ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠢ 9 ᠰᠠᠷ᠎ᠠ ᠶᠢᠨ 5 ᠤ ᠡᠳᠦᠷ ᠠᠴᠠ ᠡᠬᠢᠯᠡᠨ 20 ᠲᠥᠭᠦᠷᠢᠭ ᠬᠢᠮᠳᠠᠷᠠᠭᠤᠯᠤᠨ᠎ᠠ
ᠨᠡᠶᠢᠲᠡᠯᠡᠭᠰᠡᠨ ᠴᠠᠭ᠄
2022/10/14
             2022 ᠣᠨ ᠤ 9 ᠰᠠᠷ᠎ᠠ ᠶᠢᠨ 5 ᠤ ᠡᠳᠦᠷ ︵ᠪᠠᠷᠢᠮᠳᠠ ᠭᠠᠷᠭᠠᠭᠰᠠᠨ ᠡᠳᠦᠷ ᠴᠠᠭ︶ ᠠᠴᠠ ᠡᠬᠢᠯᠡᠨ᠂ ᠤᠯᠤᠰ ᠤᠨ ᠳᠣᠲᠣᠭᠠᠳᠤ ᠶᠢᠨ ᠵᠢᠱᠢᠶᠠᠨ ᠤ ᠨᠢᠰᠬᠡᠯ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠠ᠂ ᠡᠨᠡ ᠨᠢ ᠲᠣᠬᠢᠷᠠᠭᠤᠯᠤᠯᠲᠠ ᠬᠢᠭᠰᠡᠨ ᠤ ᠳᠠᠷᠠᠭ᠎ᠠ ᠨᠠᠰᠤᠨ ᠳᠤ ᠭᠦᠷᠦᠭᠰᠡᠳ ᠨᠢᠭᠡᠪᠦᠷᠢ ᠶᠢᠨ ᠪᠢᠯᠧᠲ 20 ᠲᠥᠭᠦᠷᠢᠭ ᠬᠢᠮᠳᠠᠷᠠᠬᠤ ᠶᠢ ᠬᠠᠷᠠᠭᠤᠯᠵᠤ ᠪᠠᠶᠢᠨ᠎ᠠ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠤᠯᠤᠰ ᠤᠨ ᠳᠣᠲᠣᠭᠠᠳᠤ ᠶᠢᠨ ᠠᠶᠠᠯᠠᠯ ᠤᠨ ᠱᠤᠭᠤᠮ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠪᠠᠷᠢᠮᠵᠢᠶ᠎ᠠ ᠪᠣᠯ᠄ ᠨᠠᠰᠤᠨ ᠳᠤ ᠬᠦᠷᠦᠭᠰᠡᠨ ᠠᠶᠠᠨᠴᠢᠳ᠂ 800  ᠺᠢᠯᠤᠮᠧᠲᠷ ︵800 ᠺᠢᠯᠤᠮᠧᠲᠷ ᠪᠠᠭᠲᠠᠨ᠎ᠠ︶ ᠠᠴᠠ ᠳᠣᠷᠣᠭᠰᠢᠬᠢ ᠠᠶᠠᠯᠠᠯ ᠤᠨ ᠬᠡᠰᠡᠭ ᠲᠤ ᠠᠶᠠᠨᠴᠢᠨ ᠨᠢᠭᠡᠪᠦᠷᠢ ᠠᠴᠠ 60 ᠲᠥᠭᠦᠷᠢᠭ ᠬᠤᠷᠢᠶᠠᠨ᠎ᠠ︔ 800 ᠺᠢᠯᠣᠮᠧᠳ᠋ᠷ ᠠᠴᠠ ᠳᠡᠭᠡᠭᠰᠢᠬᠢ ᠠᠶᠠᠯᠠᠯ ᠤᠨ ᠬᠡᠰᠡᠭ ᠲᠤ ᠠᠶᠠᠨᠴᠢᠨ ᠨᠢᠭᠡᠪᠦᠷᠢ ᠠᠴᠠ 120 ᠲᠥᠭᠦᠷᠢᠭ ᠬᠤᠷᠢᠶᠠᠨ᠎ᠠ᠃ ᠵᠢᠱᠢᠶᠡᠯᠡᠪᠡᠯ᠂ ᠪᠡᠭᠡᠵᠢᠩ ᠠᠴᠠ ᠴᠧᠩᠳᠦ᠋ ᠶᠢᠨ ᠲᠢᠶᠠᠨ ᠹᠦ᠋ ᠬᠦᠷᠬᠦ ᠠᠶᠠᠯᠠᠯ ᠤᠨ ᠱᠤᠭᠤᠮ 1551 ᠺᠢᠯᠤᠮᠧᠲᠷ ᠪᠠᠶᠢᠵᠤ᠂ ᠨᠠᠰᠤᠨ ᠳᠤ ᠬᠦᠷᠦᠭᠰᠡᠨ ᠠᠶᠠᠨᠴᠢᠳ ᠤᠨ ᠪᠢᠯᠧᠲ ᠬᠤᠳᠠᠯᠳᠤᠨ ᠠᠪᠬᠤ ᠦᠨ᠎ᠡ 9 ᠰᠠᠷ᠎ᠠ ᠶᠢᠨ 5 ᠠᠴᠠ ᠡᠬᠢᠯᠡᠨ 20 ᠲᠥᠭᠦᠷᠢᠭ ᠬᠢᠮᠳᠠᠷᠠᠨ᠎ᠠ᠃   
ᠢᠷᠡᠯᠲᠡ᠄ ᠠᠷᠠᠳ ᠤᠨ ᠰᠦᠯᠵᠢᠶ᠎ᠡ