠡᠨ ᠲᠣᠭᠠᠲᠤ ᠦᠨᠳᠦᠰᠦᠲᠡᠨ ᠤ ᠭᠠᠴᠠᠭ᠎ᠠ ᠲᠤᠰᠬᠤᠨ ᠲᠠᠢ᠂ ᠬᠢᠲᠠᠳ ᠦᠨᠳᠦᠰᠦᠲᠡᠨ ᠢ ᠪᠠᠭᠲᠠᠭᠠᠭᠰᠠᠨ 9 ᠦᠨᠳᠦᠰᠦᠲᠡᠨ ᠡᠨᠡ ᠬᠦ ᠨᠤᠲᠤᠭ ᠲᠡᠭᠡᠷ᠎ᠠ ᠠᠵᠤ ᠲᠦᠷᠤᠵᠤ ᠪᠠᠶᠢᠳᠠᠭ᠂ ᠥᠩᠭᠡᠷᠡᠭᠰᠡᠨ ᠤ ᠬᠥᠭᠵᠢᠯᠲᠡ ᠶᠢᠨ ᠶᠠᠪᠤᠴᠠ ᠳᠤ᠂ ᠨᠠᠮ ᠤᠨ ᠪᠠᠳᠤ ᠴᠢᠩᠭ᠎ᠠ ᠤᠳᠤᠷᠢᠳᠤᠯᠭ᠎ᠠ ᠳᠣᠤᠷ᠎ᠠ ᠮᠠᠨ ᠤ ᠪᠠᠯᠭᠠᠰᠤᠨ ᠤ ᠦᠨᠳᠦᠰᠦᠲᠡᠨ ᠨᠦᠭᠦᠳ ᠬᠠᠷᠢᠯᠴᠠᠨ ᠠᠭᠤᠰᠤᠯᠴᠠᠵᠤ᠂ ᠬᠠᠷᠢᠯᠴᠠᠨ ᠬᠠᠪᠰᠤᠷᠤᠯᠴᠠᠵᠤ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠵᠤ᠂ ᠬᠠᠮᠲᠤ ᠪᠠᠷ ᠴᠡᠴᠡᠭᠯᠡᠨ ᠬᠥᠭᠵᠢᠵᠦ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ ᠬᠤᠶᠢᠰᠢᠳᠠ ᠪᠢᠳᠡ ᠦᠨᠳᠦᠰᠦᠲᠡᠨ ᠤ ᠠᠵᠢᠯ ᠤᠨ ᠲᠠᠯ᠎ᠠ ᠪᠠᠷ ᠣᠯᠤᠭᠰᠠᠨ ᠦᠷ᠎ᠡ ᠪᠦᠲᠦᠭᠡᠯ ᠢᠶᠠᠨ ᠨᠡᠩ ᠨᠠᠨᠳᠢᠩᠨᠠᠵᠤ ᠂ ᠦᠨᠳᠦᠰᠦᠳᠠᠨ ᠤ ᠪᠦᠯᠭᠦᠮᠳᠡᠯ ᠲᠠᠪᠰᠢᠯᠳᠠ ᠶᠢ ᠨᠢᠳᠤᠨ ᠤ ᠴᠡᠴᠡᠭᠡᠢ ᠪᠠᠨ ᠰᠢᠭ ᠬᠠᠶᠢᠷᠠᠯᠠᠵᠤ᠂ ᠨᠠᠮ ᠤᠨ ᠦᠨᠳᠦᠰᠦᠳᠠᠨ ᠤ ᠠᠵᠢᠯ ᠢ ᠭᠤᠶᠢᠪᠢᠰᠢ ᠦᠭᠡᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠤᠭᠴᠠᠯᠠᠨ᠂ ᠮᠠᠨ ᠤ ᠪᠠᠯᠭᠠᠰᠤᠨ ᠤ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠦᠨᠳᠦᠰᠦᠳᠠᠨ ᠨᠦᠭᠦᠳ ᠪᠦᠯᠭᠦᠮᠳᠡᠨ ᠲᠠᠪᠰᠢᠭᠰᠠᠨ᠂ ᠡᠶ᠎ᠡ ᠵᠤᠭᠢᠴᠠᠯ ᠲᠠᠢ ᠲᠤᠬᠳᠠᠭᠤᠨ ᠭᠦᠭᠵᠢᠯᠳᠠ ᠶᠢᠨ ᠪᠠᠶᠢᠳᠠᠯ ᠢ ᠦᠷᠭᠦᠯᠵᠢᠯᠡᠨ ᠪᠠᠭᠢᠵᠢᠭᠦᠯᠦᠨ᠎ᠠ ᠭᠡᠵᠤ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号