ᠤᠢᠢᠷ᠎ᠠ ᠶᠢᠨ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠬᠠᠮᠳᠤᠷᠠᠨ ᠰᠡᠷᠬᠡᠶᠢᠯᠡᠵᠤ ᠬᠠᠮᠳᠤᠷᠠᠨ ᠡᠵᠡᠮᠳᠡᠬᠦ ᠲᠤᠭᠳᠠᠴᠠ ᠶᠢᠨ ᠬᠢᠨ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢ ᠤᠯᠠᠮ ᠰᠠᠶᠢᠳᠤᠷ ᠬᠢᠬᠦ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠪᠠ᠃ | ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠤ ᠢᠯᠡᠷᠬᠡᠶᠢᠯᠡᠭᠰᠡᠨ ᠢᠶᠠᠷ᠂ ᠦᠯᠦ ᠬᠠᠯᠳᠠᠭᠠᠬᠤ ᠲᠦᠷᠦᠯᠬᠢ | ᠴᠢᠨᠠᠷ ᠤᠨ ᠲᠠᠯ᠎ᠠ ᠠᠴᠠ ᠦᠵᠡᠪᠡᠯ ᠴᠢᠩᠭᠠᠳᠬᠠᠬᠤ ᠦᠷ᠎ᠡ ᠪᠦᠲᠦᠮᠵᠢ ᠶᠢ ᠲᠡᠭᠡᠭᠰᠢᠯᠡᠬᠦᠯᠵᠦ ᠪᠤᠯᠤᠨ᠎ᠠ᠃ ᠲᠤᠤᠷᠠᠬᠢ ᠬᠡᠳᠦᠨ ᠲᠦᠷᠦᠯ ᠤᠨ ᠬᠦᠮᠦᠰ ᠴᠢᠩᠭᠠᠳᠬᠠᠬᠤ | ᠵᠡᠬᠦᠦ ᠲᠠᠷᠢᠵᠤ ᠪᠤᠯᠤᠨ᠎ᠠ᠄ | · ᠭᠠᠳᠠᠨ᠎ᠠ ᠠᠴᠠ ᠤᠷᠤᠵᠤ ᠢᠷᠡᠬᠦ ᠲᠦᠭᠰᠢᠬᠦᠷᠢ ᠶᠡᠬᠡᠳᠡᠢ ᠬᠦᠮᠦᠰ ᠲᠠᠢ ᠤᠢᠢᠷᠠᠳᠤᠭᠰᠠᠳ᠂ ᠵᠢᠱᠢᠶᠡᠯᠡᠪᠡᠯ ᠪᠤᠭᠤᠮᠳᠠ᠂ ᠬᠢᠯᠢ ᠶᠢᠨ ᠪᠠᠶᠢᠴᠠᠭᠠᠯᠳᠠ᠂ ᠠᠭᠠᠷ ᠤᠨ | ᠠᠶᠠᠯᠠᠯ᠂ ᠲᠤᠰᠠᠭᠠᠷᠯᠠᠬᠤ ᠴᠡᠭ᠂ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠵᠡᠷᠬᠡ ᠨᠢᠬᠡᠴᠢ ᠶᠢᠨ ᠠᠵᠢᠯᠳᠠᠨ ᠰᠢᠨ᠎ᠠ ᠲᠢᠳᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠲᠠᠷᠢᠭᠠᠳ 6 ᠰᠠᠷ᠎ᠠ ᠪᠤᠯᠤᠭᠰᠠᠨ ᠤ ᠲᠠᠷᠠᠭ᠎ᠠ ᠴᠢᠩᠭᠠᠳᠬᠠᠬᠤ ᠵᠡᠬᠦᠦ ᠲᠠᠷᠢᠵᠤ ᠪᠤᠯᠤᠨ᠎ᠠ︔ | · ᠡᠬᠡᠯᠢᠯᠡᠭᠡ ᠶᠢᠨ ᠴᠢᠳᠠᠪᠤᠷᠢ ᠬᠠᠷᠢᠴᠠᠩᠭᠤᠢ ᠪᠠᠷ ᠲᠤᠤᠷ᠎ᠠ ᠬᠦᠮᠦᠰ ᠵᠢᠴᠢ 60 ᠨᠠᠰᠤᠨ ᠠᠴᠠ ᠲᠡᠭᠡᠭᠰᠢᠬᠢ ᠬᠦᠮᠦᠰ ᠬᠢᠵᠢᠭ ᠬᠠᠯᠳᠠᠪᠤᠷᠢᠯᠠᠭᠰᠠᠨ ᠤ ᠲᠠᠷᠠᠭ᠎ᠠ | ᠬᠦᠨᠳᠦ ᠡᠪᠡᠳᠴᠢᠨ᠂ ᠬᠦᠨᠳᠦ ᠲᠦᠭᠰᠢᠬᠦᠷᠢᠳᠡᠢ ᠡᠪᠡᠳᠴᠢᠨ ᠡᠬᠦᠰᠬᠦ᠂ ᠦᠬᠦᠬᠦ ᠠᠶᠤᠯ ᠲᠦᠭᠰᠢᠬᠦᠷᠢ ᠨᠢ ᠪᠤᠰᠤᠳ ᠬᠦᠮᠦᠰ ᠤᠨ ᠬᠢ ᠠᠴᠠ ᠦᠨᠳᠦᠷ ᠪᠠᠶᠢᠵᠤ᠂ | ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠰᠠᠨ ᠤ ᠲᠠᠷᠠᠭ᠎ᠠ 6 ᠰᠠᠷ᠎ᠠ ᠳᠤ ᠨᠢᠬᠡ ᠤᠳᠠᠭ᠎ᠠ ᠴᠢᠩᠭᠠᠳᠬᠠᠬᠤ ᠵᠡᠬᠦᠦ ᠲᠠᠷᠢᠵᠤ ᠪᠤᠯᠤᠨ᠎ᠠ︔ | · ᠠᠵᠢᠯ ᠠᠮᠢᠳᠤᠷᠠᠯ ᠤᠨ ᠬᠡᠷᠡᠭᠴᠡᠭᠡ ᠠᠴᠠ ᠪᠤᠯᠵᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠠᠶᠤᠯ ᠲᠦᠭᠰᠢᠬᠦᠷᠢ ᠶᠡᠬᠡᠳᠡᠢ ᠭᠠᠵᠠᠷ ᠤᠷᠤᠨ ᠪᠤᠶᠤ | ᠤᠯᠤᠰ ᠲᠤ ᠤᠴᠢᠬᠤ ᠬᠦᠮᠦᠰ ᠪᠠᠰᠠ ᠰᠢᠨ᠎ᠠ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠲᠠᠷᠢᠭᠠᠳ 6 ᠰᠠᠷ᠎ᠠ ᠪᠤᠯᠤᠭᠰᠠᠨ ᠤ ᠲᠠᠷᠠᠭ᠎ᠠ ᠡᠬᠡᠯᠢᠯᠡᠭᠡ ᠪᠠᠨ | ᠴᠢᠩᠭᠠᠳᠬᠠᠵᠤ ᠪᠤᠯᠤᠨ᠎ᠠ ᠬᠡᠵᠡᠢ᠃ | ᠤᠳᠤᠬᠢ ᠱᠠᠳᠤᠨ ᠳᠤ ᠪᠦᠬᠦ ᠬᠦᠮᠦᠰ ᠰᠢᠨ᠎ᠠ ᠲᠢᠲᠢᠮᠯᠢᠭ ᠸᠢᠷᠦ᠋ᠰ ᠤᠨ ᠸᠠᠻᠼᠢᠨ ᠤ ᠲᠠᠷᠢᠯᠭ᠎ᠠ ᠲᠠᠷᠢᠭᠠᠳ 6 ᠰᠠᠷ᠎ᠠ ᠪᠤᠯᠤᠭᠰᠠᠨ ᠤ ᠲᠠᠷᠠᠭ᠎ᠠ ᠡᠬᠡᠯᠢᠯᠡᠭᠡ ᠪᠠᠨ | ᠴᠢᠩᠭᠠᠳᠬᠠᠬᠤ ᠡᠰᠡᠬᠦ ᠲᠤᠬᠠᠢ ᠲᠤᠰᠬᠠᠢ ᠮᠡᠷᠬᠡᠵᠢᠯᠳᠡᠨ ᠠᠴᠠ ᠤᠯᠠᠮ ᠨᠢᠬᠡ ᠠᠯᠬᠤᠮ ᠰᠤᠳᠤᠯᠬᠤ ᠴᠢᠬᠤᠯᠠᠳᠠᠢ ᠪᠦᠬᠡᠳ ᠬᠢᠵᠢᠭ ᠤᠨ ᠪᠠᠶᠢᠳᠠᠯ ᠢ ᠦᠨᠳᠦᠰᠦᠯᠡᠨ | ᠶᠡᠷᠦᠩᠭᠡᠶᠢᠯᠡᠨ ᠰᠤᠳᠤᠯᠤᠨ ᠮᠠᠭᠠᠳᠯᠠᠬᠤ ᠬᠡᠷᠡᠭᠳᠡᠢ ᠬᠡᠵᠦ ᠰᠠᠨᠠᠭᠤᠯᠵᠠᠢ᠃ | | | | | |