ᠮᠠᠨ ᠤ ᠬᠤᠳᠠ ᠶᠢᠨ ᠲᠡᠭᠡᠷ᠎ᠠ ᠬᠠᠭᠠᠰ ᠵᠢᠯ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠭᠦᠭᠵᠢᠯᠳᠠ ᠶᠢᠨ ᠪᠠᠶᠢᠳᠠᠯ ᠰᠠᠶᠢᠨ ᠪᠤᠯᠪᠠ
ᠨᠡᠶᠢᠲᠡᠯᠡᠭᠰᠡᠨ ᠴᠠᠭ᠄
2021/9/3
    ᠡᠨᠡ ᠵᠢᠯ ᠠᠴᠠ ᠨᠠᠭᠠᠰᠢ᠂ ᠮᠠᠨ ᠤ ᠬᠤᠳᠠ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠭᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠶᠡᠭᠡ ᠪᠠᠷ ᠭᠡᠷᠡᠭᠵᠢᠭᠦᠯᠵᠤ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠠᠯᠳᠠ ᠶᠢ ᠪᠦᠭᠦ ᠭᠦᠴᠦᠨ ᠢᠶᠠᠷ ᠭᠦᠨᠵᠡᠭᠡᠶᠢᠷᠡᠭᠦᠯᠦᠨ᠂ ︽ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠲᠦᠷᠦ ᠶᠢᠨ ᠪᠤᠳᠤᠯᠭ᠎ᠠ ᠶᠢᠨ 30 ᠵᠤᠷᠪᠤᠰ︾᠎ ᠢ ᠲᠤᠬᠳᠠᠭᠠᠵᠤ᠂ ᠰᠤᠳᠤᠯᠤᠨ ᠭᠦᠭᠵᠢᠭᠦᠯᠭᠦ ᠪᠠᠯᠠ ᠤᠷᠤᠭᠤᠯᠤᠯᠳᠠ ᠶᠢᠨ ᠪᠤᠭᠤᠮᠳᠠ ᠰᠢᠪᠳᠤᠯᠬᠤ᠂ ᠭᠡᠪᠴᠢᠶᠠᠵᠢᠯ ᠠᠴᠠ ᠲᠡᠭᠡᠭᠰᠢᠭᠢ ᠠᠵᠤ ᠦᠢᠯᠡᠳᠪᠤᠷᠢ ᠶᠢᠨ ᠠᠵᠤ ᠠᠬᠤᠢᠢᠯᠠᠯ ᠤᠨ ︽ᠭᠤᠷᠪᠠ ᠶᠢ ᠦᠭᠡᠶᠢᠰᠭᠡᠭᠦ︾ ᠵᠡᠷᠭᠡ ᠴᠢᠬᠤᠯᠠ ᠶᠡᠭᠡ ᠠᠵᠢᠯᠯᠠᠭ᠎ᠠ ᠶᠢ ᠭᠡᠷᠡᠭᠵᠢᠭᠦᠯᠦᠨ᠂ ᠪᠦᠭᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠭᠦᠭᠵᠢᠯᠳᠠ ᠳᠤ ᠭᠦᠴᠦᠨ ᠪᠦᠭᠦᠢ ᠲᠤᠯᠭᠠᠭᠤᠷᠢᠯᠠᠯ ᠪᠤᠯᠪᠠ᠃     ᠲᠡᠭᠡᠷ᠎ᠠ ᠬᠠᠭᠠᠰ ᠵᠢᠯ ᠳᠤ᠂ ᠪᠦᠭᠦ ᠬᠤᠳᠠ ᠶᠢᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠭᠢ ᠰᠠᠶᠢᠨ ᠭᠦᠭᠵᠢᠯᠳᠠ ᠶᠢᠨ ᠪᠠᠶᠢᠳᠠᠯ ᠢ ᠪᠤᠢ ᠪᠤᠯᠭᠠᠵᠤ᠂ ᠭᠡᠪᠴᠢᠶᠠᠵᠢᠯ ᠠᠴᠠ ᠲᠡᠭᠡᠭᠰᠢᠬᠢ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠦᠢᠯᠡᠳᠭᠦᠨ ᠤ ᠦᠷᠳᠡᠭ ᠵᠢᠴᠢ ᠨᠠᠮᠠᠯᠳᠠ ᠦᠷᠳᠡᠭ ᠴᠦᠮ ᠨᠡᠮᠡᠭᠳᠡᠨ᠂ ᠪᠦᠭᠦ ᠬᠤᠳᠠ ᠶᠢᠨ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠡᠮᠠᠯᠳᠠ ᠦᠷᠳᠡᠭ ᠤᠨ ᠨᠡᠮᠡᠭᠳᠡᠯ ᠳᠤ ᠦᠵᠡᠭᠦᠯᠭᠦ ᠬᠤᠪᠢ ᠨᠠᠮᠠᠷᠢ ᠶᠢᠨ ᠨᠤᠷᠮ᠎ᠠ 83%᠎ ᠳᠤ ᠭᠦᠷᠴᠦ᠂ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠨᠠᠮᠠᠯᠳᠠ ᠦᠷᠳᠡᠭ ᠵᠠᠭᠤᠨ ᠤ ᠬᠤᠪᠢ ᠶᠢᠨ ᠬᠠᠷᠢᠴᠠᠯ ᠢᠶᠠᠷ 8.5 ᠨᠡᠮᠡᠭᠳᠡᠪᠡ᠃ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠦᠢᠯᠡᠳᠭᠦᠨ ᠤ ᠦᠷᠳᠡᠭ 700 ᠳ᠋ᠥᠡᠭᠰᠢᠭᠤᠷ ᠲᠦᠭᠦᠷᠢᠭ ᠢ ᠲᠠᠪᠠᠵᠤ᠂ 730.6 ᠳ᠋ᠦᠡᠭᠰᠢᠭᠤᠷ ᠲᠦᠭᠦᠷᠢᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 43.8% ᠨᠡᠮᠡᠭᠳᠡᠨ᠂ ᠭᠡᠪᠴᠢᠶᠠᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠶᠡᠷᠦᠩᠭᠡᠢ ᠦᠢᠯᠡᠳᠭᠦᠨ ᠤ ᠦᠷᠳᠡᠭ ᠤᠨ ᠬᠠᠷᠢᠴᠠᠯ ᠤᠨ 30%᠎ ᠠᠴᠠ ᠲᠡᠭᠡᠭᠰᠢ ᠶᠢ ᠡᠵᠡᠯᠠᠵᠤ᠂ 30.8% ᠪᠤᠯᠪᠠ᠃ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠪᠡᠶᠡᠯᠡᠭᠦᠯᠦᠭᠰᠡᠨ ᠨᠡᠮᠠᠯᠳᠠ ᠦᠷᠳᠡᠭ 228.7 ᠳ᠋ᠥᠡᠭᠰᠢᠭᠤᠷ ᠲᠦᠭᠦᠷᠢᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 49.4% ᠨᠡᠮᠡᠭᠳᠡᠪᠡ᠃ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠪᠡᠶᠡᠯᠡᠭᠦᠯᠦᠭᠰᠡᠨ ᠭᠤᠤᠯ ᠡᠵᠡᠩᠨᠡᠯᠳᠠ ᠶᠢᠨ ᠦᠢᠯᠡᠰ ᠤᠨ ᠤᠷᠤᠯᠭ᠎ᠠ 759.3 ᠳ᠋ᠥᠡᠭᠰᠢᠭᠤᠷ ᠲᠦᠭᠦᠷᠢᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 45% ᠨᠡᠮᠡᠭᠳᠡᠪᠡ᠃ ᠲᠡᠭᠡᠳᠤ ᠰᠢᠨ᠎ᠠ ᠮᠡᠷᠭᠡᠵᠢᠯ ᠤᠨ ᠠᠵᠤ ᠠᠬᠤᠢᠢᠯᠠᠯ ᠤᠨ ᠰᠤᠳᠤᠯᠭᠠᠨ ᠭᠦᠭᠵᠢᠭᠦᠯᠦᠯᠳᠠ ᠶᠢᠨ ᠵᠠᠷᠤᠳᠠᠯ 9.1 ᠳ᠋ᠥᠡᠭᠰᠢᠭᠤᠷ ᠲᠦᠭᠦᠷᠢᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 8% ᠨᠡᠮᠡᠭᠳᠡᠪᠡ᠃     ᠲᠤᠭ᠎ᠠ ᠪᠠᠷᠢᠮᠳᠠ ᠳᠤ ᠢᠯᠡᠷᠭᠡᠶᠢᠯᠡᠭᠰᠡᠨ ᠢᠶᠠᠷ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠨᠢ ᠨᠢᠭᠡᠨᠳᠠ ᠪᠦᠭᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠳᠠᠢ ᠭᠦᠭᠵᠢᠯᠳᠠ ᠶᠢᠨ ᠭᠦᠴᠦᠷᠭᠡᠭ ᠶᠡᠭᠡ ᠭᠦᠳᠡᠯᠭᠡᠭᠦ ᠭᠦᠴᠦᠨ ᠪᠤᠯᠵᠤ᠂ ᠤᠷᠳᠤᠰ ᠤᠨ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠦᠢᠯᠡᠰ ᠰᠢᠵᠢᠷ ᠠᠯᠳᠠᠨ ᠴᠠᠭ ᠬᠤᠭᠤᠴᠠᠭ᠎ᠠ ᠶᠢ ᠤᠬᠳᠤᠨ ᠠᠪᠴᠢᠷᠠᠪᠠ᠃  
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号