ᠰᠢᠨ᠎ᠡ ᠺᠣᠷᠣᠨᠠ ᠸᠢᠷᠦ᠋ᠰ ᠵᠢᠷᠦᠬᠡ ᠶᠢ ᠭᠡᠮᠲᠦᠭᠡᠵᠦ ᠪᠠᠶᠢᠨ᠎ᠠ
ᠨᠡᠶᠢᠲᠡᠯᠡᠭᠰᠡᠨ ᠴᠠᠭ᠄
2022/10/13
     ᠠᠦ᠋ᠰᠲᠷᠠᠯᠢᠶ᠎ᠠ ᠶᠢᠨ ᠺᠦᠢᠨᠰᠯᠠᠨᠳ᠋ ᠶᠡᠭᠡ ᠰᠤᠷᠭᠠᠭᠤᠯᠢ ᠶᠢᠨ ᠬᠢᠨ ᠥᠨᠥᠬᠡᠨ ᠮᠡᠳᠡᠭᠡ ᠨᠡᠶᠢᠲᠡᠯᠡᠵᠦ ᠲᠡᠮᠳᠡᠭᠯᠡᠬᠦ ᠳᠡᠭᠡᠨ᠂ ᠰᠢᠨ᠎ᠡ ᠰᠤᠳᠤᠯᠭᠠᠨ ᠠᠴᠠ ᠦᠵᠡᠪᠡᠯ᠂ ᠰᠢᠨ᠎ᠡ ᠺᠣᠷᠣᠨᠠ ᠸᠢᠷᠦ᠋ᠰ ᠨᠢ ᠦᠷᠪᠢᠰᠦᠯ ᠡᠭᠦᠰᠬᠡᠵᠦ ᠵᠢᠷᠦᠬᠡ ᠶᠢ ᠭᠡᠮᠲᠦᠭᠡᠬᠦ ᠲᠡᠳᠦᠢ ᠦᠭᠡᠢ ᠰᠢᠭᠤᠳ ᠵᠢᠷᠦᠬᠡᠨ ᠤ DNA ᠶᠢ ᠨᠥᠯᠥᠭᠡᠯᠡᠵᠦ ᠵᠢᠷᠦᠬᠡ ᠶᠢ ᠭᠡᠮᠲᠦᠭᠡᠵᠦ ᠮᠡᠳᠡᠨ᠎ᠡ ᠭᠡᠵᠡᠢ᠃          ᠰᠢᠨ᠎ᠡ ᠺᠣᠷᠣᠨᠠ ᠸᠢᠷᠦ᠋ᠰ ᠠᠴᠠ ᠪᠣᠯᠵᠤ ᠬᠤᠶᠢᠰᠢᠳᠠ ᠶᠢᠨ ᠬᠡᠳᠦᠨ ᠵᠢᠯ ᠪᠦᠬᠦ ᠳᠡᠯᠡᠬᠡᠢ ᠳᠤ ᠬᠡᠳᠦᠨ ᠵᠠᠭᠤᠨ ᠲᠦᠮᠡᠨ ᠬᠥᠮᠥᠨ ᠵᠢᠷᠦᠬᠡᠨ ᠤ ᠭᠡᠮᠲᠦᠯ ᠲᠠᠢ ᠪᠣᠯᠵᠤ ᠮᠡᠳᠡᠨ᠎ᠡ ᠭᠡᠵᠤ ᠡᠭᠦᠨ ᠠᠴᠠ ᠡᠮᠦᠨ᠎ᠡ ᠠᠮᠧᠷᠢᠺᠠ ᠶᠢᠨ ᠰᠢᠨᠵᠢᠯᠡᠬᠦ ᠤᠬᠠᠭᠠᠨᠲᠠᠳ ᠵᠢᠱᠢᠵᠦ ᠪᠠᠶᠢᠭᠰᠠᠨ ᠶᠤᠮ᠃    

1.jpg

2.jpg

 

ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ