ᠲᠠᠯᠠᠨᠬᠤᠶᠠᠷ ᠪᠠᠭᠰᠢ ᠶᠢᠨ ᠲᠤᠪᠤᠶᠢᠮ᠎ᠠ ᠦᠢᠯᠡᠰ
ᠨᠡᠶᠢᠲᠡᠯᠡᠭᠰᠡᠨ ᠴᠠᠭ᠄
2021/9/9
   ᠬᠠᠨᠭ᠍ᠬᠢᠨ ᠬᠤᠰᠢᠭᠤᠨ ᠤ ᠮᠤᠩᠭᠤᠯ ᠦᠨᠳᠤᠰᠤᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠲᠠᠭᠤᠤ ᠶᠢᠨ ᠪᠠᠭᠰᠢ ᠲᠠᠯᠠᠨᠬᠤᠶᠠᠷ ᠭᠡᠵᠤ ᠬᠤᠯᠨ ᠦᠢᠷ᠎ᠠ ᠳᠠᠭᠠᠨ ᠠᠯᠳᠡᠷᠰᠢᠬᠰᠡᠨ ᠤᠷᠠᠯᠢᠬᠴᠢᠨ ᠭᠡᠬᠦ ᠳᠤ ᠠᠬᠠᠳᠠᠬᠤ ᠦᠭᠡᠢ᠃ ᠲᠡᠷᠨ ᠪᠤᠯ ᠲᠠᠭᠤᠤ ᠶᠢᠨ ᠪᠠᠭᠰᠢ᠂ ᠮᠤᠷᠢᠨ ᠬᠤᠭᠤᠷ ᠤᠨ ᠪᠠᠭᠰᠢ᠂ ︽ᠬᠠᠭᠠᠨ ᠬᠦᠭᠵᠢᠮ︾ ᠪᠠᠭᠠᠴᠤᠳ ᠬᠡᠤᠭᠡᠳ ᠤᠨ ᠮᠤᠷᠢᠨ ᠬᠤᠭᠤᠷ ᠤᠨ ᠪᠦᠯᠭᠦᠮ ᠤᠨ ᠡᠭᠦᠰᠭᠡᠨ ᠪᠠᠶᠢᠭᠤᠯᠤᠬᠴᠢ᠃   ᠲᠠᠯᠠᠨᠬᠤᠶᠠᠷ ᠬᠠᠨᠭ᠍ᠭᠢᠨ ᠬᠤᠰᠢᠭᠤᠨ ᠤ ᠰᠢᠨᠡᠪᠠᠯᠭᠠᠰᠤᠨ ᠤ ᠰᠢᠨᠡᠪᠤᠯᠠᠭ ᠭᠠᠴᠠᠭᠠᠨ ᠳᠤ ᠨᠤᠳᠤᠭ ᠲᠠᠢ᠂ ᠬᠠᠷᠠᠬᠠᠨ ᠪᠠᠭ᠎ᠠ ᠠᠴᠠ ᠪᠠᠨ ᠭᠡᠷ ᠤᠨ ᠬᠦᠮᠤᠨ ᠤ ᠪᠠᠨ ᠨᠦᠯᠦᠭᠡ ᠪᠠᠷ ᠲᠠᠭᠤᠤ ᠪᠦᠵᠢᠭ ᠲᠤ ᠲᠤᠷᠠᠳᠠᠢ᠂ ᠮᠤᠷᠢᠨ ᠬᠤᠭᠤᠷ ᠲᠤ ᠪᠠᠭ᠋ᠠᠳᠠᠢ᠃ ᠲᠡᠷᠨ 16 ᠨᠠᠰᠤᠨ ᠠᠴᠠ ᠪᠠᠨ ᠮᠤᠷᠢᠨ ᠬᠤᠭᠤᠷ ᠢ ᠡᠬᠢᠯᠡᠨ ᠰᠤᠷᠴᠤ᠂ ᠮᠤᠷᠢᠨ ᠬᠤᠭᠤᠷ ᠲᠠᠢ ᠰᠠᠯᠵᠤ ᠪᠤᠯᠤᠰᠢ ᠦᠭᠡᠢ ᠬᠤᠪᠢ ᠪᠠᠷᠢᠯᠳᠤᠯᠭ᠎ᠠ ᠪᠠᠨ ᠡᠬᠢᠯᠡᠭᠦᠯᠦᠭᠰᠡᠨ ᠪᠠᠶᠢᠨ᠎ᠠ᠃ ᠭᠡᠬᠦ ᠳᠤ ᠶᠠᠮᠠᠷ ᠶᠠᠭᠤᠮ᠎ᠠ ᠰᠤᠷᠤᠭᠰᠠᠨ ᠴᠤ ᠲᠡᠶᠢᠮᠦ ᠬᠢᠯᠪᠠᠷ ᠪᠢᠰᠢ᠂ ᠤᠳᠠᠭᠠᠨ ᠲᠠᠭᠠᠭᠠᠮᠠᠭᠠᠢ ᠲᠡᠰᠪᠦᠷᠢ ᠬᠠᠳᠠᠭᠤᠵᠢᠯᠳᠠᠢ ᠪᠠᠶᠢᠮᠠᠨᠵᠢᠨ ᠰᠠᠶ᠋ᠢ ᠠᠮᠵᠢᠯᠳᠡ ᠳᠤ ᠬᠦᠷᠳᠡᠭ᠃ ᠲᠠᠯᠠᠨᠬᠤᠶᠠᠷ ᠮᠤᠷᠢᠨ ᠬᠤᠭᠤᠷ ᠲᠤ ᠪᠠᠭ᠋ᠠᠳᠠᠢ ᠡᠷᠬᠡ ᠪᠠᠷ ᠪᠤᠰᠤᠳ ᠠᠴᠠ ᠢᠯᠡᠬᠦᠦ ᠰᠢᠷᠭᠠᠭᠤ ᠬᠠᠳᠠᠭᠤᠵᠢᠯᠳᠠᠢ ᠪᠤᠯᠪᠠᠰᠤᠷᠠᠵᠤ᠂ ᠡᠴᠤᠰ ᠲᠤ ᠤᠯᠠᠭᠠᠨᠬᠠᠳᠡ ᠶᠢᠨ ᠲᠡᠭᠡᠳᠤ ᠰᠤᠷᠭᠠᠭᠤᠯᠢ ᠶᠢᠨ ᠮᠤᠷᠢᠨ ᠬᠤᠭᠤᠷ ᠤᠨ ᠲᠤᠰᠬᠠᠢ ᠮᠡᠷᠭᠡᠵᠢᠯ ᠢᠶᠠᠷ ᠰᠢᠯᠭᠠᠬᠳᠡᠨ ᠤᠷᠤᠵᠠᠢ᠃ 2009 ᠤᠨ ᠳᠤ ᠲᠡᠷᠡ ᠶᠡᠭᠡ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠬᠠᠨᠭ᠍ᠬᠢᠨ ᠬᠤᠰᠢᠭᠤᠨ ᠤ ᠮᠤᠩᠭᠤᠯ ᠦᠨᠳᠤᠰᠤᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠳᠤ ᠢᠷᠡᠵᠦ ᠲᠠᠭᠤᠤ ᠶᠢᠨ ᠪᠠᠭᠰᠢ ᠪᠤᠯᠵᠤ᠂ ᠠᠷᠠᠳ ᠤᠨ ᠬᠡᠤᠭᠡᠳ ᠢ ᠠᠰᠡᠷᠡᠨ ᠬᠦᠮᠤᠵᠢᠭᠦᠯᠬᠦ᠂ ᠨᠡᠩ ᠢᠯᠠᠩᠭᠤᠶ᠎ᠠ ᠤᠷᠠᠯᠢᠭ ᠰᠤᠶᠤᠯ ᠤᠨ ᠲᠠᠯᠳᠡ ᠬᠦᠴᠦᠨ ᠢ ᠨᠢ ᠪᠠᠳᠠᠷᠠᠭᠤᠯᠵᠤ ᠶᠠᠪᠤᠬᠤ ᠡᠭᠦᠷᠭᠡ ᠶᠢ ᠬᠠᠷᠢᠭᠤᠴᠠᠵᠤ ᠡᠬᠢᠯᠡᠵᠠᠢ᠃   ᠲᠠᠯᠠᠨᠬᠤᠶᠠᠷ ᠭᠡᠵᠤ ᠬᠠᠳᠠᠭᠤᠵᠢᠯᠳᠠᠢ ᠬᠦᠳᠡᠯᠮᠤᠷᠢ ᠪᠠᠷ ᠢᠶᠠᠨ ᠠᠮᠢᠳᠤᠷᠠᠯ ᠢᠶᠠᠨ ᠮᠢᠯᠢᠶᠠᠵᠤ ᠶᠠᠪᠤᠳᠠᠭ ᠬᠦᠮᠤᠨ ᠤ ᠨᠢᠭᠡ᠃ ᠲᠡᠷᠨ ᠠᠵᠢᠯ ᠳᠤ ᠭᠠᠷᠤᠬᠰᠡᠨ ᠤ ᠲᠠᠷᠠᠭ᠎ᠠ ᠨᠠᠷᠢᠨ ᠬᠢᠨᠠᠮᠠᠭᠠᠢ ᠤᠪᠤᠷ ᠢᠶᠠᠷ ᠲᠤᠬᠠᠶᠢᠯᠠᠬᠰᠡᠨ ᠠᠵᠢᠯ ᠳᠠᠭᠠᠨ ᠬᠠᠷᠢᠭᠤᠴᠠᠵᠤ᠂ ᠰᠤᠷᠭᠠᠨ ᠬᠦᠮᠤᠵᠢᠯ ᠤᠨ ᠠᠵᠢᠯ ᠳᠠᠭᠠᠨ ᠦᠯᠡᠮᠵᠢ ᠬᠠᠶᠢᠷᠠᠳᠠᠢ ᠶᠠᠪᠤᠵᠠᠢ᠃ ᠵᠢᠭᠠᠨ ᠰᠤᠷᠭᠠᠬᠤ ᠶᠠᠪᠤᠴᠨ ᠳᠠᠭᠠᠨ ᠲᠡᠷᠨ ᠢᠮᠠᠬᠳᠡ ᠰᠤᠷᠤᠬᠴᠢ ᠪᠠᠨ ᠲᠡᠷᠢᠭᠦᠨ ᠪᠠᠶᠢᠷᠢᠨ ᠳᠤ ᠲᠠᠯᠪᠢᠨ ᠲᠡᠳᠡᠨ ᠤ ᠲᠤᠷ᠎ᠠ ᠰᠤᠨᠢᠷᠬᠠᠯ ᠤᠷᠮ᠎ᠠ ᠪᠠᠬ᠎ᠠ ᠶᠢ ᠨᠢ ᠪᠠᠳᠠᠷᠠᠭᠤᠯᠬᠤ ᠲᠠᠯ᠎ᠠ ᠪᠠᠷ ᠴᠢᠬᠤᠯᠠᠴᠢᠯᠡᠨ ᠠᠳᠬᠤᠵᠤ᠂ ᠵᠢᠭᠠᠨ ᠰᠤᠷᠭᠠᠬᠤ ᠠᠷᠭ᠎ᠠ ᠶᠢ ᠲᠠᠰᠤᠷᠠᠯᠳᠡ ᠦᠭᠡᠢ ᠬᠠᠶᠢᠨ ᠰᠦᠪᠡᠭᠴᠢᠯᠡᠵᠤ᠂ ᠬᠢᠴᠢᠶᠡᠯ ᠪᠦᠷᠢ ᠶᠢ ᠨᠠᠷᠢᠨ ᠬᠢᠨᠠᠮᠠᠭᠠᠢ ᠤᠷᠤᠳᠠᠭ᠃ ᠲᠡᠷᠨ ᠠᠵᠢᠯ ᠳᠤ ᠭᠠᠷᠤᠬᠰᠡᠨ ᠠᠷᠪᠠᠭᠠᠳ ᠵᠢᠯ ᠤᠨ ᠲᠤᠷᠰᠢ ᠦᠷᠯᠦᠭᠡ ᠪᠦᠷᠢ ᠵᠢᠷᠭᠤᠭᠠᠨ ᠴᠠᠭ ᠭᠠᠷᠤᠢ ᠳᠤ ᠰᠤᠷᠭᠠᠭᠤᠯᠢ ᠳᠠᠭᠠᠨ ᠬᠦᠷᠴᠤ ᠬᠦᠭᠵᠢᠮ ᠪᠤᠯᠪᠠᠰᠤᠷᠠᠨ ᠦᠪᠡᠷ ᠤᠨ ᠮᠡᠷᠭᠡᠵᠢᠯ ᠴᠢᠳᠠᠪᠤᠷᠢ ᠪᠠᠨ ᠲᠡᠭᠡᠭᠰᠢᠯᠡᠭᠦᠯᠳᠡᠭ ᠢᠶᠠᠷ ᠦᠯᠤ ᠪᠠᠷᠠᠮ ᠰᠤᠷᠤᠬᠴᠢᠳ ᠢᠶᠠᠨ ᠵᠢᠭᠠᠨ ᠵᠢᠯᠤᠭᠤᠳᠤᠳᠠᠭ᠃ ︽ᠲᠠᠯᠠᠨᠬᠤᠶᠠᠷ ᠪᠠᠭᠰᠢ ᠪᠤᠯ ᠠᠵᠢᠯ ᠳᠠᠭᠠᠨ ᠬᠠᠷᠢᠭᠤᠴᠠᠯᠭ᠎ᠠ ᠲᠠᠢ ᠬᠦᠮᠤᠨ᠂ ᠲᠡᠷᠨ ᠦᠷᠯᠦᠭᠡ ᠪᠦᠷᠢ 6 ᠴᠠᠭ 50 ᠮᠢᠨᠦ᠋ᠲ ᠲᠤ ᠲᠤᠬᠳᠠᠬᠰᠡᠨ ᠴᠠᠭ ᠲᠠᠭᠠᠨ ᠠᠵᠢᠯ ᠳᠠᠭᠠᠨ ᠭᠠᠷᠴᠤ᠂ ᠰᠤᠷᠤᠬᠴᠢ ᠨᠢᠬᠡ ᠪᠦᠷᠢ ᠶᠢ ᠨᠠᠷᠢᠨ ᠬᠢᠨᠠᠮᠠᠭᠠᠢ ᠵᠢᠭᠠᠨ ᠵᠢᠯᠤᠭᠤᠳᠤᠳᠠᠭ᠃ ᠬᠢᠴᠢᠶᠡᠯ ᠤᠷᠤᠵᠤ ᠪᠠᠶᠢᠬᠤ ᠦᠶ᠎ᠡ ᠳᠤ ᠲᠦᠪ ᠬᠢᠨᠠᠭᠤᠷ᠂ ᠭᠡᠪᠡᠴᠤ ᠬᠢᠴᠢᠶᠡᠯ ᠪᠠᠭᠤᠬᠰᠠᠭᠠᠷ ᠮᠠᠨᠤᠰ ᠲᠠᠢ ᠠᠬ᠎ᠠ ᠬᠦᠮᠤᠨ ᠰᠢᠭ ᠦᠶᠡᠷᠭᠡᠨ ᠨᠠᠭᠠᠳᠳᠠᠭ᠃ ᠲᠡᠷᠨ ᠪᠤᠯ ᠮᠠᠨ ᠤ ᠰᠠᠶᠢᠨ ᠪᠠᠭᠰᠢ ᠮᠦᠨ︾ ᠭᠡᠵᠤ ᠮᠤᠷᠢᠨ ᠬᠤᠭᠤᠷ ᠤᠨ ᠪᠦᠯᠭᠦᠮ ᠤᠨ ᠰᠤᠷᠤᠬᠴᠢ ᠡ᠊ᠩᠭᠡᠵᠢᠨ ᠶᠠᠷᠢᠨ᠎ᠠ᠃   ᠮᠤᠷᠢᠨ ᠬᠤᠭᠤᠷ ᠪᠤᠯ ᠮᠤᠩᠭᠤᠯ ᠦᠨᠳᠤᠰᠤᠳᠡᠨ ᠤ ᠲᠦᠯᠦᠭᠡᠯᠡᠬᠦ ᠴᠢᠨᠠᠷᠳᠠᠢ ᠬᠦᠭᠵᠢᠮ ᠤᠨ ᠪᠠᠭᠠᠵᠢ ᠪᠠᠶᠢᠵᠤ᠂ ᠬᠦᠮᠤᠰ ᠲᠤ ᠬᠦᠮᠤᠨ ᠪᠠ ᠪᠠᠶᠢᠭᠠᠯᠢ ᠶᠢᠨ ᠭᠤᠶᠢᠳᠡ ᠰᠠᠶᠢᠬᠠᠨ ᠤᠶᠠᠯᠳᠤᠯ ᠭᠡᠭᠳᠡᠳᠡᠭ᠃ ᠮᠤᠷᠢᠨ ᠬᠤᠭᠤᠷ ᠤᠨ ᠠᠶᠠᠰ ᠭᠡᠵᠤ ᠡᠷᠴᠢᠮᠯᠢᠭ ᠢᠳᠡᠷᠡᠭᠦᠨ ᠮᠦᠷᠳᠡᠭᠡᠨ ᠬᠦᠭᠵᠢᠮᠯᠢᠭ ᠰᠠᠶᠢᠬᠠᠨ ᠪᠠᠶᠢᠵᠤ᠂ ᠮᠤᠩᠭᠤᠯ ᠦᠨᠳᠤᠰᠤᠳᠡᠨ ᠤ ᠲᠠᠯ᠎ᠠ ᠨᠤᠳᠤᠭ ᠤᠨ ᠰᠤᠶᠤᠯ ᠤᠨ ᠬᠡᠪ ᠨᠠᠮᠪᠠ ᠶᠢ ᠭᠤᠶᠢᠳᠡ ᠰᠠᠶᠢᠬᠠᠨ ᠢᠯᠡᠷᠡᠭᠦᠯᠵᠤ ᠪᠠᠶᠢᠳᠠᠭ᠃ ᠮᠤᠩᠭᠤᠯ ᠦᠨᠳᠤᠰᠤᠳᠡᠨ ᠤ ᠪᠠᠨ ᠮᠤᠷᠢᠨ ᠬᠤᠭᠤᠷ ᠤᠨ ᠦᠪ ᠰᠤᠶᠤᠯ ᠢ ᠨᠡᠩ ᠰᠠᠶᠢᠨ ᠪᠠᠳᠠᠷᠠᠭᠤᠯᠬᠤ ᠡᠭᠦᠳᠡᠨ ᠠᠴᠠ ᠲᠠᠯᠠᠨᠬᠤᠶᠠᠷ ᠪᠠᠭᠰᠢ 2004 ᠤᠨ ᠳᠤ ︽ᠬᠠᠭᠠᠨ ᠬᠦᠭᠵᠢᠮ︾ ᠪᠠᠭᠠᠴᠤᠳ ᠬᠡᠤᠭᠡᠳ ᠤᠨ ᠮᠤᠷᠢᠨ ᠬᠤᠭᠤᠷ ᠤᠨ ᠪᠦᠯᠭᠦᠮ ᠢ ᠪᠠᠶᠢᠭᠤᠯᠵᠠᠢ᠃ ᠲᠤᠰ ᠪᠦᠯᠬᠦᠮ ᠨᠢ ᠡᠬᠢᠨ ᠳᠡᠭᠡᠨ ᠮᠤᠩᠭᠤᠯ ᠦᠨᠳᠤᠰᠤᠳᠡᠨ ᠤ ᠲᠤᠷᠰᠢᠯᠳᠡ ᠶᠢᠨ ᠪᠠᠭ᠎ᠠ ᠰᠤᠷᠭᠠᠭᠤᠯᠢ ᠶᠢᠨ ᠵᠢᠷᠭᠤᠭᠠᠨ ᠰᠤᠷᠤᠬᠴᠢ ᠪᠠᠷ ᠪᠦᠷᠢᠯᠳᠦᠵᠤ᠂ ᠰᠡᠭᠦᠯ ᠳᠤᠨᠢ ᠤᠯᠠᠮ ᠢᠶᠠᠷ ᠬᠦᠭᠵᠢᠨ ᠪᠤᠵᠠᠭᠠᠢᠢᠷᠠᠭᠠᠳ ᠤᠳᠤ ᠭᠤᠴᠢᠭᠠᠳ ᠭᠡᠰᠢᠭᠦᠨ ᠲᠠᠢ ᠪᠤᠯᠤᠬᠰᠡᠨ ᠪᠠᠶᠢᠨ᠎ᠠ᠃ ᠡᠶᠢᠨ ᠬᠦ ᠲᠤᠰ ᠪᠦᠯᠭᠦᠮ ᠨᠢ ᠲᠠᠯᠠᠨᠬᠤᠶᠠᠷ ᠪᠠᠭᠰᠢ ᠶᠢᠨ ᠨᠠᠷᠢᠨ ᠬᠢᠨᠠᠮᠠᠭᠠᠢ ᠵᠢᠭᠠᠨ ᠵᠢᠯᠤᠭᠤᠳᠤᠯᠭ᠎ᠠ ᠶᠢᠨ ᠲᠤᠤᠷ᠎ᠠ ᠠᠮᠵᠢᠯᠳᠡ ᠪᠦᠳᠦᠮᠵᠢ ᠲᠤᠪᠤᠶᠢᠮ᠎ᠠ ᠪᠤᠯᠵᠤ᠂ ᠤᠬᠤᠷᠬᠠᠨ ᠬᠡᠳᠤᠨ ᠵᠢᠯ ᠤᠨ ᠲᠤᠳᠤᠷ᠎ᠠ 9 ᠤᠳᠠᠭ᠎ᠠ ᠲᠦᠪ ᠤᠨ ᠲᠧᠯᠸᠢᠰ ᠬᠤᠷᠢᠶᠠᠨ ᠳᠤ ᠤᠷᠢᠬᠳᠡᠨ ᠤᠷᠤᠯᠴᠠᠬᠰᠡᠨ ᠪᠦᠭᠡᠳ ᠦᠪᠤᠷ ᠮᠤᠩᠭᠤᠯ ᠤᠨ ᠤᠳᠤᠨ ᠲᠧᠯᠸᠢᠰ᠂ ᠤᠷᠳᠤᠰ ᠤᠨ ᠤᠳᠤᠨ ᠲᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠴᠤ ᠤᠯᠡᠨ ᠤᠳᠠᠭ᠎ᠠ ᠤᠷᠢᠬᠳᠡᠨ ᠤᠷᠤᠯᠴᠠᠵᠠᠢ᠃ ᠲᠡᠷᠨ ᠪᠤᠯ ᠦᠪᠤᠷ ᠮᠤᠩᠭᠤᠯ᠂ ᠴᠢᠨᠠᠬᠰᠢᠯᠡᠨ ᠪᠦᠬᠦ ᠤᠯᠤᠰ ᠲᠠᠬᠢ ᠴᠤᠷᠢ ᠶᠢᠨ ᠭᠠᠭᠴᠨ ᠪᠠᠭᠠᠴᠤᠳ ᠬᠡᠤᠭᠡᠳ ᠤᠨ ᠮᠤᠷᠢᠨ ᠬᠤᠭᠤᠷ ᠤᠨ ᠪᠦᠯᠭᠦᠮ ᠪᠠᠶᠢᠵᠤ᠂ ᠤᠷᠢᠳ ᠬᠤᠵᠢᠳ ᠪᠦᠬᠦ ᠤᠯᠤᠰ ᠤᠨ ᠬᠦᠭᠵᠢᠮ ᠤᠨ ᠤᠷᠤᠯᠳᠤᠭᠠᠨ ᠤ ᠨᠢᠭᠡᠳᠦᠭᠡᠷ ᠨᠡᠷᠡᠰ᠂ ᠪᠦᠬᠦ ᠤᠯᠤᠰ ᠤᠨ ᠲᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠴᠤᠬᠯᠠᠭᠠᠨ ᠤ ᠨᠢᠭᠡᠳᠦᠭᠡᠷ ᠨᠡᠷᠡᠰ᠂ ᠪᠦᠬᠦ ᠤᠯᠤᠰ ᠤᠨ ᠴᠦᠭᠡᠨ ᠲᠤᠭᠠᠳᠤ ᠦᠨᠳᠤᠰᠤᠳᠡᠨ ᠤ ᠬᠦᠭᠵᠢᠮ ᠤᠨ ᠤᠷᠤᠯᠳᠤᠭᠠᠨ ᠤ ᠨᠢᠭᠡᠳᠦᠭᠡᠷ ᠨᠡᠷᠡᠰ᠂ ᠤᠷᠤᠨ ᠤ ᠲᠡᠰ ᠤᠨ ᠲᠤᠮᠳᠠᠳᠤ ᠪᠠᠭ᠎ᠠ ᠰᠤᠷᠭᠠᠭᠤᠯᠢ ᠶᠢᠨ ᠤᠷᠠᠯᠢᠭ ᠤᠨ ᠴᠤᠬᠯᠠᠭᠠᠨ ᠤ ᠨᠢᠭᠡᠳᠦᠭᠡᠷ ᠨᠡᠷᠡᠰ ᠵᠡᠷᠭᠡ ᠢᠷᠠᠭᠤ ᠠᠯᠳᠡᠷ ᠢᠶᠠᠷ ᠮᠢᠯᠢᠶᠠᠯᠭᠠᠵᠤ ᠶᠠᠪᠤᠬᠰᠡᠨ ᠪᠦᠭᠡᠳ 2018 ᠤᠨ ᠳᠤ ᠦᠪᠤᠷ ᠮᠤᠩᠭᠤᠯ ᠤᠨ ᠤᠬᠠᠭᠤᠯᠬᠤ ᠬᠡᠯᠳᠡᠰ ᠠᠴᠠ ᠲᠤᠰ ᠪᠦᠯᠬᠦᠮ ᠳᠤ ︽ᠪᠢᠴᠢᠬᠠᠨ ᠤᠯᠠᠭᠠᠨᠮᠦ᠋ᠴᠢᠷ︾ ᠭᠡᠰᠡᠨ ᠫᠠᠶᠢᠰᠨ ᠲᠡᠮᠳᠡᠭ ᠢ ᠤᠯᠭᠤᠬᠰᠡᠨ ᠪᠠᠶᠢᠨ᠎ᠠ᠃ ︽ᠮᠠᠨ ᠤ ᠬᠡᠤᠭᠡᠳ ᠤᠳ ᠤᠯᠠᠨ ᠤᠳᠠᠭ᠎ᠠ ᠭᠠᠳᠠᠭᠰᠢ ᠭᠠᠷᠴᠤ ᠲᠤᠭᠯᠠᠯᠳᠠ ᠭᠠᠷᠭᠠᠳᠠᠭ ᠪᠤᠯᠬᠤᠷ ᠡᠯᠪᠡᠭ ᠪᠠᠶᠠᠯᠢᠭ ᠲᠠᠶᠢᠰᠠᠨ ᠤ ᠲᠤᠷᠰᠢᠯᠭ᠎ᠠ ᠶᠢ ᠬᠤᠷᠠᠮᠳᠤᠭᠤᠯᠤᠭᠰᠠᠨ ᠢᠶᠠᠷ ᠪᠠᠷᠠᠬᠤ ᠦᠬᠡᠢ ᠪᠠᠶ᠎ᠠ ᠳᠡᠭᠡᠨ ᠤᠯᠠᠮ ᠢᠯᠡᠭᠦᠤ ᠢᠳᠡᠭᠡᠯ ᠵᠤᠷᠢᠭ ᠲᠠᠢ ᠪᠤᠯᠤᠬᠰᠡᠨ ᠪᠠᠶᠢᠨ᠎ᠠ᠃ ᠡᠨᠡ ᠪᠤᠯ ᠮᠠᠨ ᠤ ᠤᠮᠤᠬᠰᠢᠯ᠂ ᠮᠦᠨ ᠴᠤ ᠨᠤᠳᠤᠭ ᠤᠰᠤᠨ ᠤ ᠮᠢᠨᠢ ᠤᠮᠤᠬᠰᠢᠯ ᠮᠦᠨ︾ ᠭᠡᠵᠤ ᠲᠠᠯᠠᠨᠬᠤᠶᠠᠷ ᠪᠠᠭᠰᠢ ᠶᠠᠷᠢᠵᠤ ᠪᠠᠶᠢᠯ᠎ᠠ᠃    ︽ᠤᠷᠬᠢᠯ ᠳᠤᠷ ᠭᠠᠷᠬᠤ ᠤᠮᠤᠭ ᠵᠤᠷᠢᠭ ᠪᠠᠶᠢᠪᠠᠰᠤ ᠤᠷᠴᠢᠯᠠᠩ ᠲᠠᠯᠡᠭᠡᠢ ᠳᠤ ᠪᠡᠷᠭᠡ ᠶᠠᠪᠤᠳᠠᠯ ᠠᠯᠠᠭ᠎ᠠ︾ ᠭᠡᠳᠡᠭ ᠢᠶᠠᠷ ᠲᠠᠯᠠᠨᠬᠤᠶᠠᠷ ᠴᠤ ᠡᠳᠡᠭᠡᠷ ᠠᠮᠵᠢᠯᠳᠡ ᠪᠦᠳᠦᠮᠵᠢ ᠳᠡᠭᠡᠨ ᠰᠡᠳᠬᠢᠯ ᠬᠠᠨᠵᠤ ᠰᠠᠭᠤᠬᠰᠡᠨ ᠦᠭᠡᠢ᠂ ᠰᠤᠷᠭᠠᠭᠤᠯᠢ ᠨᠢᠭᠡᠴᠢ ᠳᠡᠭᠡᠨ ᠦᠷᠭᠦᠯᠵᠢᠯᠡᠨ ᠴᠢᠷᠮᠠᠶᠢᠵᠤ ᠶᠠᠪᠤᠬᠰᠡᠨ ᠪᠠᠶᠢᠨ᠎ᠠ᠃ ᠤᠳᠤ ᠲᠡᠷᠨ ᠮᠠᠨᠢ ᠲᠤᠰ ᠰᠤᠷᠭᠠᠭᠤᠯᠢ ᠶᠢᠨ ᠢᠶᠠᠨ ᠨᠠᠮ ᠤᠨ ᠡᠭᠦᠷ ᠤᠨ ᠲᠡᠳ᠋ ᠱᠦᠵᠢ ᠶᠢᠨ ᠲᠤᠰᠢᠶᠠᠯ ᠢ ᠬᠠᠷᠢᠭᠤᠴᠠᠵᠤ᠂ ᠤᠯᠡᠨ ᠵᠢᠯ ᠤᠨ ᠲᠤᠷᠰᠢ ᠰᠢᠯᠢᠳᠡᠭ ᠵᠢᠯᠤᠭᠤᠳᠤᠬᠴᠢ ᠪᠠᠭᠰᠢ᠂ ᠪᠦᠬᠦ ᠬᠤᠰᠢᠭᠤᠨ ᠤ ᠰᠢᠯᠢᠳᠡᠭ ᠠᠵᠢᠯᠳᠡᠨ᠂ ᠬᠤᠰᠢᠭᠤᠨ ᠤ ᠰᠢᠯᠢᠳᠡᠭ ᠨᠠᠮ ᠤᠨ ᠠᠵᠢᠯᠳᠡᠨ ᠵᠡᠷᠭᠡ ᠢᠷᠠᠭᠤ ᠠᠯᠳᠡᠷ ᠢ ᠬᠦᠷᠳᠡᠵᠤ ᠭᠠᠨᠵᠤᠭ᠎ᠠ ᠲᠦᠭᠦᠷᠡᠩ ᠶᠠᠪᠤᠵᠤ ᠪᠠᠶᠢᠨ᠎ᠠ᠃    ᠲᠠᠯᠠᠨᠬᠤᠶᠠᠷ ᠪᠠᠭᠰᠢ ᠶᠢᠨ ᠠᠵᠢᠯ ᠦᠢᠯᠡᠰ ᠤᠨ ᠵᠠᠮ ᠨᠡᠩ ᠰᠠᠷᠠᠭᠤᠯᠬᠠᠨ ᠪᠠᠶᠢᠭᠠᠰᠠᠢ︕
   ᠪᠦᠬᠦ ᠬᠤᠰᠢᠭᠤᠨ ᠤ ᠰᠢᠯᠢᠳᠡᠭ ᠠᠵᠢᠯᠳᠠᠨ ᠢᠶᠠᠷ ᠬᠦᠬᠢᠬᠦᠯᠤᠭ᠍ᠳᠡᠪᠡ
   ᠬᠢᠴᠢᠶᠡᠯᠯᠡᠵᠤ ᠪᠠᠶᠢᠭ᠎ᠠ ᠨᠢ
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号