​ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 1000 ᠲᠦᠮᠡᠨ ᠲᠥᠭᠦᠷᠢᠭ ᠢ ᠤᠷᠢᠳᠴᠢᠯᠠᠨ ᠪᠠᠭᠤᠯᠭᠠᠪᠠ
ᠨᠡᠶᠢᠲᠡᠯᠡᠭᠰᠡᠨ ᠴᠠᠭ᠄
2022/10/14
      ᠦᠪᠣᠷ  ᠮᠣᠩᠭᠤᠯ ᠎ ᠤᠨ ᠥᠪᠡᠷᠲᠡᠭᠡᠨ ᠵᠠᠰᠠᠬᠤ  ᠣᠷᠣᠨ ᠤ  ᠡᠮᠴᠢᠯᠡᠭᠡᠨ ᠤ  ᠪᠠᠲᠤᠯᠠᠭ᠎ᠠ ᠶᠢᠨ  ᠲᠣᠪᠴᠢᠶ᠎ᠠ ᠶᠢᠨ ᠨᠡᠶᠢᠲᠡᠯᠡᠭᠰᠡᠨ ᠢᠶᠠᠷ᠂ ᠲᠤᠭᠲᠠᠭᠰᠠᠨ ᠴᠡᠭ ᠤᠨ  ᠡᠮᠴᠢᠯᠡᠭᠡᠨ ᠤ  ᠪᠠᠶᠢᠭᠤᠯᠤᠮᠵᠢ ᠶᠢᠨ  ᠣᠷᠣᠯᠠᠨ  ᠲᠦᠯᠦᠪᠦᠷᠢᠯᠡᠬᠦ  ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ᠲᠦᠷᠦᠬᠦᠭᠡᠨ ᠥᠪᠡᠷᠲᠡᠭᠡᠨ ᠵᠠᠰᠠᠬᠤ ᠣᠷᠣᠨ ᠤ  ᠡᠮᠴᠢᠯᠡᠭᠡᠨ ᠤ  ᠪᠠᠲᠤᠯᠠᠭ᠎ᠠ ᠶᠢᠨ  ᠲᠣᠪᠴᠢᠶ᠎ᠠ ᠲᠣᠰ ᠵᠢᠯ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠤᠭᠲᠠᠭᠰᠠᠨ ᠴᠡᠭ ᠤᠨ  ᠡᠮᠴᠢᠯᠡᠭᠡᠨ ᠤ  ᠪᠠᠶᠢᠭᠤᠯᠤᠮᠵᠢ ᠳᠤ 8306 ᠲᠦᠮᠡᠨ ᠲᠥᠭᠦᠷᠢᠭ ᠤᠨ ᠡᠷᠭᠢᠯᠲᠡ ᠶᠢᠨ ᠮᠥᠩᠭᠦ ᠤᠷᠢᠳᠴᠢᠯᠠᠨ ᠥᠭᠭᠦᠭᠰᠡᠨ ᠰᠠᠭᠤᠷᠢᠨ ᠳᠡᠭᠡᠷ᠎ᠡ᠂  ᠬᠥᠬᠡᠬᠤᠲᠠ ᠶᠢᠨ ᠴᠢᠩᠬᠡᠯᠢᠭ ᠡᠮᠨᠡᠯᠭᠡ ᠶᠢᠨ ᠬᠤᠷᠢᠶ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ  ᠬᠠᠷᠢᠭᠤᠴᠠᠵᠤ  ᠪᠠᠶᠢᠭ᠎ᠠ  ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠬᠤ  ᠲᠤᠭᠲᠠᠭᠰᠠᠨ  ᠡᠮᠨᠡᠯᠭᠡ ᠶᠢᠨ ᠬᠤᠷᠢᠶ᠎ᠠ  ᠪᠣᠯᠬᠤ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ 1000 ᠲᠦᠮᠡᠨ ᠲᠥᠭᠦᠷᠢᠭ ᠢ  ᠤᠷᠢᠳᠴᠢᠯᠠᠨ  ᠪᠠᠭᠤᠯᠭᠠᠵᠤ᠂  ᠲᠤᠭᠲᠠᠭᠰᠠᠨ  ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠵᠤ ᠪᠣᠢ᠃᠃                             
ᠢᠷᠡᠯᠲᠡ᠄ ᠦᠪᠣᠷ ᠮᠣᠩᠭᠤᠯ  ᠤᠨ ᠮᠣᠩᠭᠤᠯ ᠷᠠᠳᠢᠣ᠋