ᠭᠠᠭ᠋ᠠᠢ ᠶᠢᠨ ᠭᠠᠯ ᠬᠠᠪᠤᠳᠠᠷ ᠢ ᠰᠡᠷᠭᠡᠶᠢᠯᠡᠬᠦ ᠲᠤᠬᠠᠢ
ᠨᠡᠶᠢᠲᠡᠯᠡᠭᠰᠡᠨ ᠴᠠᠭ᠄
2022/10/10
     ⒈ ᠡᠩ ᠤᠨ ᠦᠶ᠎ᠡ ᠶᠢᠨ ᠰᠡᠷᠭᠡᠶᠢᠯᠡᠯᠲᠡ ᠶᠢᠨ ᠠᠷᠭ᠎ᠠ ᠮᠠᠶ᠋ᠢᠭ            ⑴ ᠠᠷᠠᠴᠢᠯᠠᠯᠲᠠ ᠬᠠᠮᠢᠶᠠᠷᠤᠯᠲᠠ ᠶᠢ ᠨᠢ ᠴᠢᠩᠭᠠᠳᠬᠠᠵᠤ ᠪᠣᠳᠠᠭᠠᠯᠢ ᠪᠡᠶ᠎ᠡ ᠶᠢᠨ ᠡᠪᠡᠳᠴᠢᠨ ᠢ ᠡᠰᠡᠷᠭᠦᠴᠡᠬᠦ ᠴᠢᠳᠠᠯ ᠢ ᠨᠢ ᠳᠡᠭᠡᠭᠰᠢᠯᠡᠭᠦᠯᠥᠨ᠎ᠡ᠃            ⑵ ᠲᠤᠭᠳᠠᠭᠰᠠ ᠬᠤᠭᠤᠴᠠᠭ᠎ᠠ ᠲᠠᠢ ᠪᠠᠷ ᠬᠠᠰᠢᠶ᠎ᠠ ᠰᠠᠷᠠᠪᠴᠢ᠂ ᠪᠠᠭᠠᠵᠢ ᠬᠡᠷᠡᠭᠰᠡᠯ ᠤᠨ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠨ᠎ᠡ᠃            ⑶ ᠭᠠᠳᠠᠨ᠎ᠠ ᠠᠴᠠ ᠬᠤᠳᠠᠯᠳᠤᠨ ᠠᠪᠴᠢᠷᠠᠭᠰᠠᠨ ᠭᠠᠭ᠋ᠠᠢ ᠶᠢ ᠨᠢᠭᠡ ᠬᠤᠭᠤᠴᠠᠭ᠎ᠠ ᠲᠤᠰᠠᠭᠠᠷᠯᠠᠵᠤ ᠪᠠᠶᠢᠴᠠᠭᠠᠭᠠᠳ ᠰᠠᠶ᠋ᠢ ᠰᠥᠷᠥᠭ ᠲᠤ ᠨᠡᠶᠢᠯᠡᠭᠦᠯᠦᠨ᠎ᠡ  ᠃            ⑷ ᠢᠯᠠᠭ᠎ᠠ᠂ ᠪᠠᠲᠠᠭᠠᠨ᠎ᠠ᠂ ᠬᠤᠯᠤᠭᠠᠨ᠎ᠠ ᠶᠢᠨ ᠲᠥᠷᠥᠯ ᠢ ᠤᠰᠠᠳᠬᠠᠬᠤ ᠠᠵᠢᠯ ᠢ ᠰᠠᠶᠢᠲᠤᠷ ᠬᠢᠵᠦ᠂ ᠡᠪᠡᠳᠴᠢᠨ ᠲᠠᠷᠬᠠᠭᠠᠬᠤ ᠶᠢ ᠰᠡᠷᠭᠡᠶᠢᠯᠡᠨ᠎ᠡ᠃            ⑸ ᠵᠠᠬ᠎ᠠ ᠳᠡᠯᠭᠡᠭᠦᠷ᠂ ᠵᠠᠮ ᠨᠡᠪᠲᠡᠷᠡᠯᠭᠡ᠂ ᠣᠷᠣᠨ ᠰᠠᠭᠤᠴᠠ ᠶᠢᠨ ᠬᠢᠵᠢᠭ ᠪᠠᠶᠢᠴᠠᠭᠠᠯᠲᠠ ᠶᠢ ᠴᠢᠩᠭᠠᠳᠬᠠᠵᠤ ᠡᠪᠡᠳᠴᠢᠨ ᠬᠢᠵᠢᠭ ᠤᠨ ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠨ᠎ᠡ᠃            ⑹ ᠰᠡᠷᠭᠡᠶᠢᠯᠡᠯᠲᠡ ᠶᠢᠨ ᠲᠠᠷᠢᠯᠭ᠎ᠠ ᠬᠢᠨ᠎ᠡ᠃ ᠥᠷᠭᠦᠯᠵᠢ ᠡᠪᠡᠳᠴᠢᠨ ᠳᠡᠯᠭᠡᠷᠡᠳᠡᠭ ᠣᠷᠣᠨ ᠳᠤ ᠵᠢᠯ ᠤᠨ ᠬᠤᠶᠠᠷ ᠤᠳᠠᠭ᠎ᠠ ᠰᠡᠷᠭᠡᠶᠢᠯᠡᠯᠲᠡ ᠶᠢᠨ  ᠲᠠᠷᠢᠯᠭ᠎ᠠ ᠬᠢᠵᠦ᠂ ᠡᠪᠡᠳᠴᠢᠨ ᠡᠭᠦᠰᠬᠦ ᠶᠢ ᠤᠷᠢᠳᠴᠢᠯᠠᠨ ᠰᠡᠷᠭᠡᠶᠢᠯᠡᠨ᠎ᠡ᠃            ⒉ ᠡᠪᠡᠳᠴᠢᠨ ᠡᠭᠦᠰᠥᠭᠰᠡᠨ ᠦᠶ᠎ᠡ ᠳᠤ            ⑴ ᠭᠡᠮᠨᠡᠭᠰᠡᠨ ᠭᠠᠭ᠋ᠠᠢ ᠶᠢ ᠲᠤᠰᠠᠭᠠᠷᠯᠠᠨ ᠵᠠᠰᠠᠬᠤ ᠬᠡᠷᠡᠭᠲᠡᠢ᠃            ⑵ ᠪᠣᠬᠢᠷᠲᠤᠭᠰᠠᠨ ᠣᠷᠴᠢᠨ ᠲᠣᠭᠤᠷᠢᠨ ᠢ ᠨᠢ ᠠᠷᠢᠭᠤᠳᠬᠠᠬᠤ ᠬᠡᠷᠡᠭᠲᠡᠢ᠃            ⑶ ᠦᠬᠦᠳᠡᠯ ᠢ ᠨᠢ ᠭᠦᠨ ᠪᠤᠯᠠᠵᠤ ᠰᠢᠢᠳᠪᠦᠷᠢᠯᠡᠨ᠎ᠡ᠃            ⑷ ᠡᠷᠡᠭᠦᠯ ᠭᠠᠭ᠋ᠠᠢ ᠳᠤᠨᠢ ᠪᠠᠴᠢᠮ ᠸᠠᠺᠽᠢᠨ ᠲᠠᠷᠢᠵᠤ ᠬᠠᠯᠳᠠᠪᠤᠷᠢᠯᠠᠬᠤ ᠶᠢ ᠰᠡᠷᠭᠡᠶᠢᠯᠡᠨ᠎ᠡ᠃            ⒊ ᠡᠮᠨᠡᠨ ᠵᠠᠰᠠᠬᠤ            ᠲᠤᠰ ᠡᠪᠡᠳᠴᠢᠨ ᠢ ᠵᠠᠰᠠᠬᠤ ᠳᠤ ᠴᠢᠩ ᠮᠸᠢ ᠰᠦ᠋ ᠬᠠᠮᠤᠭ ᠲᠣᠬᠢᠷᠠᠮᠵᠢᠲᠠᠢ᠂ ᠲᠤ ᠮᠸᠢ ᠰᠦ᠋᠂ ᠬᠤᠩ ᠮᠸᠢ ᠰᠦ᠋ ᠪᠠᠰᠠ ᠨᠡᠯᠢᠶᠡᠳ ᠲᠣᠬᠢᠷᠠᠮᠵᠢᠲᠠᠢ  ᠪᠠᠶᠢᠳᠠᠭ ᠃            ᠲᠤᠰ ᠡᠪᠡᠳᠴᠢᠨ ᠨᠢ ᠬᠥᠮᠥᠨ ᠳᠤ ᠬᠠᠯᠳᠠᠪᠤᠷᠢᠯᠠᠨ᠎ᠠ᠂ ᠡᠭᠦᠨ ᠢ ᠭᠠᠯ ᠬᠠᠪᠤᠳᠠᠷᠯᠢᠭ ᠭᠡᠨ᠎ᠡ᠃ ᠬᠥᠮᠥᠨ ᠳᠤ ᠬᠠᠯᠳᠠᠪᠤᠷᠢᠯᠠᠬᠤ ᠨᠢ ᠣᠯᠠᠩᠬᠢ ᠳᠠᠭᠠᠨ  ᠠᠵᠢᠯ ᠲᠥᠷᠥᠯ ᠤᠨ ᠡᠪᠡᠳᠴᠢᠨ ᠪᠠᠶᠢᠳᠠᠭ᠃ ᠡᠶᠢᠮᠦ ᠠᠴᠠ ᠮᠠᠯ ᠤᠨ ᠡᠮᠴᠢ ᠪᠠ ᠡᠪᠡᠳᠴᠢᠨ ᠲᠠᠢ ᠭᠠᠭ᠋ᠠᠢ ᠲᠠᠢ ᠣᠶᠢᠷᠠᠲᠤᠭᠰᠠᠳ ᠡᠷᠡᠭᠦᠯ ᠬᠠᠮᠠᠭᠠᠯᠠᠯ ᠤᠨ  ᠠᠵᠢᠯ ᠢ ᠰᠠᠶᠢᠲᠤᠷ ᠬᠢᠬᠦ ᠬᠡᠷᠡᠭᠲᠡᠢ᠃                     ︽ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ 
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ