ᠨᠡᠮᠡᠯᠳᠡ ᠦᠨ᠎ᠡ ᠦᠭᠡᠢ ᠮᠠᠯ ᠤᠨ ᠡᠮ ᠤᠨ ᠲᠡᠯᠭᠡᠭᠦᠷ ᠡᠭᠦᠳᠡ ᠪᠠᠨ ᠨᠡᠭᠡᠭᠡᠯ᠎ᠠ
ᠨᠡᠶᠢᠲᠡᠯᠡᠭᠰᠡᠨ ᠴᠠᠭ᠄
2021/9/3
  ᠮᠠᠯ ᠦᠢᠯᠡᠳᠪᠦᠷᠢᠯᠡᠯ ᠢᠶᠠᠷ ᠲᠤᠯᠭᠠᠭᠤᠷᠢ ᠠᠵᠤ ᠦᠢᠯᠡᠰ ᠢᠶᠠᠨ ᠪᠤᠯᠭᠠᠭᠰᠠᠨ ᠰᠥᠯᠳᠡ ᠰᠤᠮᠤ ᠮᠠᠯ ᠦᠢᠯᠡᠳᠪᠦᠷᠢᠯᠡᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠂ ᠤᠯᠠᠨ ᠲᠦᠮᠡᠨ ᠳᠤ ᠥᠨᠡᠨ ᠬᠦ ᠪᠤᠳᠠᠳᠤ ᠤᠴᠢᠷ ᠪᠥᠳᠤᠭᠡᠵᠤ᠂ ᠠᠰᠢᠭ ᠤᠷᠤᠯᠭ᠎ᠠ ᠶᠢ ᠨᠢ ᠲᠡᠭᠡᠭᠰᠢᠯᠡᠭᠦᠯᠬᠦ ᠡᠬᠦᠳᠡᠨ ᠠᠴᠠ ᠰᠦᠯᠳᠡ ᠰᠤᠮᠤᠨ ᠤ ᠱᠠᠷᠯᠢᠭ ᠨᠡᠶᠢᠬᠡᠮ ᠲᠤᠭᠤᠷᠢᠭ ᠲᠤ ᠨᠡᠮᠡᠯᠳᠡ ᠦᠨ᠎ᠡ ᠦᠭᠡᠢ ᠮᠠᠯ ᠤᠨ ᠡᠮ ᠤᠨ ᠲᠡᠯᠭᠡᠭᠦᠷ ᠢ ᠪᠠᠶᠢᠭᠤᠯᠵᠠᠢ᠃   ᠲᠤᠰ ᠡᠮ ᠤᠨ ᠳᠡᠯᠭᠡᠭᠦᠷ ᠢ ᠰᠦᠯᠳᠡ ᠰᠤᠮᠤᠨ ᠤ ᠠᠷᠠᠳ ᠤᠨ ᠲᠦᠯᠦᠭᠡᠯᠡᠭᠴᠢᠳ ᠮᠠᠯᠴᠢᠨ ᠡᠷᠤᠬᠡ ᠨᠦᠭᠦᠳ ᠢᠶᠠᠷ ᠭᠦᠨᠵᠡᠭᠡᠶᠢᠷᠡᠨ᠂ ᠤᠯᠠᠨ ᠲᠥᠮᠡᠨ ᠤ ᠬᠥᠰᠡᠯ ᠱᠠᠭᠠᠷᠳᠠᠯᠭ᠎ᠠ ᠶᠢ ᠤᠢᠢᠯᠠᠭᠠᠵᠤ᠂ ᠠᠷᠠᠳ ᠤᠨ ᠰᠠᠨᠠᠯ ᠢ ᠴᠤᠭᠯᠠᠭᠤᠯᠤᠭᠠᠳ᠂ ᠮᠠᠯ ᠤᠨ ᠡᠮ ᠤᠨ ᠦᠢᠯᠡᠳᠪᠦᠷᠢ ᠲᠠᠢ ᠨᠢᠭᠳᠠ ᠬᠠᠷᠢᠯᠴᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠲᠠᠮᠵᠢᠨ ᠪᠠᠳᠤᠯᠠᠵᠤ ᠪᠠᠶᠢᠭᠤᠯᠪᠠ᠃ ᠳᠤᠰ ᠳᠡᠯᠭᠡᠭᠦᠷ ᠢ ᠦᠪᠤᠷ ᠮᠤᠩᠭᠤᠯ ᠤᠨ ᠰᠢᠨ ᠺᠠᠢ ᠶᠤᠸᠠᠨ ᠠᠮᠢᠳᠠᠨ ᠤ ᠡᠮ ᠤᠨ ᠦᠢᠯᠡᠰ ᠤᠨ ᠬᠦᠭᠵᠢᠯᠳᠡ ᠶᠢᠨ ᠬᠢᠵᠠᠭᠠᠷᠳᠤ ᠺᠤᠮᠫᠠᠨᠢ ᠪᠤᠯᠤᠨ ᠦᠪᠤᠷ ᠮᠤᠩᠭᠤᠯ ᠤᠨ ᠬᠤᠸᠠ ᠤᠣ ᠺᠧ ᠰᠢᠩ ᠠᠮᠢᠳᠤ ᠪᠤᠳᠡᠰ ᠤᠨ ᠲᠧᠭᠨᠢᠭ ᠮᠡᠷᠭᠡᠵᠢᠯ ᠤᠨ ᠬᠢᠵᠠᠭᠠᠷᠳᠤ ᠺᠤᠮᠫᠠᠨᠢ ︵ᠤᠤᠯ ᠤᠨ ᠤᠳᠤᠭ ᠬᠤᠰᠢᠭᠤᠨ ᠤ ᠮᠠᠯ ᠤᠨ ᠡᠮ ᠤᠨ ᠦᠢᠯᠡᠳᠪᠦᠷᠢ︶᠎ ᠲᠠᠢ ᠬᠤᠷᠰᠢᠨ ᠡᠷᠬᠢᠯᠡᠵᠤ᠂ ᠮᠠᠯ ᠦᠢᠯᠡᠳᠪᠦᠷᠢᠯᠡᠯ ᠳᠤ ᠦᠷᠭᠦᠯᠵᠢ ᠬᠡᠷᠡᠭᠯᠡᠭᠳᠡᠬᠦ 36 ᠲᠦᠷᠤᠯ ᠤᠨ ᠮᠠᠯ ᠤᠨ ᠡᠮ ᠢ ᠨᠡᠮᠡᠯᠳᠡ ᠦᠨ᠎ᠡ ᠦᠭᠡᠢ ᠪᠠᠷ ᠮᠠᠯᠴᠢᠳ ᠲᠤ ᠰᠢᠭᠤᠳ ᠭᠡᠷᠡᠭᠯᠡᠭᠦᠯᠵᠤ ᠪᠠᠶᠢᠨ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号