ᠣᠷᠳᠣᠰ ᠬᠤᠲᠠ ᠶᠢᠨ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠨᠢᠭᠡᠨᠲᠡ 5 ᠬᠤᠪᠢ ᠳᠤ ᠬᠦᠷᠴᠡᠢ
ᠨᠡᠶᠢᠲᠡᠯᠡᠭᠰᠡᠨ ᠴᠠᠭ᠄
2022/10/12
      ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠣᠳᠣᠬᠠᠨ  ᠳᠤ ᠪᠦᠬᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠬᠤᠷᠢᠶᠠᠯᠲᠠ ᠨᠢᠭᠡᠨᠲᠡ 285.27 ᠲᠦᠮᠡᠨ ᠮᠦ ᠳᠤ ᠬᠦᠷᠴᠦ᠂ ᠪᠦᠬᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢᠨ 54.5% ᠶᠢ ᠡᠵᠡᠯᠡᠪᠡ᠃ ᠡᠭᠦᠨ ᠳᠤ ᠪᠤᠭᠤᠳᠠᠢ ᠶᠢᠨ ᠬᠤᠷᠢᠶᠠᠯᠲᠠ 6.8 ᠲᠦᠮᠡᠨ ᠮᠦ᠂ ᠡᠷᠳᠡᠨᠢ ᠰᠢᠰᠢ ᠶᠢᠨ ᠬᠤᠷᠢᠶᠠᠯᠲᠠ 229.3 ᠲᠦᠮᠡᠨ ᠮᠦ᠂ ᠤᠰᠤᠨ ᠲᠤᠲᠤᠷᠭ᠎ᠠ ᠶᠢᠨ ᠬᠤᠷᠢᠶᠠᠯᠲᠠ 2. 8 ᠲᠦᠮᠡᠨ ᠮᠦ᠂ ᠰᠢᠷ᠎ᠠ ᠪᠤᠷᠴᠠᠭ ᠤᠨ ᠬᠤᠷᠢᠶᠠᠯᠲᠠ 25.27 ᠲᠦᠮᠡᠨ ᠮᠦ᠂ ᠲᠥᠮᠥᠰᠥ ᠶᠢᠨ ᠬᠤᠷᠢᠶᠠᠯᠲᠠ 16.1 ᠲᠦᠮᠡᠨ ᠮᠦ᠂ ᠪᠤᠰᠤᠳ ᠠᠮᠤ ᠪᠤᠳᠠᠭᠠᠨ ᠤ ᠲᠠᠷᠢᠮᠠᠯ ᠤᠨ ᠬᠤᠷᠢᠶᠠᠯᠲᠠ 5 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 20 ᠵᠠᠭᠤᠨ ᠤ ᠨᠢᠭᠡᠴᠢ ᠨᠡᠮᠡᠭᠳᠡᠵᠡᠢ᠃       ᠣᠳᠣᠬᠠᠨ ᠤ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠪᠦᠲᠦᠮᠵᠢᠲᠡᠢ ᠨᠠᠮᠳᠠᠭᠤᠯᠵᠤ᠂ ᠠᠮᠤ ᠪᠤᠳᠠᠭ᠎ᠠ ᠶᠢ ᠰᠠᠶᠢᠲᠤᠷ ᠬᠥᠮᠥᠷᠭᠡᠯᠡᠬᠦ ᠶᠢ ᠪᠠᠲᠤᠯᠠᠬᠤ ᠶᠢᠨ ᠲᠥᠯᠥᠭᠡ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ︽ᠰᠢᠨ᠎ᠡ ᠲᠢᠲᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠤᠭᠤᠳᠬᠤ ᠳᠦᠷᠢᠮ︾ ᠢ ᠲᠠᠷᠬᠠᠭᠠᠵᠤ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠳᠤᠷᠠᠳᠵᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶ᠎ᠡ ᠳᠤ ᠱᠠᠲᠤ ᠱᠠᠲᠤ ᠪᠠᠷ ᠱᠠᠭᠠᠷᠳᠠᠯᠭ᠎ᠠ ᠨᠡᠮᠡᠵᠦ ᠪᠤᠯᠬᠤ ᠦᠭᠡᠢ᠂ ᠮᠠᠯᠴᠢᠨ ᠲᠠᠷᠢᠶᠠᠴᠢᠨ ᠤ ᠲᠠᠷᠢᠶᠠᠨ ᠭᠠᠵᠠᠷ ᠲᠤ ᠭᠠᠷᠬᠤ ᠶᠢ ᠬᠤᠷᠢᠭᠯᠠᠵᠤ ᠪᠤᠯᠬᠤ ᠦᠭᠡᠢ᠂ ᠤᠷᠢᠳ ᠢᠶᠠᠷ ᠴᠢᠩᠭ᠎ᠠ ᠠᠳᠬᠤᠵᠤ ᠳᠠᠷᠠᠭ᠎ᠠ ᠪᠠᠷ ᠨᠢ ᠰᠤᠯᠠᠳᠬᠠᠵᠤ ᠪᠤᠯᠬᠤ ᠦᠭᠡᠢ᠂ ᠠᠰᠠᠭᠤᠳᠠᠯ  ᠢ ᠰᠢᠢᠳᠪᠦᠷᠢᠯᠡᠬᠦ ᠶᠢ ᠬᠤᠶᠢᠰᠢᠯᠠᠭᠤᠯᠵᠤ ᠪᠤᠯᠬᠤ ᠦᠭᠡᠢ᠂ ᠨᠠᠮᠤᠷ ᠤᠨ ᠬᠤᠷᠢᠶᠠᠯᠲᠠ ᠶᠢᠨ ᠠᠬᠢᠴᠠ ᠶᠢ ᠨᠥᠯᠥᠭᠡᠯᠡᠵᠦ ᠪᠤᠯᠬᠤ ᠦᠭᠡᠢ᠃       ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠪᠠ ᠨᠠᠮᠤᠷ ᠤᠨ ᠬᠤᠷᠢᠶᠠᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠬᠠᠯᠠᠮᠰᠢᠯ ᠤᠲᠠᠰᠤ᠄ 0477—8581897
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ