| ᠨᠢᠭᠡ᠂ ᠪᠠᠶᠢᠭᠤᠯᠤᠮᠵᠢ ᠶᠢᠨ ᠴᠢᠳᠠᠪᠬᠢ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠥᠪᠡᠷᠲᠡᠭᠡᠨ ᠵᠠᠰᠠᠬᠤ ᠣᠷᠣᠨ ᠤ ᠬᠠᠤᠯᠢ ᠳᠤᠭᠳᠠᠭᠠᠯ ᠲᠥᠷᠢᠮ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ | ᠲᠥᠯᠦᠪᠯᠡᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠯᠠᠨ ᠡᠰᠢᠵᠢᠬᠦᠯᠦᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠳᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡᠨ ᠪᠣᠯᠤᠨ ᠪᠠᠶᠢᠭᠤᠯᠤᠯ ᠤᠨ ᠦᠭᠡᠷᠡᠴᠢᠯᠡᠯᠳᠡ ᠶᠢ | ᠠᠬᠢᠭᠤᠯᠤᠨ᠎ᠠ᠃ | ︵ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠪᠠ ᠰᠤᠷᠭᠠᠨ ᠬᠥᠮᠦᠵᠢᠯ ᠤᠨ ᠡᠷᠬᠡ ᠲᠡᠭᠰᠢ | ᠪᠠᠶᠢᠬᠤ ᠶᠢ ᠠᠬᠢᠭᠤᠯᠬᠤ ᠶᠢ ᠬᠠᠷᠢᠭᠤᠴᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ | ᠰᠤᠷᠭᠠᠭᠤᠯᠢ ᠰᠠᠭᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠩᠬᠠᠨ ᠤ ᠰᠤᠷᠭᠠᠨ ᠬᠥᠮᠦᠵᠢᠯ᠂ ᠤᠨᠴᠠᠭᠠᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠵᠢᠯᠣᠭᠤᠳᠤᠨ᠎ᠠ᠃ ᠠᠵᠢᠯᠲᠠᠨ ᠠᠵᠢᠯᠴᠢᠨ ᠤ | ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠨ ᠲᠤᠷᠰᠢᠳᠠ ᠶᠢᠨ ᠰᠤᠷᠭᠠᠨ | ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ | ᠬᠠᠮᠢᠶᠠᠷᠬᠤ ᠪᠠ ᠵᠢᠯᠣᠭᠤᠳᠤᠨ᠎ᠠ᠃ ᠨᠡᠶᠢᠭᠡᠮ ᠤᠨ ᠬᠦᠴᠦᠨ ᠢ ᠵᠢᠯᠣᠭᠤᠳᠴᠤ ᠪᠠᠶᠢᠭᠠᠳ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠦᠢᠯᠡᠰ ᠢ ᠦᠷᠨᠢᠬᠦᠯᠦᠨ᠎ᠡ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢ ᠵᠣᠬᠢᠴᠠᠭᠤᠯᠤᠨ ᠦᠢᠯᠡᠴᠢᠯᠡᠨ᠎ᠡ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ | ᠵᠢᠯᠣᠭᠤᠳᠤᠨ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠳᠠ ᠶᠢᠨ ᠰᠤᠷᠭᠠᠨ ᠬᠥᠮᠦᠵᠢᠯ ᠪᠠ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ | ᠶᠣᠰᠤ ᠰᠤᠷᠲᠠᠬᠤᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠤᠶᠤᠨ ᠤᠬᠠᠭᠠᠨ | ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠳᠤᠭᠳᠠᠯᠴᠠᠭ᠎ᠠ ᠶᠢ ᠪᠠᠶᠢᠭᠤᠯᠤᠨ᠎ᠠ᠃ | ︵ᠭᠤᠷᠪᠠ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ | ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠳᠤ ᠬᠠᠷᠢᠶᠠᠯᠠᠭᠳᠠᠬᠤ ᠠᠵᠢᠯ ᠦᠢᠯᠡᠰ ᠤᠨ ᠨᠢᠭᠡᠴᠡ ᠶᠢᠨ | ᠺᠠᠳ᠋ᠷ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃ | ︵ᠳᠥᠷᠪᠡ︶ ᠪᠠᠭᠰᠢ ᠶᠢᠨ ᠠᠵᠢᠯ ᠢ ᠬᠠᠷᠢᠭᠤᠴᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ | ᠲᠥᠯᠥᠪᠯᠡᠨ ᠬᠠᠮᠢᠶᠠᠷᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠭᠡᠤᠭᠡᠳ ᠤᠨ ᠴᠡᠴᠡᠷᠯᠢᠭ ᠤᠨ ᠪᠠᠭᠰᠢ᠂ ᠰᠤᠷᠭᠠᠭᠤᠯᠢ ᠶᠢᠨ ᠵᠠᠬᠢᠷᠤᠯ ︵ | ᠴᠡᠴᠡᠷᠯᠢᠭ ᠤᠨ ᠳᠠᠷᠤᠭ᠎ᠠ︶ ᠬᠢᠭᠡᠳ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ | ᠲᠥᠷᠥᠯ ᠤᠨ ᠪᠠᠭᠰᠢ ᠶᠢ ᠤᠷᠢᠨ ᠬᠡᠷᠡᠭᠯᠡᠬᠦ᠂ ᠠᠵᠢᠯ ᠤᠨ ᠪᠠᠶᠢᠷᠢᠨ ᠳᠤ ᠤᠷᠢᠨ ᠬᠡᠷᠡᠭᠯᠡᠬᠦ ᠶᠢ ᠬᠠᠮᠢᠶᠠᠷᠬᠤ᠂ ᠮᠡᠷᠭᠡᠵᠢᠯ ᠤᠨ ᠴᠣᠯᠠ ᠳᠤᠭᠳᠠᠭᠠᠵᠤ ᠤᠷᠢᠨ ᠬᠡᠷᠡᠭᠯᠡᠬᠦ | ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠪᠡᠶ᠎ᠡ ᠶᠢᠨ ᠲᠠᠮᠢᠷ ᠤᠨ ᠰᠢᠰᠲ᠋ᠧᠮ ᠤᠨ ᠰᠢᠯᠢᠳᠡᠭ ᠢ ᠰᠢᠯᠭᠠᠷᠠᠭᠤᠯᠵᠤ ᠲᠡᠷᠢᠬᠦᠨ ᠢ ᠰᠤᠩᠭᠤᠬᠤ ᠠᠵᠢᠯ ᠢ | ᠡᠬᠦᠷᠭᠡᠯᠡᠨ᠎ᠡ᠃ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ᠂ ᠪᠠᠭᠰᠢ ᠶᠢᠨ ᠪᠣᠯᠪᠠᠰᠤᠷᠠᠭᠤᠯᠤᠯ᠂ ᠪᠠᠭᠰᠢ ᠶᠢᠨ ᠦᠷᠭᠦᠯᠵᠢᠯᠡᠨ ᠬᠥᠮᠦᠵᠢᠭᠦᠯᠬᠦ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠳᠠᠭᠠᠳᠤ ᠯᠤᠭ᠎ᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠰᠤᠯᠢᠯᠴᠠᠭᠠᠨ ᠤ ᠠᠵᠢᠯ ᠢ | ᠬᠠᠷᠢᠭᠤᠴᠠᠨ᠎ᠠ᠃ | ︵ᠲᠠᠪᠤ︶ ᠰᠤᠷᠭᠠᠨ ᠬᠥᠮᠦᠵᠢᠯ ᠤᠨ ᠡᠷᠳᠡᠮ ᠰᠢᠨᠵᠢᠯᠡᠭᠡᠨ ᠤ ᠰᠤᠳᠤᠯᠭᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠬᠢᠭᠡᠳ | ᠥᠭᠡᠷᠡᠴᠢᠯᠡᠯᠲᠡ᠂ ᠰᠤᠷᠭᠠᠨ ᠬᠥᠮᠦᠵᠢᠯ ᠤᠨ ᠮᠡᠷᠭᠡᠵᠢᠯ ᠤᠨ ᠲᠣᠨᠣᠭᠯᠠᠯ ᠤᠨ ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠢᠯᠭᠠᠨ ᠡᠯᠰᠡᠬᠦ᠂ | ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ᠂ ᠰᠤᠷᠭᠠᠭᠤᠯᠢ ᠲᠡᠭᠦᠰᠴᠦ ᠠᠵᠢᠯ ᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠢ ᠬᠢᠨᠠᠨ ᠵᠢᠯᠣᠭᠤᠳᠴᠤ ᠪᠠᠶᠢᠴᠠᠭᠠᠬᠤ ᠪᠠ | ᠦᠨᠡᠯᠡᠯᠳᠡ ᠬᠢᠵᠤ ᠰᠢᠯᠭᠠᠨ ᠬᠤᠷᠢᠶᠠᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ | ᠪᠠᠶᠢᠴᠠᠭᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠢᠨᠠᠨ ᠵᠢᠯᠤᠭᠤᠳᠤᠭᠰᠠᠨ ᠮᠡᠳᠡᠭᠦᠯᠦᠯᠲᠡ ᠶᠢ | ᠨᠡᠶᠢᠲᠡᠯᠡᠨ᠎ᠡ᠃ | ︵ᠳᠣᠯᠤᠭ᠎ᠠ︶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠬᠡᠷᠡᠭᠵᠢᠭᠦᠯᠬᠦ ᠲᠥᠯᠥᠪᠯᠡᠭᠡ ᠶᠢ ᠠᠬᠢᠭᠤᠯᠤᠨ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠬᠡᠷᠡᠭᠵᠢᠬᠦᠯᠦᠯᠳᠡ | ᠳᠤ ᠬᠢᠨᠠᠯᠳᠠ ᠳᠠᠯᠪᠢᠨ᠎ᠠ᠃ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠢ ᠵᠢᠯᠣᠭᠤᠳᠬᠤ ᠠᠵᠢᠯ ᠤᠨ ᠡᠩᠨᠡᠭᠡᠨ ᠤ | ᠪᠠᠶᠢᠭᠤᠯᠤᠯᠳᠠ ᠶᠢ ᠠᠬᠢᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠳᠤᠭᠳᠠᠯᠴᠠᠭ᠎ᠠ ᠶᠢᠨ ᠪᠠᠶᠢᠭᠤᠯᠤᠯᠲᠠ ᠶᠢ | ᠵᠢᠯᠣᠭᠤᠳᠴᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠦᠮᠵᠢ ᠳᠤ ᠬᠢᠨᠠᠯᠲᠠ ᠳᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ︵ᠨᠠᠢᠮᠠ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠦᠯᠦᠪᠯᠡᠨ ᠲᠦᠯᠦᠪᠵᠢᠬᠦᠯᠵᠤ᠂ ᠤᠷᠤᠯᠳᠤᠭᠠᠨ ᠤ ᠪᠡᠶ᠎ᠡ | ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠳᠤᠬᠢᠷᠠᠭᠤᠯᠤᠯᠳᠠ ᠪᠠ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠦᠨ᠎ᠡ᠃ ᠤᠷᠤᠯᠳᠤᠭᠠᠨ ᠤ | ᠪᠡᠶ᠎ᠡ ᠶᠢᠨ ᠲᠠᠮᠢᠷ ᠤᠨ ᠪᠣᠯᠪᠠᠰᠤᠷᠠᠯ ᠢ ᠵᠢᠯᠤᠭᠤᠳᠤᠨ ᠵᠤᠬᠢᠴᠠᠭᠤᠯᠤᠨ᠎ᠠ᠃ ᠲᠠᠮᠢᠷᠴᠢᠨ ᠤ ᠡᠩᠨᠡᠭᠡᠨ ᠤ ᠪᠠᠶᠢᠭᠤᠯᠤᠯᠲᠠ ᠪᠠ ᠠᠵᠢᠯ ᠤᠨ ᠴᠢᠯᠥᠭᠡᠨ ᠤ ᠪᠣᠯᠪᠠᠰᠤᠷᠠᠯ ᠤᠨ | ᠠᠵᠢᠯ ᠢ ᠵᠢᠯᠣᠭᠤᠳᠤᠨ᠎ᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ ᠲᠦᠯᠦᠪᠯᠡᠨ ᠲᠦᠯᠦᠪᠵᠢᠬᠦᠯᠵᠤ᠂ ᠵᠠᠯᠠᠭᠤᠴᠤᠳ | ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢ ᠵᠢᠯᠤᠭᠤᠳᠤᠨ᠎ᠠ᠃ | ︵ᠶᠢᠰᠦ︶ ᠣᠯᠠᠨ ᠤᠯᠤᠰ᠂ ᠤᠯᠤᠰ ᠤᠨ ᠳᠣᠲᠣᠭᠠᠳᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠷᠤᠯᠳᠤᠭᠠᠨ ᠢ ᠳᠠᠭᠠᠭᠠᠴᠢᠯᠠᠨ ᠡᠷᠭᠢᠯᠡᠬᠦ ᠶᠢᠨ | ᠬᠠᠮᠲᠤ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠭᠤᠤᠯᠯᠠᠨ ᠡᠷᠭᠢᠯᠡᠨ᠎ᠡ᠃ ᠪᠦᠬᠦ | ᠬᠤᠳᠠ ᠶᠢᠨ ᠴᠢᠨᠠᠷᠲᠠᠶ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠬᠠᠮᠢᠶᠠᠷᠴᠤ᠂ ᠠᠵᠢᠯ ᠤᠨ ᠴᠢᠯᠥᠭᠡᠨ ᠤ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ᠃ | ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠ︶ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢ ᠰᠤᠳᠤᠯᠤᠨ ᠳᠤᠭᠤᠷᠪᠢᠨ ᠲᠣᠭᠲᠠᠭᠠᠵᠤ᠂ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠪᠠᠶᠢᠷᠢᠯᠠᠭᠤᠯᠤᠯᠳᠠ ᠶᠢ ᠵᠢᠯᠣᠭᠤᠳᠤᠨ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠭᠤᠣᠯᠳᠠᠯᠭ᠎ᠠ ᠲᠠᠢ ᠠᠵᠢᠯ | ᠲᠦᠷᠦᠯ ᠤᠨ ᠪᠠᠶᠢᠳᠠᠯ ᠤᠨ ᠬᠦᠭᠵᠢᠯᠳᠡ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠰᠤᠭᠤᠯᠤᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ᠃ | ︵ᠠᠷᠪᠠᠨ ᠨᠢᠭᠡ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠣᠶᠣᠯ᠂ ᠤᠬᠠᠭᠤᠯᠭ᠎ᠠ ᠬᠥᠮᠦᠵᠢᠯ ᠪᠠ ᠡᠷᠳᠡᠮ ᠰᠢᠨᠵᠢᠯᠡᠭᠡᠨ ᠤ ᠰᠤᠳᠤᠯᠤᠯ ᠤᠨ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠴᠤ᠂ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠭᠢᠯᠡᠭᠰᠡᠨ ᠠᠵᠤ | ᠠᠬᠤᠶᠢᠯᠠᠯ ᠤᠨ ᠪᠤᠰᠤ ᠨᠢᠭᠡᠴᠡ ᠶᠢᠨ ᠠᠵᠢᠯ ᠢ ᠬᠠᠮᠢᠶᠠᠷᠤᠨ ᠵᠢᠯᠣᠭᠤᠳᠤᠨ᠎ᠠ᠃ | ︵ᠠᠷᠪᠠᠨ ᠬᠤᠶᠠᠷ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠢ ᠴᠤᠭᠯᠠᠭᠤᠯᠤᠨ ᠬᠡᠷᠡᠭᠯᠡᠬᠦ᠂ ᠵᠣᠭᠤᠰ ᠰᠠᠯᠭᠠᠨ ᠥᠭᠬᠦ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠬᠤ ᠲᠥᠷᠥ ᠶᠢᠨ | ᠪᠣᠳᠣᠯᠭ᠎ᠠ ᠶᠢ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠢ ᠭᠦᠢᠴᠡᠳᠭᠡᠵᠤ ᠪᠠᠶᠢᠭ᠎ᠠ ᠪᠠᠶᠢᠳᠠᠯ ᠢ ᠪᠦᠷᠢᠳᠭᠡᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠰᠤᠷᠤᠭᠴᠢᠳ ᠢ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠦᠨ᠎ᠡ᠃ | ︵ᠠᠷᠪᠠᠨ ᠭᠤᠷᠪᠠ︶ ᠤᠯᠤᠰ ᠤᠨ ᠦᠭᠡ ᠬᠡᠯᠡ ᠥᠰᠥᠭ ᠪᠢᠴᠢᠭ ᠤᠨ ᠠᠵᠢᠯ ᠤᠨ ᠴᠢᠭᠯᠡᠯᠲᠡ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠢᠲᠠᠳ ᠦᠭᠡ ᠬᠡᠯᠡ ᠥᠰᠥᠭ ᠪᠢᠴᠢᠭ ᠤᠨ ᠵᠢᠷᠤᠮᠵᠢᠯ ᠪᠣᠯᠤᠨ ᠪᠠᠷᠢᠮᠵᠢᠶ᠎ᠠ ᠬᠡᠷᠡᠭᠯᠡᠯᠲᠡ ᠶᠢ ᠵᠢᠯᠣᠭᠤᠳᠤᠨ ᠬᠢᠨᠠᠯᠲᠠ ᠲᠠᠯᠪᠢᠵᠤ᠂ ᠨᠡᠶᠢᠳᠡᠯᠢᠭ | ᠭᠡᠯ᠎ᠠ ᠪᠣᠯᠤᠨ ᠨᠡᠶᠢᠳᠡᠯᠢᠭ ᠬᠡᠯᠡᠨ ᠤ ᠰᠣᠷᠢᠯᠲᠠ ᠶᠢᠨ ᠠᠵᠢᠯ ᠢ ᠵᠢᠯᠣᠭᠤᠳᠤᠨ ᠳᠡᠯᠭᠡᠷᠡᠭᠦᠯᠦᠨ᠎ᠡ᠃ | ︵ᠠᠷᠪᠠᠨ ᠳᠥᠷᠪᠡ︶ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠢᠴᠢ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠬᠤᠲᠠ ᠶᠢᠨ ᠰᠢᠭᠤᠳ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠬᠤᠲᠠ ᠶᠢᠨ ᠲᠣᠰ ᠱᠠᠲᠤᠨ ᠤ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠷᠢᠭᠤᠴᠠᠵᠤ᠂ ᠬᠤᠰᠢᠭᠤ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠴᠤ᠂ ᠬᠢᠨᠠᠯᠲᠠ ᠲᠠᠯᠪᠢᠵᠤ | ᠬᠠᠮᠢᠶᠠᠷᠤᠨ᠎ᠠ᠃ | ︵ᠠᠷᠪᠠᠨ ᠵᠢᠷᠭᠤᠭ᠎ᠠ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ | ᠪᠡᠶᠡᠯᠡᠭᠦᠯᠦᠨ᠎ᠡ᠃ | ᠬᠤᠶᠠᠷ᠂ ᠳᠣᠲᠣᠭᠠᠳᠤ ᠶᠢᠨ ᠪᠠᠶᠢᠭᠤᠯᠤᠮᠵᠢ | ︵ᠨᠢᠭᠡ︶ ᠠᠯᠪᠡᠠ ᠭᠡᠷ᠄ ᠪᠠᠶᠢᠭᠤᠯᠤᠯᠭ᠎ᠠ ᠶᠢᠨ ᠡᠳᠦᠷ ᠲᠤᠲᠤᠮ ᠤᠨ ᠡᠷᠭᠢᠯᠳᠡ ᠶᠢ ᠬᠠᠷᠢᠭᠤᠴᠠᠵᠤ᠂ ᠠᠯᠪᠠᠨ ᠪᠢᠴᠢᠭ ᠤᠨ ᠡᠷᠬᠢᠯᠳᠡ᠂ ᠬᠤᠷᠠᠯ ᠢ ᠵᠣᠬᠢᠶᠠᠨ | ᠪᠠᠶᠢᠭᠤᠯᠬᠤ᠂ ᠶᠡᠷᠦᠩᠬᠡᠶᠢᠯᠡᠭᠰᠡᠨ ᠴᠢᠨᠠᠷᠲᠠᠶ ᠶᠠᠷᠢᠶᠠᠨ ᠤ ᠡᠬᠡ ᠨᠣᠣᠷᠠᠭ ᠢ ᠲᠤᠭᠤᠷᠪᠢᠬᠤ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠤᠴᠠ ᠮᠠᠲ᠋ᠧᠷᠢᠶᠠᠯ ᠤᠨ | ᠨᠢᠭᠤᠴᠠ ᠶᠢ ᠬᠠᠮᠠᠭᠠᠯᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠨᠠᠷᠢᠨ ᠪᠢᠴᠢᠭᠡᠴᠢ ᠶᠢᠨ ᠳᠠᠩᠰᠠ ᠡᠪᠭᠡᠮᠡᠯ᠂ ᠶᠡᠷᠦᠩᠬᠡᠶᠢᠯᠡᠭᠰᠡᠨ ᠪᠠᠶᠢᠴᠠᠭᠠᠨ | ᠰᠤᠳᠤᠯᠤᠯᠳᠠ ᠵᠡᠷᠭᠡ ᠠᠵᠢᠯ ᠢ ᠡᠭᠦᠷᠭᠡᠯᠡᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠪᠠ ᠤᠨ | ᠤ ᠲᠥᠯᠦᠪᠯᠡᠯᠭᠡ ᠶᠢ ᠨᠠᠶᠢᠷᠠᠭᠤᠯᠤᠨ ᠵᠣᠬᠢᠶᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠳᠤᠬᠠᠢ | ᠡᠯ᠎ᠡ ᠲᠥᠷᠥᠯ ᠤᠨ ᠶᠡᠷᠦᠩᠬᠡᠶᠢᠯᠡᠭᠰᠡᠨ ᠴᠢᠨᠠᠷᠲᠠᠶ ᠪᠠᠶᠢᠴᠠᠭᠠᠯᠲᠠ᠂ ᠦᠨᠡᠯᠡᠯᠲᠡ᠂ ᠰᠢᠯᠭᠠᠨ ᠬᠢᠨᠠᠯᠳᠡ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ | ᠭᠦᠢᠴᠡᠳᠭᠡᠬᠦ ᠶᠢ ᠵᠤᠬᠢᠴᠠᠭᠤᠯᠤᠨ ᠵᠤᠬᠢᠶᠠᠨ ᠪᠠᠶᠢᠭᠤᠯᠤᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠣᠷᠣᠨ ᠪᠦᠰᠡ ᠶᠢᠨ ᠶᠡᠷᠦᠩᠬᠡᠶᠢᠯᠡᠭᠰᠡᠨ ᠴᠢᠨᠠᠷᠲᠠᠶ | ᠬᠠᠮᠵᠢᠯᠴᠠᠬᠤ ᠠᠵᠢᠯ ᠢ ᠨᠢᠭᠡᠳᠦᠯᠲᠡᠶ ᠲᠦᠯᠦᠪᠯᠡᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠢᠶᠠᠷ ᠶᠠᠳᠠᠭᠤ ᠶᠢ ᠲᠡᠳᠬᠦᠬᠦ᠂ ᠬᠦᠳᠡᠭᠡ ᠳᠤᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠣᠶᠣᠯ᠂ | ᠤᠬᠠᠭᠤᠯᠭ᠎ᠠ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠡᠭᠦᠷᠭᠡᠯᠡᠨ᠎ᠡ᠃ | ︵ᠬᠤᠶᠠᠷ︶ ᠠᠵᠢᠯᠳᠠᠨ ᠤ ᠶᠠᠪᠤᠳᠠᠯ ᠤᠨ ᠰᠠᠯᠠᠭ᠎ᠠ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ | ᠬᠠᠮᠢᠶᠠᠷᠤᠯᠲᠠ ᠪᠣᠯᠤᠨ ᠴᠢᠳᠠᠪᠤᠷᠢᠲᠠᠨ ᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ | ᠬᠥᠳᠡᠯᠮᠦᠷᠢ ᠴᠠᠯᠢᠩ᠂ ᠪᠠᠶᠢᠭᠤᠯᠤᠮᠵᠢ ᠣᠷᠣᠨ ᠲᠤᠭ᠎ᠠ᠂ ᠺᠠᠳ᠋ᠷ ᠤᠨ ᠡᠩᠨᠡᠭᠡᠨ ᠤ ᠬᠠᠮᠢᠶᠠᠷᠤᠯᠲᠠ᠂ ᠺᠠᠳ᠋ᠷ ᠤᠨ ᠬᠥᠮᠦᠵᠢᠯ ᠪᠣᠯᠪᠠᠰᠤᠷᠠᠭᠤᠯᠤᠯ᠂ ᠰᠢᠯᠭᠠᠨ ᠬᠢᠨᠠᠬᠤ | ᠰᠢᠯᠭᠠᠨ ᠲᠣᠭᠲᠠᠭᠠᠬᠤ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠢ ᠬᠠᠮᠵᠢᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠰᠠᠯᠠᠭᠠᠨ ᠤ ᠳᠡᠰ ᠠᠴᠠ ᠳᠡᠭᠡᠭᠰᠢᠬᠢ ᠺᠠᠳ᠋ᠷ ᠢ ᠲᠣᠮᠢᠯᠠᠬᠤ ᠪᠠᠭᠤᠯᠭᠠᠬᠤ᠂ | ᠱᠠᠩᠨᠠᠵᠤ ᠲᠣᠷᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠬᠢᠭᠡᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠪᠠᠭᠰᠢ ᠠᠵᠢᠯᠳᠡᠠ ᠠᠵᠢᠯᠴᠢᠠ ᠢ ᠤᠷᠢᠨ | ᠬᠡᠷᠡᠭᠯᠡᠬᠦ᠂ ᠡᠯᠰᠡᠨ ᠬᠡᠷᠡᠭᠯᠡᠬᠦ᠂ ᠲᠣᠬᠢᠷᠠᠭᠤᠯᠬᠤ᠂ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠳ | ᠤᠨ ᠠᠵᠢᠯ ᠢ ᠬᠠᠷᠢᠭᠤᠴᠠᠵᠤ᠂ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠰᠠᠯᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ︵ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ︶᠄ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠯᠥᠪᠯᠡᠭᠡ ᠶᠢ ᠰᠤᠳᠤᠯᠤᠨ ᠳᠤᠭᠤᠷᠪᠢᠨ ᠲᠣᠭᠲᠠᠭᠠᠨ᠎ᠠ᠃ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠬᠠᠤᠯᠢ ᠪᠠᠷ ᠵᠠᠰᠠᠬᠤ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠦᠷᠨᠢᠬᠦᠯᠤᠨ᠎ᠡ᠃ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠬᠢᠨᠠᠨ ᠪᠠᠶᠢᠴᠠᠭᠠᠯᠲᠠ᠂ | ᠵᠠᠬᠢᠳᠠᠯ ᠰᠤᠷᠪᠤᠯᠵᠢᠯᠠᠭ᠎ᠠ ᠵᠢᠴᠢ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠡᠭᠦᠷᠭᠡᠯᠡᠨ᠎ᠡ᠃ ᠪᠡᠷᠢᠮᠵᠢᠶᠡᠵᠢᠭᠤᠯᠬᠤ ᠪᠠᠶᠢᠭᠤᠯᠤᠯᠲᠠ᠂ ︽ᠳᠠᠯᠪᠢᠬᠤ ᠬᠠᠮᠢᠶᠠᠷᠬᠤ | ᠦᠢᠯᠡᠴᠢᠯᠡᠬᠦ︾ ᠬᠠᠮᠢᠶ᠎ᠠ ᠪᠥᠬᠦᠶ ᠠᠵᠢᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠳᠦᠯᠲᠡᠶ ᠲᠥᠯᠥᠪᠯᠡᠨ | ᠥᠷᠨᠢᠭᠦᠯᠦᠨ᠎ᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠡᠭᠦᠷᠭᠡᠯᠡᠨ᠎ᠡ᠃ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠵᠠᠰᠠᠭ ᠤᠨ ᠰᠤᠷᠲᠠᠯ᠂ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠬᠠᠷᠢᠭᠤᠴᠠᠨ᠎ᠠ᠃ | ᠳᠤᠭᠳᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠪᠴᠢᠶ᠎ᠠ ᠶᠢᠨ ᠪᠠᠶᠢᠭᠤᠯᠭ᠎ᠠ ᠶᠢᠨ ᠭᠤᠶᠤᠴᠢᠯᠠᠯ ᠢ ᠦᠨᠳᠤᠰᠤᠯᠡᠨ ᠵᠠᠰᠠᠭ ᠵᠠᠬᠢᠷᠭᠠᠨ ᠤ ᠵᠦᠪᠰᠢᠶᠡᠷᠡᠬᠦ ᠂ | ᠨᠤᠲᠠᠯᠠᠬᠤ᠂ ᠱᠠᠩᠨᠠᠬᠤ᠂ ᠥᠭᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠳᠠᠮᠵᠢᠭᠤᠯᠤᠨ ᠮᠡᠳᠡᠭᠦᠯᠬᠦ ᠵᠡᠷᠭᠡ ᠠᠵᠢᠯ ᠪᠠ ᠡᠳᠦᠷ | ᠲᠤᠲᠤᠮ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠵᠦᠢᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠮᠠᠭᠠᠳᠯᠠᠨ ᠲᠣᠭᠲᠠᠭᠠᠬᠤ᠂ ᠳᠠᠩᠰᠠᠯᠠᠬᠤ ᠵᠡᠷᠭᠡ ᠠᠵᠢᠯ ᠢ | ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠲᠤ ᠦᠵᠡᠭᠦᠯᠬᠦ ᠠᠷᠤ ᠲᠠᠯ᠎ᠠ ᠶᠢᠨ | ᠳᠡᠮᠵᠢᠯᠭᠡ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ | ︵ᠲᠦᠷᠪᠡ︶ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠡᠳ᠋ ᠤᠨ ᠶᠠᠪᠤᠳᠠᠯ ᠤᠨ ᠰᠠᠯᠠᠭ᠎ᠠ᠄ ᠲᠣᠰ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ | ᠵᠠᠷᠤᠳᠠᠯ ᠢ ᠴᠤᠭᠯᠠᠭᠤᠯᠬᠤ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠳᠤᠭᠳᠠᠭᠠᠬᠤ ᠳᠤ ᠤᠷᠤᠯᠴᠠᠨ᠎ᠠ᠃ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠵᠠᠷᠤᠳᠠᠯ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ | ᠲᠤᠰᠬᠠᠶ ᠵᠠᠷᠤᠳᠠᠯ ᠤᠨ ᠬᠠᠮᠢᠶᠠᠷᠤᠯᠲᠠ ᠶᠢᠨ ᠠᠵᠢᠯ ᠢ ᠦᠷᠨᠢᠬᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠣᠭᠡᠳ ᠤᠨ ᠴᠡᠴᠡᠷᠯᠢᠭ ᠤᠨ | ᠲᠣᠬᠢᠷᠠᠭᠤᠯᠤᠯᠲᠠ᠂ ᠪᠠᠶᠢᠷᠢᠯᠠᠭᠤᠯᠤᠯᠳᠠ ᠳᠤ ᠳᠤᠬᠢᠷᠠᠭᠤᠯᠤᠯᠳᠠ ᠬᠢᠬᠦ ᠲᠥᠯᠥᠪᠵᠢᠭᠦᠯᠭᠡ ᠳᠤ ᠰᠠᠨᠠᠯ ᠳᠤᠷᠠᠳᠤᠨ᠎ᠠ᠃ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠵᠢᠴᠢ ᠰᠡᠯᠪᠢᠨ ᠵᠠᠰᠠᠬᠤ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤ ᠳᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠭᠡᠷᠡᠭᠵᠢᠬᠦᠯᠦᠯᠳᠡ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠡᠳ᠋ ᠤᠨ | ᠶᠠᠪᠤᠳᠠᠯ᠂ ᠳᠣᠲᠤᠭᠠᠳᠤᠬᠢ ᠬᠢᠨᠠᠨ ᠪᠣᠳᠣᠯᠲᠠ ᠪᠣᠯᠤᠨ ᠰᠣᠷᠣᠭᠴᠢ ᠶᠢ ᠵᠣᠭᠤᠰ ᠢᠶᠠᠷ ᠲᠤᠰᠠᠯᠠᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ ᠪᠠᠶᠢᠭᠤᠯᠭ᠎ᠠ ᠵᠢᠴᠢ | ᠬᠠᠷᠢᠶ᠎ᠠ ᠲᠥᠰᠦᠪ ᠤᠨ ᠨᠢᠭᠡᠴᠡ ᠶᠢᠨ ᠲᠦᠰᠤᠪ ᠪᠠ ᠲᠥᠰᠦᠪ ᠤᠨ ᠬᠦᠢᠴᠡᠳᠭᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ | ᠬᠥᠷᠦᠩᠭᠡ᠂ ᠰᠤᠷᠭᠠᠨ ᠬᠥᠮᠦᠵᠢᠯ ᠤᠨ ᠬᠠᠨᠳᠢᠪᠯᠠᠨ ᠬᠦᠷᠭᠡᠬᠦ᠂ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠪᠦᠷᠢᠳᠬᠡᠬᠦ ᠪᠠ ᠵᠠᠳᠠᠯᠬᠤ ᠠᠵᠢᠯ ᠢ ᠬᠠᠷᠢᠭᠤᠴᠠᠨ᠎ᠠ᠃ ᠤᠷᠳᠤᠰ ᠬᠤᠳᠠ ᠶᠢᠨ ᠠᠷᠠᠳ ᠤᠨ ᠰᠤᠷᠭᠠᠨ | ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠢ ᠬᠠᠪᠰᠤᠷᠤᠨ ᠰᠤᠷᠭᠠᠨ ᠬᠥᠮᠦᠵᠢᠯ ᠤᠨ ᠰᠠᠭᠤᠷᠢ ᠮᠥᠩᠭᠦ ᠶᠢ ᠬᠠᠮᠢᠶᠠᠷᠤᠨ᠎ᠠ᠃ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠬᠦᠷᠢᠶ᠎ᠡ ᠴᠠᠷᠠᠭᠠᠨ ᠳᠠᠬᠢ ᠡᠯ᠎ᠡ ᠲᠥᠷᠥᠯ ᠤᠨ ᠲᠤᠰᠬᠠᠶ ᠵᠠᠷᠤᠳᠠᠯ ᠳᠤ ᠬᠤᠪᠢᠶᠠᠷᠢᠯᠠᠬᠤ ᠰᠠᠨᠠᠯ ᠳᠤᠷᠠᠳᠬᠤ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ᠂ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ᠎ᠡ᠃ | ︵ᠲᠠᠪᠤ︶ ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ᠄ ᠪᠥᠬᠦ ᠬᠤᠲᠠ ᠶᠢᠨ ᠰᠠᠭᠤᠷᠢ ᠰᠤᠷᠭᠠᠨ ᠬᠥᠮᠦᠵᠢᠯ᠂ ᠦᠨᠳᠦᠰᠦᠲᠡᠨ ᠤ ᠰᠠᠭᠤᠷᠢ ᠰᠤᠷᠭᠠᠨ | ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠵᠠᠯᠠᠭᠤᠴᠤᠳ ᠢᠳᠡᠷᠴᠦᠳ ᠤᠨ ᠰᠣᠶᠣᠯ ᠤᠨ ᠪᠠᠯᠠᠶ ᠶᠢ ᠠᠷᠢᠯᠭᠠᠬᠤ ᠵᠡᠷᠭᠡ ᠠᠵᠢᠯ ᠢ ᠬᠠᠷᠢᠭᠤᠴᠠᠨ᠎ᠠ︔ ᠳᠤᠮᠳᠠᠳᠤ | ᠪᠠᠭ᠎ᠠ ᠰᠤᠷᠭᠠᠭᠤᠯᠢ ᠶᠢᠨ ᠳᠤᠬᠢᠷᠠᠭᠤᠯᠤᠯᠳᠠ᠂ ᠪᠠᠶᠢᠷᠢᠯᠠᠭᠤᠯᠤᠯᠳᠠ ᠳᠤ ᠳᠤᠬᠢᠷᠠᠭᠤᠯᠭ᠎ᠠ ᠬᠢᠬᠦ ᠰᠠᠨᠠᠯ ᠳᠤᠷᠠᠳᠤᠨ᠎ᠠ︔ ᠪᠥᠬᠦ ᠬᠤᠲᠠ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠡᠷᠡᠭᠵᠢᠭᠦᠯᠬᠦ ᠨᠠᠷᠢᠨ ᠲᠦᠷᠢᠮ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠵᠤ᠂ ᠬᠤᠰᠢᠭᠤ ᠲᠣᠭᠤᠷᠢᠭ ᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠡᠭᠦᠷᠭᠡ ᠶᠢᠨ ᠪᠡᠶᠡᠯᠡᠬᠦᠯᠦᠯᠳᠡ ᠶᠢ | ᠵᠢᠯᠣᠭᠤᠳᠤᠨ ᠪᠠᠶᠢᠴᠠᠭᠠᠨ᠎ᠠ︔ ᠰᠤᠷᠭᠠᠭᠤᠯᠢ ᠶᠢᠨ ᠪᠦᠯᠬᠦᠮ ᠨᠡᠶᠢᠳᠡ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮ ᠰᠢᠯᠭᠠᠯᠲᠠ ᠶᠢᠨ ᠠᠵᠢᠯ ᠢ | ᠵᠢᠯᠣᠭᠤᠳᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠪᠠ ︽ᠭᠤᠷᠪᠠᠨ ᠰᠠᠶᠢᠨᠲᠠᠶ ᠰᠣᠷᠣᠭᠴᠢ︾᠂ ︽ᠰᠢᠯᠢᠳᠡᠭ | ᠰᠣᠷᠣᠭᠴᠢ ᠶᠢᠨ ᠺᠠᠳ᠋ᠷ︾᠂ ︽ᠲᠡᠷᠢᠭᠦᠨ ᠤ ᠠᠩᠭᠢ ᠶᠢᠨ ᠬᠠᠮᠲᠤ ᠨᠡᠶᠢᠲᠡ︾ ᠶᠢ ᠰᠢᠯᠭᠠᠷᠠᠭᠤᠯᠬᠤ ᠵᠡᠷᠭᠡ ᠠᠵᠢᠯ ᠢ ᠬᠠᠷᠢᠭᠤᠴᠠᠨ᠎ᠠ︔ ᠬᠠᠮᠢᠶᠠᠷᠴᠤ ᠪᠠᠶᠢᠭ᠎ᠠ ᠡᠯ᠎ᠡ | ᠲᠦᠷᠦᠯ ᠤᠨ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠨ᠎ᠡ︔ ᠠᠯᠪᠠᠨ ᠵᠢᠷᠤᠮ ᠤᠨ ᠰᠤᠷᠭᠠᠨ ᠬᠥᠮᠦᠵᠢᠯ ᠢ | ᠬᠡᠷᠡᠭᠵᠢᠭᠦᠯᠬᠦ ᠲᠤᠰᠬᠠᠶ ᠵᠠᠷᠤᠳᠠᠯ ᠢ ᠬᠤᠪᠢᠶᠠᠷᠢᠯᠠᠬᠤ ᠰᠠᠨᠠᠯ ᠳᠤᠷᠠᠳᠬᠤ ᠶᠢᠨ ᠬᠠᠮᠲᠤ ᠨᠠᠶᠢᠳᠠᠪᠤᠷᠢᠵᠢᠭᠤᠯᠤᠨ ᠬᠡᠷᠡᠭᠯᠡᠭᠰᠡᠨ ᠪᠠᠶᠢᠳᠠᠯ ᠢ ᠪᠠᠶᠢᠴᠠᠭᠠᠨ᠎ᠠ᠃ | ︵ᠵᠢᠷᠭᠤᠭ᠎ᠠ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠰᠠᠯᠠᠭ᠎ᠠ᠄ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ | ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠡᠷᠭᠡ ᠨᠠᠰᠤᠨ ᠳᠤ ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠪᠤᠰᠤ | ᠰᠤᠷᠭᠠᠨ ᠬᠥᠮᠦᠵᠢᠯ ᠤᠨ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠵᠢᠯᠣᠭᠤᠳᠬᠤ ᠴᠢᠨᠠᠷᠲᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ᠂ | ᠵᠢᠭᠠᠨ ᠰᠤᠷᠭᠠᠯᠲᠠ ᠶᠢ ᠦᠨᠡᠯᠡᠨ ᠵᠢᠱᠢᠬᠦ ᠱᠠᠭᠠᠷᠳᠠᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠨ ᠤ ᠬᠠᠮᠢᠶᠠᠷᠤᠯᠲᠠ᠂ ᠠᠵᠢᠯ ᠮᠡᠷᠭᠡᠵᠢᠯ ᠤᠨ ᠵᠢᠯᠤᠭᠤᠳᠤᠯᠭ᠎ᠠ ᠶᠢᠨ ᠠᠵᠢᠯ ᠢ | ᠬᠠᠷᠢᠭᠤᠴᠠᠨ᠎ᠠ᠃ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠵᠢᠯᠤᠭᠤᠳᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ | ᠬᠦᠷᠦᠭᠰᠡᠳ ᠤᠨ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠳᠤᠬᠢᠷᠠᠭᠤᠯᠤᠯᠳᠠ᠂ ᠰᠤᠷᠭᠠᠨ ᠬᠥᠮᠦᠵᠢᠯ ᠤᠨ ᠮᠡᠳᠡᠭᠡ | ᠵᠠᠩᠬᠢᠴᠢᠯᠠᠯᠳᠠ᠂ ᠰᠤᠷᠭᠠᠨ ᠬᠥᠮᠦᠵᠢᠯ ᠤᠨ ᠮᠡᠷᠭᠡᠵᠢᠯ ᠤᠨ ᠲᠣᠨᠣᠭᠯᠠᠯ᠂ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠤᠨ ᠡᠷᠳᠡᠮ ᠰᠢᠨᠵᠢᠯᠡᠭᠡᠨ | ᠤ ᠠᠵᠢᠯ ᠢ ᠵᠢᠯᠤᠭᠤᠳᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢ ᠬᠠᠪᠰᠤᠷᠤᠨ ᠰᠤᠷᠭᠠᠭᠤᠯᠢ ᠶᠢᠨ ᠬᠥᠭᠵᠢᠯᠲᠡ ᠪᠦᠳᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠠᠵᠢᠯ ᠢ ᠰᠠᠶᠢᠳᠤᠷ ᠬᠢᠨ᠎ᠡ᠃ | ︵ᠳᠣᠯᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠰᠠᠯᠠᠭ᠎ᠠ᠄ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠵᠤ᠂ ᠦᠨᠳᠦᠰᠦᠲᠡᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠭᠯᠡᠯᠲᠡ᠂ ᠦᠨᠳᠤᠰᠤᠲᠠᠨ ᠤ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ | ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠳᠤᠤᠱᠯᠠᠭᠤᠯᠬᠤ ᠶᠢ ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ | ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ︽ᠬᠤᠤᠰ ᠬᠡᠯᠡ︾ ᠶᠢᠨ ᠵᠢᠭᠠᠨ ᠰᠤᠷᠭᠠᠯᠲᠠ ᠪᠠ | ᠵᠢᠭᠠᠬᠤ ᠮᠠᠲ᠋ᠧᠷᠢᠶᠠᠯ ᠢ ᠰᠤᠳᠤᠯᠤᠨ ᠨᠡᠭᠡᠭᠡᠬᠦ ᠠᠵᠢᠯ ᠢ ᠵᠢᠯᠣᠭᠤᠳᠤᠨ᠎ᠠ᠃ ᠦᠨᠳᠦᠰᠦᠲᠡᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠪᠠ ᠰᠤᠷᠭᠠᠭᠤᠯᠢ ᠡᠷᠭᠢᠯᠡᠬᠦ ᠬᠢᠷᠢ ᠳᠦᠪᠰᠢᠨ ᠢ ᠪᠠᠶᠢᠴᠠᠭᠠᠵᠤ ᠦᠨᠡᠯᠡᠨ ᠵᠢᠱᠢᠨ᠎ᠡ᠃ | ︵ᠨᠠᠢᠮᠠ︶ ᠬᠢᠨᠠᠨ ᠵᠢᠯᠣᠭᠤᠳᠬᠤ ᠲᠠᠰᠤᠭ ︵ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠵᠢᠯᠣᠭᠤᠳᠬᠤ ᠲᠠᠰᠤᠭ︶᠄ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠱᠠᠭᠠᠷᠳᠠᠨ ᠵᠢᠯᠣᠭᠤᠳᠴᠤ ᠪᠠᠶᠢᠴᠠᠭᠠᠬᠤ ᠠᠵᠢᠯ ᠤᠨ ᠲᠥᠷᠢᠮ᠂ ᠠᠷᠭ᠎ᠠ ᠬᠡᠮᠵᠢᠶ᠎ᠡ ᠪᠣᠯᠤᠨ ᠦᠨᠡᠯᠡᠨ ᠵᠢᠱᠢᠬᠦ ᠱᠠᠭᠠᠷᠳᠠᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠤᠰᠢᠭᠤ ᠳᠤᠭᠤᠷᠢᠭ ᠤᠨ | ᠤᠯᠤᠰ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠡᠵᠡᠮᠳᠡᠵᠦ ᠬᠢᠨᠠᠨ ᠵᠢᠯᠣᠭᠤᠳᠬᠤ᠂ ᠦᠨᠡᠯᠡᠯᠳᠡ ᠬᠢᠵᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠬᠢᠷᠢ ᠳᠦᠪᠰᠢᠨ ᠪᠠ ᠶᠠᠰᠤ ᠴᠢᠨᠠᠷ ᠢ ᠬᠢᠨᠠᠨ | ᠭᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠢᠨᠠᠨ ᠵᠢᠯᠤᠭᠤᠳᠤᠭᠰᠠᠨ ᠮᠡᠳᠡᠭᠦᠯᠦᠯᠲᠡ ᠶᠢ ᠨᠡᠶᠢᠳᠡᠯᠡᠨ᠎ᠡ᠃ | ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠭᠡᠣᠭᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠳᠠ ᠶᠢᠨ ᠠᠵᠢᠯ ᠢ ᠪᠠᠶᠢᠴᠠᠭᠠᠵᠤ | ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠠᠠᠴᠠᠵᠢᠭᠤᠯᠬᠤ | ᠥᠭᠡᠷᠡᠴᠢᠯᠡᠯᠲᠡ ᠬᠥᠭᠵᠢᠯᠲᠡ ᠶᠢᠨ ᠠᠵᠢᠯ ᠵᠢᠴᠢ ᠡᠯ᠎ᠡ ᠲᠥᠷᠥᠯ ᠤᠨ ᠲᠤᠰᠬᠠᠶ ᠬᠢᠨᠠᠨ ᠵᠢᠯᠣᠭᠤᠳᠬᠤ ᠪᠠ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠨᠢᠭᠡᠳᠦᠯᠲᠡᠶ | ᠲᠥᠯᠥᠪᠯᠡᠨ ᠦᠷᠨᠢᠬᠦᠯᠦᠨ᠎ᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠢᠨᠠᠨ ᠵᠢᠯᠣᠭᠤᠳᠬᠤ ᠵᠦᠪᠯᠡᠯ ᠤᠨ ᠪᠣᠳᠠᠲᠠᠶ ᠠᠵᠢᠯ ᠢ ᠡᠬᠦᠷᠭᠡᠯᠡᠨ᠎ᠠ᠃ | ︵ᠶᠢᠰᠦ︶ ᠪᠠᠭᠰᠢ ᠶᠢᠨ ᠠᠵᠢᠯ ᠤᠨ ᠰᠠᠯᠠᠭ᠎ᠠ᠄ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠣᠯᠤᠨ ᠬᠤᠷᠸ᠎ᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠭᠰᠢ ᠶᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ᠂ ᠬᠡᠣᠬᠡᠳ ᠤᠨ ᠴᠡᠴᠡᠷᠯᠢᠭ ᠤᠨ ᠪᠠᠭᠰᠢ ᠪᠣᠯᠤᠨ ᠰᠤᠷᠭᠠᠭᠤᠯᠢ ᠶᠢᠨ ᠵᠠᠬᠢᠷᠤᠯ ᠤᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ᠂ | ᠦᠷᠭᠦᠯᠵᠢᠯᠡᠨ ᠬᠥᠮᠦᠵᠢᠭᠦᠯᠬᠦ᠂ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠰᠠᠶᠢᠰᠢᠶᠠᠨ ᠬᠥᠬᠢᠭᠦᠯᠬᠦ ᠠᠵᠢᠯ ᠢ ᠡᠭᠦᠷᠭᠡᠯᠡᠨ᠎ᠡ᠃ ᠣᠨᠴᠠ ᠲᠡᠰ | ᠤᠨ ᠪᠠᠭᠰᠢ᠂ ᠬᠢᠴᠢᠶᠡᠯ ᠲᠥᠷᠥᠯ ᠤᠨ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ᠂ ᠵᠠᠯᠠᠭᠤ ᠪᠠᠭᠰᠢ ᠶᠢᠨ ᠦᠨᠳᠦᠰᠦᠨ ᠴᠢᠳᠠᠪᠤᠷᠢ ᠶᠢᠨ ᠤᠷᠤᠯᠳᠤᠭᠠᠨ | ᠵᠡᠷᠭᠡ ᠪᠠᠭᠰᠢ ᠶᠢᠨ ᠲᠤᠰᠬᠠᠶ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠰᠢᠰᠲ᠋ᠧᠮ ᠤᠨ ᠪᠠᠭᠰᠢ ᠠᠵᠢᠯᠳᠡᠠ ᠤ ᠠᠵᠢᠯ ᠮᠡᠷᠭᠡᠵᠢᠯ ᠤᠨ ᠴᠣᠯᠠ ᠶᠢ ᠲᠣᠭᠲᠠᠭᠠᠬᠤ ᠪᠠ ᠤᠷᠢᠬᠤ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ | ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠭᠠᠳᠠᠭᠠᠳᠤ | ᠶᠠᠪᠤᠳᠠᠯ ᠤᠨ ᠠᠵᠢᠯ ᠢ ᠬᠠᠷᠢᠭᠤᠴᠠᠵᠤ᠂ ᠠᠯᠪᠠᠨ ᠠᠴᠠ ᠲᠣᠮᠢᠯᠠᠵᠤ ᠭᠠᠳᠠᠭᠠᠳᠤ ᠳᠤ ᠰᠤᠷᠤᠯᠴᠠᠭᠤᠯᠬᠤ᠂ ᠭᠠᠳᠠᠭᠠᠳᠤ ᠶᠢᠨ ᠰᠣᠷᠣᠭᠴᠢ ᠣᠷᠳᠣᠰ ᠬᠤᠲᠠ ᠳᠤ ᠢᠷᠡᠵᠦ | ᠰᠤᠷᠤᠯᠴᠠᠬᠤ ᠵᠦᠢᠯᠡᠰ ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠭᠠᠳᠠᠭᠠᠳᠤ ᠶᠢᠨ ᠲᠤᠰᠬᠠᠶ | ᠮᠡᠷᠭᠡᠵᠢᠯᠲᠡᠨ᠂ ᠭᠠᠳᠠᠭᠠᠳᠤ ᠶᠢᠨ ᠬᠠᠷᠢᠶ᠎ᠠ ᠲᠠᠢ ᠪᠠᠭᠰᠢ ᠶᠢᠨ ᠠᠵᠢᠯ ᠢ ᠵᠣᠬᠢᠴᠠᠭᠤᠯᠤᠨ ᠬᠠᠮᠢᠶᠠᠷᠴᠤ᠂ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠠᠯᠪᠠᠨ ᠶᠠᠪᠤᠳᠠᠯ ᠢᠶᠠᠷ ᠲᠦᠷ ᠴᠠᠭ ᠤᠯᠤᠰ ︵ᠬᠢᠯᠢ︶ ᠠᠴᠠ ᠭᠠᠷᠬᠤ ᠠᠵᠢᠯ ᠢ ᠬᠠᠮᠢᠶᠠᠷᠤᠨ᠎ᠠ᠃ | ︵ᠠᠷᠪᠠ︶ ᠠᠮᠦᠷ ᠲᠦᠪᠰᠢᠨ ᠤ ᠬᠠᠮᠢᠶᠠᠷᠤᠯᠲᠠ ᠶᠢᠨ ᠰᠠᠯᠠᠭ᠎ᠠ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ | ᠲᠣᠭᠲᠠᠭᠤᠨ ᠤ ᠬᠢᠨᠠᠯᠲᠠ ᠬᠠᠮᠢᠶᠠᠷᠤᠯᠲᠠ᠂ ᠠᠮᠤᠷ ᠲᠦᠪᠰᠢᠨ ᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠬᠤᠲᠠ ᠶᠢᠨ ᠰᠢᠭᠤᠳ | ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠪᠣᠯᠤᠨ ᠬᠤᠲᠠ ᠠᠴᠠ ᠰᠢᠭᠤᠳ ᠬᠠᠮᠢᠶᠠᠷᠬᠤ ᠪᠡᠶ᠎ᠡ ᠶᠢᠨ ᠲᠠᠮᠢᠷ ᠤᠨ ᠳᠠᠯᠠᠪᠤᠷ ᠣᠷᠳᠣᠨ ︵ᠭᠠᠵᠠᠷ︶ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ᠂ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠤᠭᠤᠬᠤ ᠤᠰᠤᠨ ᠤ ᠠᠮᠤᠷ ᠲᠦᠪᠰᠢᠨ᠂ ᠰᠤᠷᠭᠠᠭᠤᠯᠢ ᠶᠢᠨ | ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ ᠪᠠ ᠬᠤᠤᠷ ᠴᠠᠭᠠᠵᠠᠯᠠᠬᠤ ᠬᠥᠮᠦᠵᠢᠯ ᠤᠨ ᠠᠵᠢᠯ ᠢ ᠵᠢᠯᠤᠭᠤᠳᠤᠨ᠎ᠠ᠃ | ᠬᠤᠰᠢᠭᠤ ᠲᠣᠭᠤᠷᠢᠭ ᠢ ᠱᠠᠭᠠᠷᠳᠠᠵᠤ ᠰᠤᠷᠭᠠᠭᠤᠯᠢ ᠶᠢᠨ ᠲᠡᠷᠭᠡᠨ ᠳᠤ ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠬᠦᠯᠦᠨ᠎ᠡ᠃ ᠭᠠᠵᠢᠭᠤ ᠨᠣᠮᠯᠠᠯ ᠢ ᠰᠡᠷᠭᠡᠶᠢᠯᠡᠨ | ᠰᠢᠢᠳᠪᠦᠷᠢᠯᠡᠬᠦ ᠠᠵᠢᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠵᠢᠴᠢ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾᠂ ᠰᠤᠷᠭᠠᠭᠤᠯᠢ ᠶᠢᠨ | ᠬᠦᠷᠢᠶᠡᠨ ᠤ ᠳᠠᠷᠤᠯᠠᠯ ᠳᠣᠷᠣᠮᠵᠢᠯᠠᠯ ᠢ ᠰᠡᠷᠭᠡᠶᠢᠯᠡᠨ ᠵᠠᠰᠠᠬᠤ ᠵᠡᠷᠭᠡ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠬᠤᠯᠪᠣᠭᠳᠠᠬᠤ ᠠᠵᠢᠯ ᠢ | ᠵᠣᠬᠢᠴᠠᠭᠤᠯᠤᠨ ᠵᠢᠯᠣᠭᠤᠳᠤᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠦᠷ ᠲᠦᠪᠰᠢᠨ ᠲᠣᠭᠲᠠᠭᠤᠨ ᠤ ᠠᠵᠢᠯ ᠢ ᠪᠠᠶᠢᠴᠠᠭᠠᠬᠤ᠂ | ᠵᠢᠯᠣᠭᠤᠳᠬᠤ ᠪᠠ ᠰᠢᠯᠭᠠᠨ ᠬᠢᠨᠠᠬᠤ ᠶᠢ ᠬᠠᠷᠢᠭᠤᠴᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠳᠤᠭᠳᠠᠯᠴᠠᠭ᠎ᠠ ᠶᠢᠨ ᠬᠦᠨᠳᠦ ᠶᠡᠭᠡ ᠠᠮᠤᠷ ᠲᠦᠪᠰᠢᠨ ᠤ | ᠠᠳᠡᠯ᠂ ᠭᠡᠨᠡᠳᠲᠡ ᠶᠢᠨ ᠴᠢᠨᠠᠷᠲᠠᠶ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃ ᠰᠤᠷᠭᠠᠭᠤᠯᠢ ᠶᠢᠨ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠷᠤᠯᠳᠤᠭᠠᠨ ᠳᠤ ᠣᠷᠣᠯᠴᠠᠬᠤ | ᠪᠡᠶ᠎ᠡ ᠶᠢᠨ ᠲᠠᠮᠢᠷ ᠤᠨ ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢ ᠬᠠᠷᠢᠭᠤᠴᠠᠨ᠎ᠠ᠃ | ︵ᠠᠷᠪᠠᠨ ᠨᠢᠭᠡ︶ ᠶᠣᠰᠣ ᠰᠤᠷᠲᠠᠬᠤᠨ ᠤ ᠬᠥᠮᠦᠵᠢᠯ ᠤᠨ ᠰᠠᠯᠠᠭ᠎ᠠ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ ᠥᠯᠥ ᠬᠥᠷᠥᠭᠰᠡᠳ ᠤᠨ ᠦᠵᠡᠯ ᠰᠠᠨᠠᠭ᠎ᠠ ᠶᠣᠰᠤ ᠰᠤᠷᠲᠠᠬᠤᠨ ᠤ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ᠂ ᠶᠣᠰᠣ ᠮᠣᠷᠠᠯ ᠢᠶᠠᠷ ᠴᠢᠳᠠᠪᠤᠷᠢ ᠶᠢ | ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠣᠬᠡᠳ ᠤᠨ ᠴᠡᠴᠡᠷᠯᠢᠭ ᠤᠨ ᠦᠵᠡᠯ ᠰᠠᠨᠠᠭ᠎ᠠ | ᠤᠯᠤᠰ ᠲᠥᠷᠥ ᠶᠢᠨ ᠬᠥᠮᠦᠵᠢᠯ᠂ ᠦᠨᠳᠤᠰᠤᠲᠠᠨ ᠤ ᠪᠦᠯᠭᠦᠮᠳᠡᠯ ᠳᠠᠪᠰᠢᠯᠲᠠ ᠶᠢᠨ ᠠᠵᠢᠯ᠂ ᠰᠣᠷᠣᠭᠴᠢ ᠶᠢᠨ ᠶᠣᠰᠣ ᠰᠤᠷᠲᠠᠬᠤᠨ ᠤ ᠬᠥᠮᠦᠵᠢᠯ᠂ ᠰᠣᠷᠣᠭᠴᠢ ᠶᠢᠨ | ᠭᠤᠸ᠎ᠠ ᠰᠠᠶᠢᠬᠠᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠰᠤᠷᠭᠠᠭᠤᠯᠢ ᠶᠢᠨ ᠰᠣᠶᠣᠯ ᠤᠨ ᠪᠠᠶᠢᠭᠤᠯᠤᠯᠲᠠ | ᠂ ᠭᠡᠷ ᠤᠨ ᠬᠥᠮᠦᠵᠢᠯ᠂ ᠬᠠᠤᠯᠢ ᠠᠴᠠ ᠵᠥᠷᠢᠴᠡᠨ ᠶᠠᠯ᠎ᠠ ᠬᠢᠬᠦ ᠶᠢ ᠰᠡᠷᠭᠡᠶᠢᠯᠡᠬᠦ᠂ ᠰᠣᠷᠣᠭᠴᠢ ᠶᠢᠨ ᠬᠠᠤᠯᠢ ᠪᠠᠷ ᠵᠠᠰᠠᠬᠤ ᠬᠥᠮᠦᠵᠢᠯ ᠵᠡᠷᠭᠡ ᠠᠵᠢᠯ ᠢ ᠨᠢᠭᠡᠳᠦᠯᠲᠡᠶ | ᠲᠥᠯᠥᠪᠯᠡᠨ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ᠂ ᠰᠤᠳᠤᠯᠤᠨ ᠰᠤᠷᠤᠯᠴᠠᠵᠤ ᠵᠢᠭᠤᠯᠴᠢᠯᠠᠬᠤ | ᠵᠡᠷᠭᠡ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ᠂ ᠬᠡᠣᠬᠡᠳ ᠤᠨ ᠴᠡᠴᠡᠷᠯᠢᠭ ᠤᠨ ᠡᠪ ᠬᠠᠮᠲᠤ ᠵᠠᠯᠠᠭᠤᠴᠤᠳ ᠤᠨ ᠡᠪᠯᠡᠯ᠂ ᠪᠡᠭᠠᠴᠤᠤᠠ ᠤᠨ ᠬᠤᠰᠢᠭᠤᠴᠢ ᠠᠩᠬᠢ ᠶᠢᠨ ᠠᠵᠢᠯ ᠵᠢᠴᠢ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠶᠣᠰᠣ ᠰᠤᠷᠲᠠᠬᠤᠨ ᠤ ᠬᠥᠮᠦᠵᠢᠯ ᠤᠨ ᠡᠩᠨᠡᠭᠡ ᠶᠢᠨ ᠪᠣᠯᠪᠠᠰᠤᠷᠠᠭᠤᠯᠤᠯ ᠤᠨ ᠠᠵᠢᠯ ᠢ | ᠵᠢᠯᠤᠭᠤᠳᠤᠨ᠎ᠠ᠃ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠪᠠ ᠶᠣᠰᠣ ᠰᠤᠷᠲᠠᠬᠤᠨ ᠤ ᠬᠥᠮᠦᠵᠢᠯ ᠤᠨ ᠰᠢᠯᠢᠳᠡᠭ ᠢ ᠰᠢᠯᠭᠠᠷᠠᠭᠤᠯᠤᠨ ᠲᠡᠷᠢᠭᠦᠨ | ᠢ ᠰᠣᠩᠭᠤᠬᠤ ᠠᠵᠢᠯ ᠢ ᠬᠠᠷᠢᠭᠤᠴᠠᠨ᠎ᠠ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠵᠤᠬᠢᠴᠠᠭᠤᠯᠤᠨ᠎ᠠ᠃ ᠨᠠᠰᠤᠨ ᠳᠤ ᠥᠯᠥ ᠬᠦᠷᠦᠭᠰᠡᠳ ᠢ | ᠬᠠᠮᠠᠭᠠᠯᠠᠬᠤ ᠠᠵᠢᠯ ᠢ ᠵᠢᠯᠤᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ | ᠥᠷᠨᠢᠭᠦᠯᠦᠨ᠎ᠡ᠃ | ︵ᠠᠷᠪᠠᠨ ᠬᠤᠶᠠᠷ︶ ᠰᠤᠷᠭᠠᠭᠤᠯᠢ ᠶᠢᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠰᠤᠷᠭᠠᠨ ᠬᠥᠮᠦᠵᠢᠯ ᠤᠨ ᠰᠠᠯᠠᠭ᠎ᠠ ︵ᠬᠥᠯ | ᠪᠥᠮᠪᠦᠭᠡ ᠶᠢᠨ ᠬᠠᠮᠢᠶᠠᠷᠤᠯᠲᠠ ᠶᠢᠨ ᠠᠯᠪᠡᠠ ᠭᠡᠷ︶᠄ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠡᠶ᠎ᠡ ᠶᠢᠨ ᠲᠠᠮᠢᠷ᠂ | ᠡᠷᠡᠭᠦᠯ ᠬᠠᠮᠠᠭᠠᠯᠠᠯ ᠪᠠ ᠤᠷᠠᠯᠢᠭ ᠤᠨ ᠬᠥᠮᠦᠵᠢᠯ ᠤᠨ ᠠᠵᠢᠯ ᠢ ᠵᠢᠯᠣᠭᠤᠳᠴᠤ᠂ ᠡᠯ᠎ᠡ ᠲᠦᠷᠦᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠡᠶ᠎ᠡ ᠶᠢᠨ | ᠲᠠᠮᠢᠷ ᠤᠨ ᠤᠷᠤᠯᠳᠤᠭᠠᠨ᠂ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠪᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ | ᠪᠥᠳᠥᠭᠡᠨ ᠪᠠᠶᠢᠭᠤᠯᠤᠯᠲᠠ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠬᠢᠴᠢᠶᠡᠯ ᠤᠨ ᠪᠠᠶᠢᠭᠤᠯᠤᠯᠲᠠ ᠪᠣᠯᠤᠨ ᠲᠤᠰᠬᠠᠶ ᠮᠡᠷᠭᠡᠵᠢᠯ ᠤᠨ ᠪᠠᠭᠰᠢ ᠶᠢᠨ | ᠪᠣᠯᠪᠠᠰᠤᠷᠠᠭᠤᠯᠤᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠰᠤᠷᠭᠠᠨ ᠬᠥᠮᠦᠵᠢᠯ ᠪᠠ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠢ ᠵᠢᠯᠤᠭᠤᠳᠤᠨ ᠵᠤᠬᠢᠴᠠᠭᠤᠯᠤᠨ᠎ᠠ᠃ ᠬᠥᠯ ᠪᠥᠮᠪᠦᠭᠡ ᠶᠢᠨ ᠠᠵᠢᠯ ᠢ ᠨᠢᠭᠡᠳᠦᠯᠲᠡᠶ | ᠲᠥᠯᠥᠪᠯᠡᠨ ᠬᠠᠮᠢᠶᠠᠷᠴᠤ᠂ ᠬᠥᠯ ᠪᠥᠮᠪᠦᠭᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠡᠯ᠎ᠡ ᠲᠥᠷᠥᠯ ᠤᠨ ᠬᠥᠯ ᠪᠥᠮᠪᠦᠭᠡ ᠶᠢᠨ | ᠤᠷᠤᠯᠳᠤᠭᠠᠨ ᠢ ᠵᠣᠬᠢᠶᠠᠨ ᠪᠠᠶᠢᠭᠤᠯᠵᠤ᠂ ᠬᠥᠯ ᠪᠥᠮᠪᠦᠭᠡ ᠶᠢᠨ ᠬᠢᠨᠠᠭᠴᠢ᠂ ᠰᠤᠷᠭᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠤᠨ᠂ ᠲᠤᠰᠬᠠᠶ | ᠮᠡᠷᠭᠡᠵᠢᠯ ᠤᠨ ᠲᠠᠮᠢᠷᠴᠢᠳ ᠤᠨ ᠡᠩᠨᠡᠭᠡ ᠶᠢ ᠬᠥᠮᠦᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠤᠯᠠᠨ ᠲᠦᠮᠡᠨ ᠤ ᠪᠡᠶ᠎ᠡ ᠶᠢᠨ ᠲᠠᠮᠢᠷ ᠤᠨ ᠰᠠᠯᠠᠭ᠎ᠠ᠄ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ ᠲᠦᠯᠦᠪᠯᠡᠭᠡ ᠶᠢ ᠠᠬᠢᠭᠤᠯᠤᠨ᠎ᠠ᠃ ᠪᠦᠬᠦ ᠠᠷᠠᠳ ᠤᠨ | ᠪᠡᠶ᠎ᠡ ᠮᠠᠬᠠᠪᠣᠳ ᠢ ᠴᠢᠭᠢᠷᠠᠭᠵᠢᠭᠤᠯᠬᠤ ᠦᠢᠯᠡᠴᠢᠯᠡᠭᠡᠨ ᠤ ᠳᠤᠭᠳᠠᠯᠴᠠᠭ᠎ᠠ ᠶᠢ ᠪᠠᠶᠢᠭᠤᠯᠬᠤ ᠪᠠ ᠲᠡᠭᠦᠯᠳᠡᠷᠵᠢᠭᠦᠯᠵᠦ᠂ ᠤᠯᠠᠨ ᠲᠦᠮᠡᠨᠴᠢ ᠴᠢᠨᠠᠷᠲᠠᠶ ᠪᠡᠶ᠎ᠡ ᠶᠢᠨ | ᠲᠠᠮᠢᠷ ᠤᠨ ᠠᠵᠢᠯᠯᠠᠭ᠎ᠠ ᠶᠢ ᠵᠢᠯᠣᠭᠤᠳᠬᠤ ᠪᠠ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠦᠭᠤᠳᠦᠬᠴᠢ ᠪᠠ ᠤᠯᠤᠰ | ᠠᠷᠠᠳ ᠤᠨ ᠪᠡᠶ᠎ᠡ ᠮᠠᠬᠠᠪᠣᠳ ᠢ ᠬᠢᠨᠠᠨ ᠭᠡᠮᠵᠢᠬᠦ ᠲᠦᠷᠢᠮ ᠢ ᠠᠬᠢᠭᠤᠯᠤᠨ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠬᠥᠭᠵᠢᠯᠲᠡ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠭᠢᠯᠡᠭᠰᠡᠨ ᠠᠵᠤ | ᠠᠬᠤᠶᠢᠯᠠᠯ ᠤᠨ ᠪᠤᠰᠤ ᠨᠢᠭᠡᠴᠡ ᠶᠢᠨ ᠠᠵᠢᠯ ᠢ ᠵᠢᠯᠤᠭᠤᠳᠤᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠵᠢᠯᠣᠭᠤᠳᠤᠨ | ᠬᠡᠷᠡᠭᠵᠢᠭᠦᠯᠦᠨ᠎ᠡ᠃ | ︵ᠠᠷᠪᠠᠨ ᠲᠥᠷᠪᠡ︶ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠠᠯᠠᠭ᠎ᠠ᠄ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠷᠦᠯ ᠵᠦᠢᠯ ᠤᠨ ᠳᠤᠬᠢᠷᠠᠭᠤᠯᠤᠯᠳᠠ ᠪᠠ | ᠪᠠᠶᠢᠷᠢᠯᠠᠭᠤᠯᠤᠯᠳᠠ ᠶᠢ ᠳᠤᠭᠤᠷᠪᠢᠨ ᠳᠤᠭᠳᠠᠭᠠᠨ᠎ᠠ᠃ ᠪᠦᠬᠦ ᠬᠤᠳᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠤ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠭᠡᠷᠡᠭᠵᠢᠬᠦᠯᠦᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ | ᠭᠡᠷᠡᠭᠵᠢᠬᠦᠯᠦᠯᠳᠡ ᠶᠢ ᠵᠢᠯᠣᠭᠤᠳᠴᠤ ᠬᠢᠨᠠᠯᠳᠠ ᠳᠠᠯᠪᠢᠨ᠎ᠠ᠃ ᠪᠡᠶ᠎ᠡ ᠶᠢᠨ ᠲᠠᠮᠢᠷ ᠤᠨ ᠪᠣᠯᠪᠠᠰᠤᠷᠠᠯ᠂ ᠤᠷᠤᠯᠳᠤᠭᠠᠨ᠂ ᠪᠣᠯᠪᠠᠰᠤᠷᠠᠯ ᠤᠨ ᠰᠠᠭᠤᠷᠢᠨ ᠭᠠᠵᠠᠷ ᠤᠨ | ᠬᠥᠭᠵᠢᠯᠲᠡ ᠬᠢᠭᠡᠳ ᠪᠡᠶ᠎ᠡ ᠶᠢᠨ ᠲᠠᠮᠢᠷ ᠤᠨ ᠡᠷᠳᠡᠮ ᠰᠢᠨᠵᠢᠯᠡᠭᠡᠨ ᠤ ᠠᠵᠢᠯ ᠢ ᠵᠢᠯᠤᠭᠤᠳᠤᠨ᠎ᠠ᠃ ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ ᠪᠡᠶ᠎ᠡ ᠶᠢᠨ | ᠲᠠᠮᠢᠷ ᠤᠨ ᠪᠣᠯᠪᠠᠰᠤᠷᠠᠯ ᠤᠨ ᠠᠵᠢᠯ ᠢ ᠵᠢᠯᠤᠭᠤᠳᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ᠂ ᠪᠠᠭᠠᠴᠤᠳ ᠬᠡᠦᠬᠡᠳ ᠤᠨ | ᠪᠡᠶ᠎ᠡ ᠶᠢᠨ ᠲᠠᠮᠢᠷ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ | ᠤᠨ ᠺᠯᠦ᠋ᠪ ᠤᠨ ᠠᠵᠢᠯ᠂ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ | ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠤᠯᠠᠨ ᠣᠯᠣᠰ ᠪᠠ ᠤᠯᠤᠰ ᠤᠨ ᠳᠣᠲᠣᠭᠠᠳᠤ ᠶᠢᠨ | ᠴᠢᠬᠤᠯᠠ ᠶᠡᠭᠡ ᠤᠷᠤᠯᠳᠤᠭᠠᠨ ᠳᠤ ᠪᠡᠯᠡᠳᠬᠡᠬᠦ ᠪᠠ ᠤᠷᠤᠯᠳᠤᠭᠠᠨ ᠳᠤ ᠣᠷᠣᠯᠴᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠤᠷᠳᠤᠰ ᠬᠤᠳᠠ ᠶᠢᠨ | ᠳᠠᠭᠠᠭᠠᠴᠢᠯᠠᠨ ᠡᠷᠬᠢᠯᠡᠭᠰᠡᠨ ᠤᠯᠠᠨ ᠤᠯᠤᠰ᠂ ᠤᠯᠤᠰ ᠤᠨ ᠳᠣᠲᠣᠭᠠᠳᠤ ᠶᠢᠨ ᠴᠢᠬᠤᠯᠠ ᠶᠡᠭᠡ ᠤᠷᠤᠯᠳᠤᠭᠠᠨ ᠪᠣᠯᠤᠨ ᠥᠪᠡᠷᠲᠡᠭᠡᠨ ᠵᠠᠰᠠᠬᠤ ᠣᠷᠣᠨ ᠤ | ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠥᠭᠡᠷᠦᠭᠦᠯᠬᠦ ᠡᠮ ᠢ | ᠡᠰᠡᠷᠭᠦᠴᠡᠬᠦ ᠠᠵᠢᠯ ᠢ ᠥᠷᠨᠢᠭᠦᠯᠬᠦ ᠶᠢ ᠬᠠᠷᠢᠭᠤᠴᠠᠨ᠎ᠠ᠃ ᠲᠠᠮᠢᠷᠴᠢᠨ᠂ ᠰᠤᠷᠭᠠᠭᠴᠢ ᠪᠠ ᠬᠢᠨᠠᠭᠴᠢ ᠶᠢᠨ ᠡᠩᠨᠡᠭᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠲᠠᠮᠢᠷᠴᠢᠳ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ | ︵ᠠᠷᠪᠠᠨ ᠲᠠᠪᠤ︶ ᠠᠵᠤ ᠦᠢᠯᠡᠰ ᠤᠨ ᠬᠥᠭᠵᠢᠯᠲᠡ ᠬᠠᠮᠢᠶᠠᠷᠤᠯᠲᠠ ᠶᠢᠨ ᠰᠠᠯᠠᠭ᠎ᠠ᠄ ᠪᠡᠶ᠎ᠡ ᠶᠢᠨ ᠲᠠᠮᠢᠷ ᠤᠨ ᠠᠵᠤ ᠦᠢᠯᠡᠰ᠂ ᠰᠤᠷᠭᠠᠨ ᠬᠥᠮᠦᠵᠢᠯ ᠤᠨ | ᠪᠣᠯᠪᠠᠰᠤᠷᠠᠭᠤᠯᠤᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ ᠰᠡᠯᠡᠭᠦᠴᠡᠯ᠂ ᠤᠷᠤᠯᠳᠤᠭᠠᠨ ᠤ ᠲᠣᠭᠯᠠᠯᠲᠠ᠂ ᠲᠠᠯᠠᠪᠤᠷ ᠤᠷᠳᠤᠨ ᠤ ᠦᠢᠯᠡᠴᠢᠯᠡᠭᠡ᠂ ᠪᠡᠶ᠎ᠡ ᠶᠢᠨ | ᠲᠠᠮᠢᠷ ᠤᠨ ᠵᠠᠭᠤᠴᠢᠯᠠᠬᠤ ᠪᠣᠯᠪᠠᠰᠤᠷᠠᠭᠤᠯᠤᠯ᠂ ᠪᠡᠶ᠎ᠡ ᠶᠢᠨ ᠲᠠᠮᠢᠷ ᠤᠨ ᠤᠯᠠᠮᠵᠢᠯᠠᠬᠤ ᠵᠠᠭᠤᠴᠢ᠂ ᠪᠡᠶ᠎ᠡ ᠶᠢᠨ ᠲᠠᠮᠢᠷ ᠤᠨ ᠬᠡᠷᠡᠭᠰᠡᠯ ᠦᠢᠯᠡᠳᠬᠦ ᠪᠠ ᠪᠣᠷᠣᠯᠠᠭᠤᠯᠬᠤ | ᠵᠡᠷᠭᠡ ᠠᠵᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠡᠬᠦᠷᠭᠡᠯᠡᠨ᠎ᠡ᠃ ᠬᠥᠯ ᠪᠥᠮᠪᠦᠭᠡ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠦᠬᠦᠭᠡᠷᠡᠮᠵᠢ ᠶᠢᠨ | ᠪᠥᠳᠥᠭᠡᠨ ᠪᠠᠶᠢᠭᠤᠯᠤᠯᠲᠠ ᠶᠢ ᠵᠢᠯᠣᠭᠤᠳᠬᠤ ᠪᠠ ᠬᠠᠮᠢᠶᠠᠷᠴᠤ ᠬᠢᠨᠠᠯᠲᠠ ᠲᠠᠯᠪᠢᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ | ᠪᠠᠶᠢᠭᠤᠯᠤᠯᠳᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠲᠥᠯᠦᠨ ᠵᠢᠯᠣᠭᠤᠳᠬᠤ ᠴᠢᠨᠠᠷᠲᠠᠶ ᠪᠠᠯᠠ ᠮᠥᠩᠭᠦ ᠶᠢ ᠭᠡᠷᠡᠭᠯᠡᠬᠦ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠬᠤ᠂ ᠤᠬᠠᠭᠠᠯᠠᠨ ᠳᠦᠰᠦᠪᠯᠡᠬᠦ᠂ ᠲᠥᠯᠥᠪᠵᠢᠭᠦᠯᠬᠦ ᠪᠠ ᠪᠥᠲᠥᠭᠡᠨ | ᠪᠠᠶᠢᠭᠤᠯᠤᠯᠲᠠ ᠶᠢ ᠵᠢᠯᠣᠭᠤᠳᠬᠤ᠂ ᠰᠢᠯᠭᠠᠨ ᠬᠤᠷᠢᠶᠠᠬᠤ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ | ᠪᠤᠶᠢᠵᠢᠭᠤᠯᠵᠤ᠂ ᠣᠷᠣᠨ ᠪᠦᠰᠡ ᠶᠢᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠷᠡᠳᠤ ᠲᠡᠮᠳᠡᠭᠳᠤ ᠤᠷᠤᠯᠳᠤᠭᠠᠨ ᠢ ᠦᠢᠯᠡᠳᠤᠨ᠎ᠡ᠃ ᠪᠡᠶ᠎ᠡ ᠶᠢᠨ ᠲᠠᠮᠢᠷ ᠤᠨ | ᠡᠵᠡᠩᠨᠡᠯᠲᠡ ᠶᠢᠨ ᠲᠥᠷᠥᠯ ᠵᠦᠢᠯ᠂ ᠡᠵᠡᠩᠨᠡᠯᠲᠡ ᠶᠢᠨ ᠲᠠᠯᠠᠪᠤᠷ ᠪᠣᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ | ᠬᠠᠮᠢᠶᠠᠷᠬᠤ ᠶᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠪᠠᠶᠢᠭᠤᠯᠭ᠎ᠠ ᠶᠢᠨ ᠨᠠᠮ ᠤᠨ ᠬᠤᠷᠢᠶ᠎ᠠ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠨᠠᠮ ᠤᠨ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ | ᠵᠢᠯᠣᠭᠤᠳᠤᠨ᠎ᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠤᠴᠢᠷ ᠶᠠᠪᠤᠳᠠᠯ ᠢ ᠬᠠᠷᠢᠭᠤᠴᠠᠨ᠎ᠠ᠃ ᠪᠠᠶᠢᠭᠤᠯᠭ᠎ᠠ ᠪᠠ | ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠭᠤᠷᠪᠠ᠂ ᠰᠢᠭᠤᠳ ᠬᠠᠷᠢᠶ᠎ᠠ ᠪᠠᠶᠢᠭᠤᠯᠤᠮᠵᠢ | ︵ᠨᠢᠭᠡ︶ ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ | 1.ᠡᠩ ᠤᠨ ᠳᠡᠭᠡᠳᠦ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠪᠠᠷ ᠰᠤᠷᠤᠭᠴᠢ ᠡᠯᠰᠡᠬᠦ᠂ ᠴᠥᠭᠡᠨ ᠲᠣᠭᠠᠲᠤ ᠦᠨᠳᠦᠰᠦᠲᠡᠨ ᠤ ᠬᠢᠲᠠᠳ ᠬᠡᠯᠡᠨ ᠤ ᠬᠢᠷᠢ | ᠲᠦᠪᠰᠢᠨ ᠤ ᠭᠤᠷᠪᠠᠳᠤᠭᠠᠷ ᠳᠡᠰ ᠤᠨ ᠰᠢᠯᠭᠠᠯᠲᠠ ︵MHK︶᠂ ᠮᠠᠬᠢᠰᠲ᠋ᠧᠷ ᠠᠰᠫᠢᠷᠠᠨᠲ ᠤᠨ ᠰᠢᠯᠭᠠᠯᠲᠠ ᠪᠠᠷ ᠰᠣᠷᠣᠭᠴᠢ ᠡᠯᠰᠡᠬᠦ᠂ ᠨᠠᠰᠤᠨ ᠳᠤ | ᠭᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠨᠢᠭᠡᠳᠦᠯᠲᠡᠶ ᠰᠢᠯᠭᠠᠯᠲᠠ ᠪᠠᠷ ᠰᠣᠷᠣᠭᠴᠢ ᠡᠯᠰᠡᠬᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠥᠪᠡᠷ ᠢᠶᠠᠨ ᠰᠣᠷᠣᠭᠰᠠᠳ ᠤᠨ ᠰᠢᠯᠭᠠᠯᠲᠠ ᠪᠠᠷ ᠰᠣᠷᠣᠭᠴᠢ ᠡᠯᠰᠡᠬᠦ᠂ ᠪᠠᠭᠰᠢ ᠶᠢᠨ ᠬᠢᠷᠢ ᠬᠡᠮ ᠢ ︽ᠰᠤᠷᠭᠠᠨ ᠬᠥᠮᠦᠵᠢᠯ ᠤᠨ ᠤᠬᠠᠭᠠᠨ︾ ︽ᠰᠤᠷᠭᠠᠨ | ᠬᠥᠮᠦᠵᠢᠯ ᠤᠨ ᠰᠡᠳᠬᠢᠴᠡ ᠵᠦᠶ︾ ᠶᠢᠨ ᠰᠢᠯᠭᠠᠯᠲᠠ ᠪᠠᠷ ᠮᠠᠭᠠᠳᠯᠠᠨ ᠲᠣᠭᠲᠠᠭᠠᠬᠤ᠂ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠪᠠ ᠲᠠᠪᠤᠨ | ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ᠂ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠤᠶᠠᠳᠤᠭᠠᠷ ᠣᠨ ᠪᠠ ᠭᠤᠷᠪᠠᠳᠤᠭᠠᠷ ᠣᠨ ᠤ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ᠂ ᠣᠨᠴᠠᠭᠠᠶ ᠠᠵᠢᠯ ᠤᠨ ᠪᠠᠶᠢᠷᠢ ᠶᠢᠨ | ᠪᠠᠭᠰᠢ ᠶᠢᠨ ᠰᠢᠯᠭᠠᠯᠲᠠ ᠵᠡᠷᠭᠡ ᠰᠢᠯᠭᠠᠯᠲᠠ ᠶᠢᠨ ᠰᠠᠭᠤᠷᠢᠯᠠᠬᠤ ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ ᠢ ᠡᠬᠦᠷᠭᠡᠯᠡᠨ᠎ᠡ᠃ | 2. ᠠᠷᠠᠳ ᠤᠨ ᠠᠭᠠᠷ ᠤᠨ ᠴᠡᠷᠢᠭ᠂ ᠠᠷᠠᠳ ᠤᠨ ᠳᠠᠯᠠᠶ ᠶᠢᠨ ᠴᠡᠷᠢᠭ ᠤᠨ ᠨᠢᠰᠬᠡᠭᠴᠢ ᠶᠢᠨ ᠠᠩᠬᠠᠨ ᠤ ᠪᠠᠶᠢᠴᠠᠭᠠᠯᠲᠠ᠂ ᠳᠠᠬᠢᠨ ᠪᠠᠶᠢᠴᠠᠭᠠᠯᠲᠠ ᠵᠡᠷᠭᠡ | ᠰᠤᠷᠤᠭᠴᠢ ᠡᠯᠰᠡᠬᠦ ᠳᠤ ᠰᠠᠭᠤᠷᠢᠯᠠᠬᠤ ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠵᠦ᠂ ᠠᠷᠠᠳ ᠤᠨ ᠠᠭᠠᠷ ᠤᠨ ᠲᠡᠭᠡᠭᠡᠪᠦᠷᠢ ᠶᠢᠨ ᠺᠣᠮᠫᠠᠨᠢ ᠶᠢᠨ | ᠨᠢᠰᠬᠡᠭᠴᠢ ᠡᠯᠰᠡᠬᠦ ᠰᠢᠯᠭᠠᠯᠲᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠦᠨ᠎ᠡ᠃ | 3. ᠠᠩᠬ᠎ᠠ ᠳᠤᠮᠳᠠᠳᠤ ᠪᠠᠨ ᠲᠡᠭᠦᠰᠬᠡᠵᠦ ᠰᠤᠷᠭᠠᠭᠤᠯᠢ ᠳᠡᠪᠰᠢᠬᠦ ᠰᠢᠯᠭᠠᠯᠲᠠ ᠪᠠ ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠰᠣᠷᠣᠭᠴᠢ | ᠡᠯᠰᠡᠬᠦ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠰᠤᠷᠢᠯᠳᠠ ᠶᠢᠨ ᠰᠢᠯᠭᠠᠯᠲᠠ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠰᠢᠯᠭᠠᠯᠲᠠ ᠶᠢᠨ ᠰᠠᠭᠤᠷᠢᠯᠠᠬᠤ | ᠴᠢᠨᠠᠷᠲᠠᠶ᠂ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃ | 4. ᠪᠥᠬᠦ ᠬᠤᠲᠠ ᠶᠢᠨ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠬᠤ | ᠠᠵᠢᠯ ᠢ ᠡᠭᠦᠷᠭᠡᠯᠡᠨ᠎ᠡ᠃ | 5. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠣᠷᠳᠣᠰ ᠬᠤᠲᠠ ᠶᠢᠨ ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠤᠨ ᠣᠷᠳᠣᠨ ︵ᠣᠷᠳᠣᠰ ᠬᠤᠲᠠ ᠶᠢᠨ ᠵᠢᠭᠠᠨ ᠰᠤᠷᠭᠠᠯᠲᠠ ᠶᠢᠨ | ᠬᠡᠮᠵᠢᠭᠦᠷᠯᠢᠭ ᠬᠠᠩᠭᠠᠬᠤ ᠥᠷᠲᠡᠭᠡᠨ ᠤ ᠫᠠᠶᠢᠰᠠ ᠶᠢ ᠡᠯᠭᠦᠪᠡ︶᠄ ᠪᠦᠬᠦ ᠬᠤᠳᠠ ᠶᠢᠨ ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠢ ᠰᠤᠳᠤᠯᠬᠤ᠂ ᠳᠡᠯᠭᠡᠷᠡᠭᠦᠯᠬᠦ | ᠠᠵᠢᠯ ᠢ ᠡᠭᠦᠷᠭᠡᠯᠡᠨ᠎ᠡ︔ ᠪᠦᠬᠦ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ᠂ ᠠᠯᠤᠰ ᠠᠴᠠ ᠵᠢᠭᠠᠬᠤ ᠰᠤᠷᠭᠠᠨ | ᠬᠥᠮᠦᠵᠢᠯ᠂ ᠮᠡᠳᠡᠭᠡ ᠵᠠᠩᠭᠢ ᠶᠢᠨ ᠮᠡᠷᠭᠡᠵᠢᠯ ᠤᠨ ᠰᠤᠷᠭᠠᠨ ᠬᠥᠮᠦᠵᠢᠯ ᠵᠢᠴᠢ ᠤᠳᠤ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠰᠡᠳᠦᠪ ᠤᠨ ᠰᠤᠳᠤᠯᠭᠠᠨ᠂ | ᠬᠡᠷᠡᠭᠯᠡᠭᠡᠨ ᠤ ᠠᠵᠢᠯ ᠢ ᠡᠭᠦᠷᠭᠡᠯᠡᠨ᠎ᠡ︔ ᠴᠠᠬᠢᠯᠭᠠᠨᠴᠢᠯᠠᠭᠰᠠᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠵᠢᠴᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ | ᠨᠠᠶᠢᠷᠠᠭᠤᠯᠤᠨ ᠦᠢᠯᠡᠳᠬᠦ ᠪᠠ ᠣᠷᠣᠭᠤᠯᠤᠨ ᠠᠪᠴᠢᠷᠠᠵᠤ ᠳᠡᠯᠭᠡᠷᠡᠭᠦᠯᠦᠨ᠎ᠡ︔ ᠤᠳᠤ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠪᠣᠯᠪᠠᠰᠤᠷᠠᠯ ᠢ ᠵᠤᠬᠢᠶᠠᠨ | ᠪᠠᠶᠢᠭᠤᠯᠤᠨ᠎ᠠ︔ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠮᠡᠷᠭᠡᠵᠢᠯ ᠤᠨ ᠦᠢᠯᠡᠴᠢᠯᠡᠭᠡ᠂ ᠮᠡᠳᠡᠭᠡ ᠵᠠᠩᠭᠢ ᠶᠢᠨ ᠰᠣᠯᠢᠯᠴᠠᠭᠠᠨ ᠤ ᠬᠠᠮᠢᠶ᠎ᠠ ᠪᠥᠬᠦᠶ ᠠᠵᠢᠯ ᠢ | ᠡᠭᠦᠷᠭᠡᠯᠡᠨ᠎ᠡ᠃ | ︵ᠭᠤᠷᠪᠠ︶ ᠣᠷᠳᠣᠰ ᠬᠤᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠠᠰᠤᠭ᠄ ᠪᠥᠬᠦ ᠬᠤᠲᠠ ᠶᠢᠨ ᠵᠢᠭᠠᠨ ᠰᠤᠳᠤᠯᠬᠤ | ᠮᠡᠳᠡᠭᠡ ᠵᠠᠩᠭᠢ ᠶᠢᠨ ᠰᠣᠯᠢᠯᠴᠠᠭ᠎ᠠ ᠪᠠ ᠰᠠᠭᠤᠷᠢ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠡᠯ᠎ᠡ ᠲᠦᠷᠦᠯ ᠤᠨ ᠵᠢᠭᠠᠨ | ᠰᠤᠳᠤᠯᠬᠤ ᠵᠢᠭᠠᠨ ᠰᠤᠷᠭᠠᠬᠤ ᠰᠡᠳᠦᠪ ᠤᠨ ᠲᠤᠷᠰᠢᠯᠲᠠ ᠵᠢᠴᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠡᠯ᠎ᠡ ᠲᠥᠷᠥᠯ ᠤᠨ ᠵᠢᠭᠠᠨ | ᠰᠤᠳᠤᠯᠬᠤ ᠵᠢᠭᠠᠨ ᠰᠤᠷᠭᠠᠯᠲᠠ ᠶᠢ ᠠᠳᠠᠯᠢᠳᠬᠠᠨ ᠰᠢᠯᠭᠠᠷᠠᠭᠤᠯᠬᠤ᠂ ᠰᠢᠯᠭᠠᠨ ᠰᠤᠩᠭᠤᠬᠤ ᠠᠵᠢᠯ ᠢ ᠡᠭᠦᠷᠭᠡᠯᠡᠨ᠎ᠡ︔ ᠪᠥᠬᠦ ᠬᠤᠲᠠ ᠶᠢᠨ ᠴᠢᠨᠠᠷᠲᠠᠶ ᠡᠯ᠎ᠡ | ᠲᠥᠷᠥᠯ ᠤᠨ ᠰᠤᠷᠭᠠᠨ ᠬᠥᠮᠦᠵᠢᠯ ᠤᠨ ᠨᠢᠭᠡᠳᠦᠯᠲᠡᠶ ᠰᠢᠯᠭᠠᠯᠲᠠ ᠶᠢᠨ ᠬᠠᠮᠢᠶ᠎ᠠ ᠪᠥᠬᠦᠶ ᠠᠵᠢᠯ ᠢ ᠡᠬᠦᠷᠭᠡᠯᠡᠨ᠎ᠡ︔ ᠡᠯ᠎ᠡ ᠬᠤᠰᠢᠭᠤ ᠲᠣᠭᠤᠷᠢᠭ ᠵᠢᠴᠢ ᠬᠤᠲᠠ ᠶᠢᠨ | ᠰᠢᠭᠤᠳ ᠬᠠᠷᠢᠶ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠵᠢᠭᠠᠨ ᠰᠤᠳᠤᠯᠬᠤ ᠵᠢᠭᠠᠨ ᠰᠤᠷᠭᠠᠬᠤ ᠠᠵᠢᠯᠯᠠᠭ᠎ᠠ ᠶᠢ | ᠥᠷᠨᠢᠭᠦᠯᠦᠨ᠎ᠡ᠃ | ︵ᠳᠥᠷᠪᠡ︶ ᠣᠷᠳᠣᠰ ᠬᠤᠲᠠ ᠶᠢᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ︵ᠬᠤᠲᠠ ᠶᠢᠨ ᠤᠯᠤᠰ ᠠᠷᠠᠳ ᠤᠨ ᠪᠡᠶ᠎ᠡ | ᠮᠠᠬᠠᠪᠣᠳ ᠢ ᠬᠢᠨᠠᠨ ᠭᠡᠮᠵᠢᠬᠦ ᠲᠥᠪ᠂ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠮᠡᠷᠭᠡᠵᠢᠯ ᠤᠨ ᠵᠢᠯᠤᠭᠤᠳᠤᠯᠭ᠎ᠠ ᠶᠢᠨ ᠥᠷᠲᠡᠭᠡ᠂ ᠣᠷᠳᠣᠰ ᠬᠤᠲᠠ ᠶᠢᠨ | ᠪᠡᠶ᠎ᠡ ᠶᠢᠨ ᠲᠠᠮᠢᠷ ᠤᠨ ᠶᠡᠷᠦᠩᠬᠡᠶ ᠡᠪᠯᠡᠯ ᠤᠨ ᠫᠠᠶᠢᠰᠠ ᠶᠢ ᠡᠯᠭᠦᠨ᠎ᠡ︶᠄ ᠨᠡᠶᠢᠭᠡᠮ ᠲᠣᠭᠤᠷᠢᠭ᠂ ᠤᠯᠡᠠ ᠲᠦᠮᠡᠨ ᠤ ᠪᠦᠯᠬᠦᠮ ᠪᠠ ᠪᠤᠰᠤᠳ ᠨᠢᠭᠡᠴᠡ ᠶᠢᠨ ᠪᠡᠶ᠎ᠡ ᠶᠢᠨ | ᠲᠠᠮᠢᠷ ᠤᠨ ᠠᠵᠢᠯᠯᠠᠭ᠎ᠠ ᠥᠷᠨᠢᠭᠦᠯᠬᠦ ᠶᠢ ᠵᠣᠬᠢᠶᠠᠨ ᠪᠠᠶᠢᠭᠤᠯᠵᠤ ᠵᠢᠯᠣᠭᠤᠳᠬᠤ ᠡᠭᠦᠷᠭᠡ ᠶᠢ ᠡᠭᠦᠷᠭᠡᠯᠡᠨ᠎ᠡ︔ ᠡᠯ᠎ᠡ ᠭᠠᠭᠴᠠ ᠲᠦᠷᠦᠯ ᠤᠨ ᠪᠡᠶ᠎ᠡ ᠶᠢᠨ ᠲᠠᠮᠢᠷ ᠤᠨ | ᠨᠡᠶᠢᠭᠡᠮᠯᠢᠭ ᠤᠨ ᠥᠷᠨᠢᠭᠦᠯᠦᠭᠰᠡᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠢᠯᠤᠭᠤᠳᠤᠨ᠎ᠠ︔ ᠪᠥᠬᠦ ᠬᠤᠲᠠ ᠶᠢᠨ ᠬᠥᠮᠦᠨ ᠠᠮᠠ ᠶᠢᠨ ᠡᠷᠡᠭᠦᠯ | ᠮᠡᠨᠳᠦ ᠶᠢᠨ ᠪᠠᠶᠢᠳᠠᠯ ᠢ ᠬᠢᠨᠠᠨ ᠭᠡᠮᠵᠢᠬᠦ ᠡᠭᠦᠷᠭᠡ ᠶᠢ ᠡᠭᠦᠷᠭᠡᠯᠡᠨ᠎ᠡ︔ ᠪᠡᠶ᠎ᠡ ᠶᠢᠨ ᠲᠠᠮᠢᠷ ᠤᠨ ᠠᠵᠢᠯᠲᠠᠳ ᠢ ᠪᠣᠯᠪᠠᠰᠤᠷᠠᠭᠤᠯᠬᠤ ᠪᠠ ᠮᠡᠷᠭᠡᠵᠢᠯ ᠤᠨ ᠵᠢᠯᠤᠭᠤᠳᠤᠯᠭ᠎ᠠ | ᠶᠢᠨ ᠠᠵᠢᠯ ᠢ ᠡᠭᠦᠷᠭᠡᠯᠡᠨ᠎ᠡ︔ ᠪᠦᠬᠦ ᠬᠤᠲᠠ ᠶᠢᠨ ᠡᠯ᠎ᠡ ᠠᠮᠢᠰᠬᠤᠯ ᠤᠨ ᠲᠠᠮᠢᠷ ᠤᠨ ᠦᠷᠳᠡᠭᠡᠨ ᠴᠡᠭ ᠲᠤ ᠵᠢᠯᠣᠭᠤᠳᠬᠤ ᠪᠠ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ᠃ | ︵ᠲᠠᠪᠤ︶ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠲᠥᠪ᠄ ᠪᠡᠶ᠎ᠡ ᠶᠢᠨ ᠲᠠᠮᠢᠷ ᠤᠨ ᠲᠥᠪ ᠤᠨ ᠲᠠᠯᠠᠪᠤᠷ ᠣᠷᠳᠣᠨ ᠤ ᠲᠦᠬᠦᠭᠡᠷᠦᠮᠵᠢ ᠶᠢ ᠬᠠᠮᠢᠶᠠᠷᠬᠤ᠂ | ᠠᠷᠠᠴᠢᠯᠠᠨ ᠬᠠᠮᠠᠭᠠᠯᠠᠬᠤ᠂ ᠪᠡᠶ᠎ᠡ ᠶᠢᠨ ᠲᠠᠮᠢᠷ ᠤᠨ ᠲᠥᠪ ᠤᠨ ᠬᠡᠪ ᠤᠨ ᠠᠵᠢᠯᠯᠠᠭᠠᠨ ᠢ ᠪᠠᠲᠤᠯᠠᠬᠤ ᠡᠭᠦᠷᠭᠡ ᠶᠢ ᠡᠭᠦᠷᠭᠡᠯᠡᠨ᠎ᠡ︔ ᠪᠡᠶ᠎ᠡ ᠶᠢᠨ ᠲᠠᠮᠢᠷ ᠤᠨ ᠲᠥᠪ ᠤᠨ | ᠨᠡᠶᠢᠭᠡᠮ ᠨᠡᠶᠢᠳᠡ ᠳᠤ ᠴᠢᠯᠤᠭᠡᠳᠡᠢ ᠨᠡᠭᠡᠭᠡᠬᠦ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ᠄ ᠪᠥᠬᠦ ᠬᠤᠲᠠ ᠶᠢᠨ ᠪᠡᠶ᠎ᠡ ᠶᠢᠨ | ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠳᠠ ᠶᠢᠨ ᠠᠷᠭ᠎ᠠ ᠶᠢ ᠳᠤᠭᠳᠠᠭᠠᠬᠤ ᠶᠢ ᠡᠬᠦᠷᠭᠡᠯᠡᠨ᠎ᠡ︔ ᠪᠥᠬᠦ ᠬᠤᠲᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠶᠢ ᠲᠠᠷᠬᠠᠭᠠᠵᠤ ᠬᠠᠮᠢᠶᠠᠷᠬᠤ ᠠᠵᠢᠯ ᠢ ᠡᠬᠦᠷᠭᠡᠯᠡᠨ᠎ᠡ︔ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠣᠷᠣᠯᠠᠭᠤᠯᠬᠤ ᠲᠣᠣᠷ ᠴᠡᠭ ᠤᠨ ᠠᠵᠢᠯ ᠢ | ᠬᠠᠮᠢᠶᠠᠷᠴᠤ᠂ ᠵᠢᠯᠣᠭᠤᠳᠬᠤ ᠶᠢ ᠡᠭᠦᠷᠭᠡᠯᠡᠵᠦ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠪᠤᠷᠤᠯᠠᠭᠤᠯᠬᠤ ᠠᠵᠢᠯᠲᠠᠨ ᠢ ᠪᠤᠯᠪᠠᠰᠤᠷᠠᠭᠤᠯᠬᠤ ᠠᠵᠢᠯ ᠢ | ᠡᠬᠦᠷᠭᠡᠯᠡᠨ᠎ᠡ᠃ | ︵ᠳᠣᠯᠤᠭ᠎ᠠ︶ ᠣᠷᠳᠣᠰ ᠬᠤᠲᠠ ᠶᠢᠨ ᠬᠥᠯ ᠪᠥᠮᠪᠦᠭᠡ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠄ ᠪᠥᠬᠦ ᠬᠤᠲᠠ ᠶᠢᠨ ᠬᠥᠯ ᠪᠥᠮᠪᠦᠭᠡ ᠶᠢᠨ | ᠬᠥᠳᠡᠯᠭᠡᠭᠡᠨ ᠤ ᠲᠥᠷᠥᠯ ᠵᠦᠢᠯ ᠤᠨ ᠳᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠬᠥᠯ ᠪᠥᠮᠪᠦᠭᠡ ᠶᠢᠨ | ᠬᠥᠳᠡᠯᠭᠡᠭᠡᠨ ᠤ ᠲᠥᠷᠥᠯ ᠵᠦᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ︔ ᠪᠥᠬᠦ | ᠬᠤᠲᠠ ᠶᠢᠨ ᠬᠥᠯ ᠪᠥᠮᠪᠦᠭᠡ ᠶᠢᠨ ᠬᠥᠳᠡᠯᠭᠡᠭᠡᠨ ᠤ ᠲᠥᠷᠥᠯ ᠵᠦᠢᠯ ᠤᠨ ᠰᠢᠯᠢᠳᠡᠭ ᠲᠠᠮᠢᠷ ᠤᠨ ᠠᠩᠭᠢ ᠶᠢᠨ ᠪᠠᠶᠢᠭᠤᠯᠤᠯᠲᠠ ᠪᠠ ᠪᠡᠯᠡᠳᠬᠡᠯ ᠴᠢᠳᠠᠪᠤᠷᠢᠲᠠᠨ ᠢ | ᠬᠥᠮᠦᠵᠢᠭᠦᠯᠬᠦ ᠶᠢ ᠵᠢᠯᠣᠭᠤᠳᠤᠨ᠎ᠠ︔ ᠪᠥᠬᠦ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠳᠥᠷᠪᠡᠳᠦᠭᠡᠷ ᠳᠡᠰ ᠤᠨ ᠬᠤᠯᠪᠣᠭᠠᠲᠤ | ᠤᠷᠤᠯᠳᠤᠭᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠤᠯᠪᠣᠭᠠᠲᠤ ᠤᠷᠤᠯᠳᠤᠭᠠᠨ᠂ ᠨᠡᠶᠢᠭᠡᠮ ᠲᠣᠭᠤᠷᠢᠭ ᠤᠨ ᠬᠤᠯᠪᠣᠭᠠᠲᠤ ᠤᠷᠤᠯᠳᠤᠭᠠᠨ ᠪᠠ ᠺᠠᠳ᠋ᠷ | ᠠᠵᠢᠯᠴᠢᠨ ᠤ ᠬᠤᠯᠪᠣᠭᠠᠲᠤ ᠤᠷᠤᠯᠳᠤᠭᠠᠨ ᠢ ᠵᠣᠬᠢᠶᠠᠨ ᠪᠠᠶᠢᠭᠤᠯᠤᠨ ᠦᠷᠨᠢᠬᠦᠯᠦᠨ᠎ᠡ︔ ᠬᠥᠯ ᠪᠥᠮᠪᠦᠭᠡ ᠶᠢᠨ ᠬᠥᠳᠡᠯᠭᠡᠭᠡᠨ ᠤ ᠲᠥᠷᠥᠯ ᠵᠦᠢᠯ ᠤᠨ ᠬᠢᠨᠠᠭᠴᠢ ᠶᠢᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠬᠠᠮᠵᠢᠨ ᠬᠥᠯ ᠪᠥᠮᠪᠦᠭᠡ ᠶᠢᠨ ᠰᠤᠷᠭᠠᠭᠴᠢ ᠶᠢ ᠣᠷᠣᠭᠤᠯᠤᠨ ᠠᠪᠴᠢᠷᠠᠬᠤ᠂ | ᠪᠣᠯᠪᠠᠰᠤᠷᠠᠭᠤᠯᠬᠤ ᠪᠠ ᠬᠠᠮᠢᠶᠠᠷᠤᠨ᠎ᠠ︔ ᠬᠥᠯ ᠪᠥᠮᠪᠦᠭᠡ ᠶᠢᠨ ᠵᠠᠬ᠎ᠠ ᠳᠡᠯᠭᠡᠭᠦᠷ ᠢ ᠢᠳᠡᠪᠬᠢᠲᠡᠶ ᠪᠠᠷ ᠪᠤᠶᠢᠵᠢᠭᠤᠯᠤᠨ ᠨᠡᠭᠡᠭᠡᠨ ᠬᠥᠭᠵᠢᠭᠦᠯᠵᠦ᠂ ᠡᠵᠡᠩᠨᠡᠯᠲᠡ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠵᠤ᠂ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠳᠤ ᠪᠡᠯᠠ ᠮᠥᠩᠭᠦ ᠬᠤᠷᠠᠮᠳᠤᠭᠤᠯᠤᠨ᠎ᠠ︔ ᠤᠯᠠᠨ ᠤᠯᠤᠰ ᠪᠠ | ᠤᠯᠤᠰ ᠤᠨ ᠳᠣᠲᠣᠭᠠᠳᠤ ᠶᠢᠨ ᠪᠡᠶ᠎ᠡ ᠶᠢᠨ ᠲᠠᠮᠢᠷ ᠤᠨ ᠶᠠᠪᠤᠯᠴᠠᠭ᠎ᠠ ᠪᠠ ᠮᠡᠷᠭᠡᠵᠢᠯ ᠤᠨ ᠰᠣᠯᠢᠯᠴᠠᠭ᠎ᠠ ᠶᠢ ᠥᠷᠨᠢᠭᠦᠯᠵᠦ᠂ ᠮᠠᠨ ᠤ ᠬᠤᠲᠠ ᠳᠤ ᠡᠷᠭᠢᠯᠡᠭᠰᠡᠨ ᠤᠯᠠᠨ | ᠤᠯᠤᠰ ᠪᠠ ᠤᠯᠤᠰ ᠤᠨ ᠳᠣᠲᠣᠭᠠᠳᠤ ᠶᠢᠨ ᠬᠥᠯ ᠪᠥᠮᠪᠦᠭᠡ ᠶᠢᠨ ᠤᠷᠤᠯᠳᠤᠭᠠᠨ ᠤ ᠦᠢᠯᠡᠴᠢᠯᠡᠭᠡ ᠪᠠ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ︵ᠨᠠᠢᠮᠠ︶ ᠤᠷᠳᠤᠰ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠵᠤ᠂ | ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦ ᠶᠢ ᠠᠬᠢᠭᠤᠯᠤᠨ᠎ᠠ᠃ | ︵ᠶᠢᠰᠦ︶ ᠣᠷᠳᠣᠰ ᠬᠤᠲᠠ ᠶᠢᠨ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠲᠤᠤᠱᠯᠠᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦ | ᠶᠢ ᠠᠬᠢᠭᠤᠯᠤᠨ᠎ᠠ᠃ | ︵ᠠᠷᠪᠠ︶ ᠤᠷᠳᠤᠰ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠵᠤ᠂ | ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦ ᠶᠢ ᠠᠬᠢᠭᠤᠯᠤᠨ᠎ᠠ᠃ | ︵ᠠᠷᠪᠠᠨ ᠨᠢᠭᠡ︶ ᠤᠷᠳᠤᠰ ᠬᠤᠳᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠵᠤ᠂ | ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠢ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦ ᠶᠢ ᠠᠬᠢᠭᠤᠯᠤᠨ᠎ᠠ᠃ | ︵ᠠᠷᠪᠠᠨ ᠬᠤᠶᠠᠷ︶ ᠤᠷᠳᠤᠰ ᠬᠤᠳᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠲᠤᠤᠱᠯᠠᠭᠤᠯᠵᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠪᠠᠭ᠎ᠠ ᠰᠤᠷᠭᠠᠭᠤᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃ | ︵ᠠᠷᠪᠠᠨ ᠭᠤᠷᠪᠠ︶ ᠣᠷᠳᠣᠰ ᠬᠤᠲᠠ ᠶᠢᠨ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠲᠤᠤᠱᠯᠠᠭᠤᠯᠤᠨ᠂ ᠵᠡᠮᠳᠡᠭ ᠬᠡᠦᠬᠡᠳ᠂ ᠵᠠᠯᠠᠭᠤᠴᠤᠳ ᠪᠠᠭᠠᠴᠤᠳ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠬᠢᠭᠡᠳ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠬᠠᠩᠭᠠᠵᠤ᠂ ᠤᠨᠴᠠᠭᠠᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠳᠥᠷᠪᠡ︶ ᠣᠷᠳᠣᠰ ᠤᠨ ᠪᠠᠶᠢᠭᠠᠯᠢ ᠲᠧᠭᠨᠢᠭ ᠤᠨ ᠤᠬᠠᠭᠠᠨ ᠤ ᠰᠤᠷᠭᠠᠭᠤᠯᠢ᠄ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ | ᠲᠤᠤᠱᠯᠠᠭᠤᠯᠵᠤ᠂ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠠᠵᠤ | ᠠᠬᠤᠶ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠭᠤᠷᠬᠠᠶ᠂ ᠮᠠᠲ᠋ᠧᠷᠢᠶᠠᠯ᠂ ᠮᠧᠬᠠᠨᠢᠭ ᠵᠡᠷᠭᠡ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ | ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠡᠭᠦᠷᠭᠡᠯᠡᠨ᠎ᠡ︔ ᠡᠳ᠋ ᠤᠨ ᠵᠠᠰᠠᠭ ᠠᠵᠤ ᠠᠬᠤᠶ ᠪᠠ ᠠᠵᠤ ᠦᠢᠯᠡᠳᠪᠦᠷᠢ ᠶᠢᠨ ᠲᠤᠰᠬᠠᠶ ᠮᠡᠷᠭᠡᠵᠢᠯ ᠤᠨ | ᠪᠣᠯᠪᠠᠰᠤᠷᠠᠯ ᠤᠨ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠣᠷᠳᠣᠰ ᠬᠤᠲᠠ ᠶᠢᠨ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ︵ᠬᠤᠲᠠ ᠶᠢᠨ ᠪᠡᠶ᠎ᠡ ᠶᠢᠨ | ᠲᠠᠮᠢᠷ ᠤᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠪᠠ ᠬᠤᠲᠠ ᠶᠢᠨ ᠳ᠋ᠦᠩᠱᠧᠩ ᠤᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠫᠠᠶᠢᠰᠠ ᠶᠢ ᠡᠯᠭᠦᠨ᠎ᠡ︶᠄ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ᠂ ᠳᠤᠮᠳᠠᠳᠤ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠡᠬᠦᠷᠭᠡᠯᠡᠨ᠎ᠡ᠃ | ︵ᠠᠷᠪᠠᠨ ᠵᠢᠷᠭᠤᠭ᠎ᠠ︶ ᠣᠷᠳᠣᠰ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ᠄ ᠰᠤᠷᠭᠠᠨ ᠬᠥᠮᠦᠵᠢᠯ ᠤᠨ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠰᠠᠭᠤᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ᠂ ᠰᠤᠷᠭᠠᠨ ᠬᠥᠮᠦᠵᠢᠯ ᠢ ᠬᠢᠨᠠᠨ ᠵᠢᠯᠣᠭᠤᠳᠴᠤ ᠦᠨᠡᠯᠡᠬᠦ᠂ ᠰᠣᠷᠣᠭᠴᠢ ᠶᠢ ᠵᠣᠭᠤᠰ ᠢᠶᠠᠷ ᠲᠤᠰᠠᠯᠠᠬᠤ᠂ ᠨᠠᠰᠤᠨ ᠳᠤ ᠥᠯᠥ ᠭᠦᠷᠦᠭᠰᠡᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠦᠭᠡ ᠬᠡᠯᠡ ᠥᠰᠥᠭ ᠪᠢᠴᠢᠭ ᠤᠨ ᠬᠡᠷᠡᠭᠯᠡᠯᠲᠡ᠂ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠵᠡᠷᠭᠡ | ᠠᠵᠢᠯ ᠢ ᠡᠭᠦᠷᠭᠡᠯᠡᠨ᠎ᠡ᠃ ᠭᠤᠣᠯ ᠳᠤᠰᠢᠶᠠᠯ ᠬᠠᠷᠢᠭᠤᠴᠠᠯᠭ᠎ᠠ ᠪᠣᠯ᠄ | 1. ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠦᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠦᠨ᠎ᠡ᠃ | 2. ᠪᠦᠬᠦ ᠬᠤᠲᠠ ᠶᠢᠨ ᠰᠤᠷᠭᠠᠭᠤᠯᠢ ᠰᠠᠭᠤᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠳᠤ ᠤᠷᠤᠯᠴᠠᠬᠤ ᠶᠢᠨ ᠬᠠᠮᠳᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ︔ ᠪᠥᠬᠦ ᠬᠤᠲᠠ ᠶᠢᠨ ᠬᠡᠤᠬᠡᠳ ᠤᠨ | ᠴᠡᠴᠡᠷᠯᠢᠭ ᠤᠨ ᠠᠰᠠᠷᠠᠨ ᠬᠥᠮᠦᠵᠢᠭᠦᠯᠬᠦ ᠠᠵᠢᠯ ᠵᠢᠴᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠬᠤ᠂ ᠬᠢᠨᠠᠯᠲᠠ ᠲᠠᠯᠪᠢᠬᠤ᠂ | ᠦᠨᠡᠯᠡᠬᠦ ᠲᠠᠯ᠎ᠠ ᠶᠢᠨ ᠲᠤᠰᠠᠯᠠᠬᠤ ᠴᠢᠨᠠᠷᠳᠠᠢ ᠠᠵᠢᠯ ᠢ ᠡᠭᠦᠷᠭᠡᠯᠡᠨ᠎ᠡ᠃ | 3. ᠪᠦᠬᠦ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠳᠤ | ᠤᠷᠤᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠭᠡᠷᠡᠭᠵᠢᠬᠦᠯᠦᠨ᠎ᠡ︔ ᠪᠦᠬᠦ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠪᠠ ᠨᠡᠶᠢᠭᠡᠮ ᠤᠨ | ᠬᠡᠷᠡᠭᠯᠡᠭᠡᠨ ᠤ ᠬᠡᠯᠡ ᠦᠰᠦᠭ ᠤᠨ ᠠᠵᠢᠯᠯᠠᠭ᠎ᠠ ᠳᠤ ᠬᠢᠨᠠᠯᠲᠠ ᠲᠠᠯᠪᠢᠬᠤ᠂ ᠬᠠᠮᠢᠶᠠᠷᠬᠤ᠂ ᠵᠢᠷᠤᠮᠵᠢᠭᠤᠯᠬᠤ᠂ ᠵᠢᠯᠣᠭᠤᠳᠬᠤ ᠲᠠᠯ᠎ᠠ ᠶᠢᠨ ᠲᠤᠰᠠᠯᠠᠬᠤ ᠴᠢᠨᠠᠷᠳᠠᠢ | ᠠᠵᠢᠯ ᠢ ᠡᠭᠦᠷᠭᠡᠯᠡᠨ᠎ᠡ᠃ | 4. ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠶᠢ ᠵᠣᠭᠤᠰ ᠢᠶᠠᠷ ᠲᠤᠰᠠᠯᠠᠬᠤ ᠬᠠᠮᠢᠶ᠎ᠠ ᠪᠥᠬᠦᠶ ᠠᠵᠢᠯ ᠢ | ᠡᠭᠦᠷᠭᠡᠯᠡᠨ᠎ᠡ︔ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢ ᠵᠣᠭᠤᠰ ᠢᠶᠠᠷ ᠲᠤᠰᠠᠯᠠᠬᠤ ᠲᠤᠬᠠᠶᠢᠯᠠᠭᠰᠠᠨ ᠠᠵᠢᠯ ᠤᠨ | ᠵᠢᠯᠣᠭᠤᠳᠬᠤ ᠠᠵᠢᠯ ᠢ ᠡᠭᠦᠷᠭᠡᠯᠡᠨ᠎ᠡ᠃ | 5. ᠪᠥᠬᠦ ᠬᠤᠲᠠ ᠶᠢᠨ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ | ᠲᠤᠭᠤᠷᠪᠢᠨ ᠲᠣᠭᠲᠠᠭᠠᠬᠤ ᠳᠤ ᠤᠷᠤᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ︔ ᠬᠤᠰᠢᠭᠤ ᠲᠣᠭᠤᠷᠢᠭ ᠪᠠ ᠰᠤᠷᠭᠠᠭᠤᠯᠢ ᠶᠢᠨ | ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠡᠭᠦᠷᠭᠡᠯᠡᠨ᠎ᠡ᠃ | 6. ᠪᠥᠬᠦ ᠬᠤᠲᠠ ᠶᠢᠨ ᠰᠤᠷᠭᠠᠨ ᠬᠥᠮᠦᠵᠢᠯ ᠢ ᠬᠢᠨᠠᠨ ᠵᠢᠯᠣᠭᠤᠳᠴᠤ ᠦᠨᠡᠯᠡᠯᠳᠡ ᠬᠢᠬᠦ ᠣᠨᠣᠯ ᠤᠨ ᠰᠤᠳᠤᠯᠭᠠᠨ ᠤ ᠠᠵᠢᠯ ᠢ ᠡᠭᠦᠷᠭᠡᠯᠡᠵᠦ᠂ | ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠯᠳᠡ ᠬᠢᠬᠦ ᠴᠢᠬᠤᠯᠠ ᠶᠡᠭᠡ ᠲᠥᠷᠥᠯ ᠵᠦᠢᠯ ᠤᠨ ᠠᠵᠢᠯ ᠢ | ᠥᠷᠨᠢᠭᠦᠯᠦᠨ᠎ᠡ︔ ᠲᠣᠪᠴᠢᠶ᠎ᠠ ᠶᠢᠨ ᠪᠠᠶᠢᠭᠤᠯᠭ᠎ᠠ ᠶᠢ ᠬᠠᠮᠵᠢᠨ ᠰᠤᠷᠭᠠᠨ ᠬᠥᠮᠦᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠳᠤᠭᠳᠠᠯᠴᠠᠭ᠎ᠠ ᠶᠢ ᠪᠦᠷᠢᠨᠰᠢᠬᠦᠯᠦᠨ | ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ᠃ | 7᠂ ᠪᠠᠭᠰᠢ ᠠᠵᠢᠯᠳᠡᠠ ᠠᠵᠢᠯᠴᠢᠠ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠳᠤ ᠦᠢᠯᠡᠴᠢᠯᠡᠭᠡ ᠬᠠᠩᠭᠠᠵᠤ᠂ ᠪᠠᠭᠰᠢ ᠠᠵᠢᠯᠳᠡᠠ ᠠᠵᠢᠯᠴᠢᠠ ᠤ | ᠰᠣᠶᠣᠯ᠂ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 8. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠳᠣᠯᠤᠭ᠎ᠠ︶ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ | 1. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠳᠤᠰᠢᠶᠠᠭᠰᠠᠨ ᠡᠯ᠎ᠡ ᠱᠠᠲᠤᠨ ᠤ ᠡᠯ᠎ᠡ ᠲᠥᠷᠥᠯ ᠤᠨ | ᠶᠡᠷᠦᠩᠬᠡᠶᠢᠯᠡᠭᠰᠡᠨ ᠴᠢᠨᠠᠷᠲᠠᠶ ᠪᠠᠶᠢᠴᠠᠭᠠᠬᠤ᠂ ᠰᠢᠯᠭᠠᠨ ᠬᠤᠪᠢᠶᠠᠬᠤ ᠵᠡᠷᠭᠡ ᠠᠵᠢᠯ ᠢ ᠵᠣᠯᠭᠠᠭᠤᠯᠬᠤ᠂ ᠳᠠᠭᠠᠭᠠᠴᠢᠯᠠᠨ ᠭᠦᠢᠴᠡᠳᠬᠡᠬᠦ ᠵᠡᠷᠭᠡ ᠵᠠᠰᠠᠭ ᠵᠠᠬᠢᠷᠭᠠᠨ ᠤ | ᠲᠤᠰᠠᠯᠠᠬᠤ ᠴᠢᠨᠠᠷᠳᠠᠢ ᠠᠵᠢᠯ ᠢ ᠡᠭᠦᠷᠭᠡᠯᠡᠨ᠎ᠡ᠃ | 2᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠳᠤᠯᠠᠭ᠎ᠠ ᠶᠢᠨ | ᠠᠵᠢᠯ ᠢ ᠡᠬᠦᠷᠭᠡᠯᠡᠨ᠎ᠡ᠃ | 3. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠯᠪᠠᠨ ᠠᠰᠠᠷ᠂ ᠲᠡᠷᠭᠡ ᠬᠦᠰᠭᠡ ᠵᠡᠷᠭᠡ ᠶᠢᠨ ᠤᠯᠤᠰ ᠤᠨ ᠥᠮᠴᠢᠯᠡᠯᠲᠦ | ᠡᠳ᠋ ᠬᠥᠷᠦᠩᠭᠡ ᠶᠢᠨ ᠬᠠᠮᠢᠶᠠᠷᠤᠯᠲᠠ᠂ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃ | 4. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ ᠵᠡᠷᠭᠡ ᠬᠠᠮᠢᠶ᠎ᠠ | ᠪᠥᠬᠦᠶ ᠠᠵᠢᠯ ᠢ ᠡᠭᠦᠷᠭᠡᠯᠡᠨ᠎ᠡ᠃ | 5. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠳ᠋ ᠤᠨ ᠶᠠᠪᠤᠳᠠᠯ ᠢ ᠳ᠋ᠦᠩᠨᠡᠨ ᠪᠤᠳᠤᠬᠤ᠂ ᠠᠵᠢᠯᠯᠠᠭᠠᠨ ᠤ | ᠪᠠᠲᠤᠯᠠᠭ᠎ᠠ᠂ ᠨᠢᠭᠤᠴᠠ ᠮᠠᠲ᠋ᠧᠷᠢᠶᠠᠯ᠂ ᠪᠢᠴᠢᠭ ᠮᠠᠲ᠋ᠧᠷᠢᠶᠠᠯ ᠰᠣᠯᠢᠯᠴᠠᠬᠤ ᠵᠡᠷᠭᠡ ᠠᠵᠢᠯ ᠢ ᠡᠭᠦᠷᠭᠡᠯᠡᠨ᠎ᠡ᠃ | 6. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠴᠠᠯᠢᠩ ᠥᠭᠬᠦ᠂ ᠠᠵᠢᠯ ᠠᠴᠠ ᠪᠠᠨ ᠠᠮᠠᠷᠠᠭᠰᠠᠳ ᠤᠨ | ᠨᠠᠰᠤᠵᠢᠯ ᠤᠨ ᠳᠠᠭᠠᠳᠬᠠᠯ ᠤᠨ ᠲᠣᠭᠠᠴᠠᠭ᠎ᠠ ᠬᠢᠬᠦ᠂ ᠠᠵᠢᠯ ᠮᠡᠷᠭᠡᠵᠢᠯ ᠤᠨ ᠵᠢᠯ ᠤᠨ ᠮᠥᠩᠭᠦ ᠶᠢ ᠲᠤᠰᠢᠶᠠᠬᠤ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | 7. ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠳᠦᠷᠪᠡ᠂ ᠲᠤᠰᠢᠶᠠᠯ ᠤᠨ ᠲᠡᠰ ᠲᠤᠰᠢᠶᠠᠯ ᠤᠨ ᠲᠤᠭ᠎ᠠ | ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 29 ᠨᠡᠷᠡᠰ᠃ | ᠲᠣᠪᠴᠢᠶᠠᠨ ᠳᠠᠷᠤᠭ᠎ᠠ 1 ᠨᠡᠷᠡᠰ᠂ ᠲᠣᠪᠴᠢᠶᠠᠨ ᠳᠡᠳ᠋ ᠳᠠᠷᠤᠭ᠎ᠠ 4 ᠨᠡᠷᠡᠰ︔ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 24 ᠨᠡᠷᠡᠰ ︵17 | ᠵᠢᠩᠬᠢᠨᠢ 7 ᠳᠡᠳ᠋︶ | ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠶ᠎ᠠ ᠪᠥᠬᠦᠶ ᠠᠵᠢᠯ ᠦᠢᠯᠡᠰ ᠤᠨ ᠨᠢᠭᠡᠴᠡ ᠶᠢᠨ ᠳᠤᠬᠢᠷᠠᠭᠤᠯᠤᠯᠳᠠ | ᠂ ᠳᠤᠰᠢᠶᠠᠯ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰᠳᠠᠭᠠᠨ ᠲᠣᠭᠲᠠᠭᠠᠨ᠎ᠠ᠃ | ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ | ᠠᠯᠪᠡᠠ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠂ ᠲᠡᠭᠦᠨ ᠳᠤ ᠲᠣᠬᠢᠷᠠᠭᠤᠯᠤᠯᠲᠠ ᠬᠢᠬᠦ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ | ᠬᠤᠷᠢᠶ᠎ᠠ ᠶᠢᠨ ᠪᠠᠶᠢᠭᠤᠯᠤᠮᠵᠢ ᠣᠷᠣᠨ ᠲᠣᠭᠠᠨ ᠤ ᠵᠥᠪᠯᠡᠯ ᠤᠨ ᠠᠯᠪᠡᠠ ᠭᠡᠷ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ | ᠠᠵᠢᠯᠯᠠᠬᠤ ᠬᠠᠶ᠋ᠢᠭ᠄ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠬᠤᠲᠠ ᠶᠢᠨ ᠵᠠᠰᠠᠭ ᠤᠨ ᠣᠷᠳᠣᠨ ᠤ ᠬᠤᠶᠢᠲᠤ ᠵᠠᠮ ᠤᠨ ᠰᠢᠷᠬᠤᠰᠤ ᠪᠠᠷᠠᠭᠤᠨ | ᠵᠡᠭᠡᠯᠢ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠮᠣ ᠠᠰᠠᠷ | ᠠᠯᠪᠠᠯᠠᠬᠤ ᠤᠲᠠᠰᠤ᠄ 0477 ︱ 8598810 0477 ︱ 8598811 | ᠠᠵᠢᠯᠯᠠᠬᠤ ᠴᠠᠭ᠄ 9᠄ 00 ︱ 12᠄ 00 14᠄ 00 ︱ 17᠄ 30 | ᠰᠢᠦᠳᠠᠨ ᠳ᠋ᠤᠭᠠᠷ᠄ 017010 | ᠰᠦᠯᠵᠢᠶᠡᠨ ᠬᠠᠶ᠋ᠢᠭ᠄ http://jytyj.ordos.gov.cn | ᠸᠢᠴᠠᠲ ᠤᠨ ᠨᠡᠶᠢᠲᠡ ᠶᠢᠨ ᠳᠠᠪᠴᠠᠩ᠄ ᠣᠷᠳᠣᠰ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠴᠣᠩᠬᠤ ︵ordosjytyj︶ | ᠪᠢᠴᠢᠯ ᠪᠯᠤᠭ᠄ ᠣᠷᠳᠣᠰ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ | |