ᠮᠠᠶᠢᠷᠠᠨᠰᠥ᠋ᠮ᠎ᠠ ᠭᠠᠴᠠᠭ᠎ᠠ ᠤᠯᠤᠰ ᠤᠨ ᠪᠠᠶᠠᠷ ᠢᠶᠠᠨ ᠤᠳᠬ᠎ᠠ ᠠᠭᠤᠯᠭ᠎ᠠ ᠲᠠᠢ ᠲᠡᠮᠳᠡᠭᠯᠡᠯ᠎ᠠ
ᠨᠡᠶᠢᠲᠡᠯᠡᠭᠰᠡᠨ ᠴᠠᠭ᠄
2021/9/30
     ᠤᠢᠢᠷ᠎ᠠ ᠶᠢᠨ ᠡᠳᠥᠷ᠂ ᠥᠥᠰᠢᠨ ᠬᠤᠰᠢᠭᠤᠨ ᠤ ᠲᠤᠭ ᠪᠠᠯᠭᠠᠰᠤᠨ ᠤ ᠮᠠᠶᠢᠷᠠᠨᠰᠥ᠋ᠮ᠎ᠠ ᠭᠠᠴᠠᠭᠠᠨ ᠤ ᠮᠠᠯᠴᠢᠨ ᠲᠠᠷᠢᠶᠠᠴᠢᠳ ᠤᠯᠤᠰ ᠪᠠᠶᠢᠭᠤᠯᠤᠭᠳᠠᠭᠰᠠᠨ ᠪᠠᠶᠠᠷ ᠬᠥᠷᠴᠥ ᠢᠷᠡᠬᠦ ᠲᠠᠰᠢᠷᠠᠮ ᠳᠤ ᠤᠯᠤᠰ ᠤᠨ ᠪᠠᠶᠠᠷ ᠢᠶᠠᠨ ᠤᠳᠬ᠎ᠠ ᠠᠭᠤᠯᠭ᠎ᠠ ᠲᠠᠢ ᠪᠠᠷ ᠲᠡᠮᠳᠡᠭᠯᠡᠪᠡ᠃      ᠠᠵᠢᠯᠯᠠᠭ᠎ᠠ ᠳᠤ ᠤᠯᠠᠨ ᠢᠶᠠᠷ ᠢᠶᠠᠨ ᠤᠯᠤᠰ ᠤᠨ ᠲᠤᠭ ᠮᠠᠨᠳᠤᠭᠤᠯᠵᠥ᠂ ᠨᠠᠮ ᠤᠨ ᠰᠤᠷᠭᠠᠭᠤᠯᠢ ᠶᠢᠨ ᠪᠠᠭᠰᠢ ᠠᠴᠠ ᠮᠠᠯᠴᠢᠨ ᠲᠠᠷᠢᠶᠠᠴᠢᠳ ᠲᠤ ᠨᠠᠮ ᠤᠨ ᠲᠡᠤᠬᠡ ᠶᠢ ᠲᠡᠶᠢᠯᠪᠤᠷᠢᠯᠠᠨ᠂ ᠨᠠᠮ ᠤᠨ ᠲᠡᠤᠬᠡ ᠶᠢᠨ ᠮᠡᠳᠡᠯᠬᠡ ᠶᠢᠨ ᠤᠷᠤᠯᠳᠤᠭᠠᠨ ᠵᠡᠷᠬᠡ ᠡᠯᠪᠡᠭ ᠪᠠᠶᠠᠯᠢᠭ ᠠᠭᠤᠯᠭ᠎ᠠ ᠪᠥᠬᠦᠢ ᠠᠵᠢᠯᠯᠠᠭ᠎ᠠ ᠥᠷᠨᠢᠬᠦᠯᠵᠡᠢ᠃ ᠠᠵᠢᠯᠯᠠᠭ᠎ᠠ ᠳᠤ ᠪᠠᠰᠠ ᠨᠠᠮ ᠤᠨ ᠬᠡᠰᠢᠬᠦᠨ ᠡᠷᠥᠬᠡ ᠪᠠᠷ ᠬᠥᠨᠵᠡᠬᠡᠶᠢᠷᠡᠵᠥ᠂ ᠤᠢᠢᠯᠠᠳᠪᠤᠷᠢᠯᠡᠯ ᠠᠮᠢᠳᠤᠷᠠᠯ ᠤᠨ ᠬᠢᠨᠢ ᠪᠠᠶᠢᠳᠠᠯ ᠢ ᠤᠢᠢᠯᠠᠭᠠᠵᠥ ᠬᠠᠯᠠᠮᠵᠢᠯᠠᠪᠡ᠃ ᠮᠠᠯᠴᠢᠨ ᠤᠳᠬᠤᠨᠪᠠᠳᠤ ᠡᠨᠡ ᠬᠦ ᠠᠵᠢᠯᠯᠠᠭ᠎ᠠ ᠳᠤ ᠤᠷᠤᠯᠴᠠᠭᠠᠳ ᠰᠡᠳᠬᠢᠯ ᠦᠨᠳᠦᠷ ᠪᠠᠶᠢᠯ᠎ᠠ᠃ ᠲᠡᠷᠡ᠄ ︽ᠪᠢ ᠨᠡᠶᠢᠬᠡᠮ ᠨᠡᠶᠢᠳᠡ ᠪᠠᠷ ᠢᠶᠠᠨ ᠪᠠᠶᠠᠵᠢᠨ ᠴᠢᠨᠡᠬᠡᠯᠢᠭᠵᠢᠬᠦ ᠶᠢ ᠥᠵᠡᠬᠡᠳ ᠶᠡᠭᠡ ᠪᠠᠶᠠᠷᠯᠠᠵᠥ ᠪᠠᠶᠢᠨ᠎ᠠ᠃ ᠥᠪᠡᠷ ᠢᠶᠠᠨ ᠨᠢᠭᠡᠨ ᠠᠬᠠᠮᠠᠳ ᠨᠠᠮ ᠤᠨ ᠬᠡᠰᠢᠬᠦᠨ ᠪᠤᠯᠤᠭᠰᠠᠨ ᠤ ᠬᠤᠪᠢ ᠳᠤ ᠨᠠᠮ ᠳᠠᠭᠠᠨ ᠥᠨᠡᠨᠴᠢ ᠰᠢᠳᠤᠷᠭᠤ ᠪᠠᠷ ᠵᠢᠳᠬᠦᠵᠥ᠂ ᠡᠬᠡ ᠤᠯᠤᠰ ᠤᠨ ᠢᠶᠠᠨ ᠬᠥᠭᠵᠢᠯ ᠪᠠᠳᠠᠷᠠᠯ ᠳᠤ ᠬᠥᠴᠥ ᠨᠡᠮᠡᠷᠢᠯᠡᠨ᠂ ᠮᠠᠯ ᠲᠡᠷᠢᠶᠡᠯᠡᠩ ᠤᠨ ᠠᠵᠢᠯ ᠳᠠᠭᠠᠨ ᠴᠢᠷᠮᠠᠶᠢᠨ ᠠᠵᠢᠯᠯᠠᠬᠤ ᠪᠠᠷ ᠵᠤᠷᠢᠭᠵᠢᠵᠥ ᠪᠠᠶᠢᠨ᠎ᠠ︾ ᠬᠡᠯ᠎ᠠ᠃      ᠮᠠᠶᠢᠷᠠᠨᠰᠥ᠋ᠮ᠎ᠠ ᠭᠠᠴᠠᠭ᠎ᠠ 1950 ᠤᠨ ᠳᠤ ᠪᠠᠶᠢᠭᠤᠯᠤᠭᠳᠠᠨ᠂ ᠡᠳᠤᠬᠡ 1178 ᠬᠥᠮᠤᠨ ᠠᠮᠠ ᠲᠠᠢ ᠪᠠᠶᠢᠵᠥ᠂ ᠵᠢᠯ ᠤᠨ ᠬᠥᠮᠤᠨ ᠲᠤᠮᠳᠠᠴᠢ ᠤᠷᠤᠯᠭ᠎ᠠ 18000 ᠲᠥᠬᠦᠷᠢᠭ ᠲᠤ ᠬᠥᠷᠥᠭᠰᠡᠨ ᠴᠢᠨᠡᠬᠡᠯᠢᠭ ᠭᠠᠴᠠᠭ᠎ᠠ ᠪᠤᠯᠵᠠᠢ᠃ ᠲᠤᠰ ᠭᠠᠴᠠᠭ᠎ᠠ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠬᠥᠳᠡᠭᠡ ᠲᠤᠰᠬᠤᠨ ᠢ ᠬᠥᠭᠵᠢᠬᠦᠯᠬᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠡᠨ ᠪᠤᠬᠢᠷᠳᠤᠯ ᠥᠬᠡᠢ ᠪᠠᠷ ᠬᠥᠭᠵᠢᠬᠦᠯᠬᠦ ᠵᠡᠷᠬᠡ ᠲᠥᠷᠥ ᠶᠢᠨ ᠪᠤᠳᠤᠯᠭ᠎ᠠ ᠶᠢᠨ ᠬᠠᠷᠠᠭᠠᠯᠵᠠᠯ ᠢᠶᠠᠷ ᠬᠥᠭᠵᠢᠯᠳᠡ ᠶᠢᠨ ᠡᠷᠴᠢᠮ ᠢᠶᠠᠨ ᠴᠢᠩᠭᠠᠷᠠᠭᠤᠯᠵᠦ᠂ ᠮᠠᠯᠴᠢᠨ ᠲᠠᠷᠢᠶᠠᠴᠢᠳ ᠤᠨ ᠪᠠᠶᠠᠨ ᠴᠢᠨᠡᠬᠡᠯᠢᠭ ᠠᠮᠢᠳᠤᠷᠠᠯ ᠢᠶᠠᠨ ᠬᠠᠮᠳᠤ ᠪᠠᠷ ᠴᠤᠭᠴᠠᠯᠠᠬᠤ ᠤᠷᠮ᠎ᠠ ᠵᠤᠷᠢᠭ ᠢ ᠨᠡᠩ ᠬᠥᠭᠵᠢᠬᠡᠵᠠᠢ᠃      ᠮᠠᠶᠢᠷᠠᠨᠰᠥ᠋ᠮ᠎ᠠ ᠭᠠᠴᠠᠭᠠᠨ ᠤ ᠨᠢᠬᠡᠳᠤᠬᠡᠷ ᠱᠥᠵᠢ ᠮᠥᠡᠭᠬᠡᠳᠠᠯᠠᠢ᠄ ︽ᠮᠠᠨ ᠤ ᠭᠠᠴᠠᠭᠠᠨ ᠤ ᠬᠠᠮᠳᠤ ᠶᠢᠨ ᠠᠵᠥ ᠠᠬᠤᠢ᠂ ᠮᠠᠯᠴᠢᠳ ᠤᠨ ᠠᠮᠢᠳᠤᠷᠠᠯ ᠴᠦᠮ ᠦᠭᠡᠳᠡᠯᠡᠨ ᠰᠠᠶᠢᠵᠢᠷᠠᠵᠦ ᠪᠠᠶᠢᠨ᠎ᠠ᠃ ᠪᠢ ᠭᠠᠴᠠᠭᠠᠨ ᠳᠤ ᠰᠠᠭᠤᠭ᠎ᠠ ᠠᠵᠢᠯᠯᠠᠬᠤ ᠠᠩᠬᠢ ᠪᠠᠨ ᠲᠠᠶᠢᠴᠢᠯᠡᠨ᠂ ᠨᠢᠬᠡᠳᠤᠬᠡᠷ ᠱᠥᠵᠢ ᠶᠢᠨ ᠤᠢᠢᠯᠡᠳᠤᠯ ᠢᠶᠠᠨ ᠪᠠᠳᠠᠷᠠᠭᠤᠯᠵᠥ᠂ ᠮᠠᠯᠴᠢᠨ ᠲᠥᠮᠡᠨ ᠳᠡᠭᠡᠨ ᠨᠡᠩ ᠰᠠᠶᠢᠨ ᠤᠢᠢᠯᠡᠴᠢᠯᠡᠨ᠎ᠠ︾ ᠭᠡᠵᠦ ᠪᠠᠶᠢᠯ᠎ᠠ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号