ᠠᠳᠤᠭᠤᠨ ᠤ ᠴᠢᠰᠤ ᠳᠤᠲᠠᠬᠤ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠬᠠᠢ
ᠨᠡᠶᠢᠲᠡᠯᠡᠭᠰᠡᠨ ᠴᠠᠭ᠄
2022/10/14
      ᠠᠳᠤᠭᠤᠨ ᠤ ᠴᠢᠰᠤ ᠳᠤᠲᠠᠬᠤ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠤᠰᠠᠳᠬᠠᠬᠤ ᠶᠢᠨ ᠲᠥᠯᠥᠭᠡ  ︽ᠠᠳᠤᠭᠤᠨ ᠤ ᠬᠠᠯᠳᠠᠪᠤᠷᠢᠳᠤ ᠴᠢᠰᠤ ᠳᠤᠲᠠᠬᠤ ᠡᠪᠡᠳᠴᠢᠨ ᠤ ᠰᠡᠷᠭᠡᠶᠢᠯᠡᠯᠲᠡ ᠳᠤ ᠬᠡᠷᠡᠭᠵᠢᠭᠦᠯᠬᠦ ᠠᠷᠭ᠎ᠠ︾ ᠶᠢ ᠡᠷᠬᠡᠪᠰᠢ ᠡᠷᠡᠰ ᠲᠤᠤᠱᠯᠠᠭᠤᠯᠬᠤ ᠬᠡᠷᠡᠭᠲᠡᠢ᠂ ᠴᠢᠬᠤᠯᠠ  ᠠᠭᠤᠯᠭ᠎ᠠ  ᠨᠢ ᠳᠣᠣᠷᠠᠬᠢ ᠮᠡᠲᠦ᠄            ⒈ ᠤᠷᠢᠳᠴᠢᠯᠠᠨ ᠰᠡᠷᠭᠡᠶᠢᠯᠡᠬᠦ ᠠᠷᠭ᠎ᠠ ᠮᠠᠶ᠋ᠢᠭ            ᠠᠷᠠᠴᠢᠯᠠᠯᠲᠠ ᠬᠠᠮᠢᠶᠠᠷᠤᠯᠲᠠ ᠪᠠᠨ ᠴᠢᠩᠭᠠᠳᠬᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠬᠢᠵᠦ ᠪᠠᠲᠠᠭᠠᠨ᠎ᠠ᠂ ᠬᠡᠳᠡᠭᠡᠨ᠎ᠡ ᠶᠢ  ᠤᠰᠠᠳᠬᠠᠨ᠎ᠠ᠃ ᠭᠠᠳᠠᠨ᠎ᠠ ᠠᠴᠠ ᠣᠷᠣᠭᠤᠯᠵᠤ ᠢᠷᠡᠬᠦ ᠠᠳᠤᠭᠤᠨ ᠳᠤ ᠬᠢᠵᠢᠭ ᠤᠨ ᠪᠠᠶᠢᠴᠠᠭᠠᠯᠲᠠ ᠬᠢᠨ᠎ᠡ᠃      ⒉ ᠰᠡᠷᠭᠡᠶᠢᠯᠡᠨ ᠵᠠᠰᠠᠬᠤ ᠠᠷᠭ᠎ᠠ ᠮᠠᠶ᠋ᠢᠭ            ⑴ ᠪᠢᠲᠡᠭᠦᠮᠵᠢᠯᠡᠬᠦ᠄ ᠠᠳᠤᠭᠤᠨ ᠤ ᠴᠢᠰᠤ ᠳᠤᠲᠠᠬᠤ ᠬᠠᠯᠳᠠᠪᠤᠷᠢᠳᠤ ᠡᠪᠡᠳᠴᠢᠨ ᠳᠡᠯᠭᠡᠷᠡᠪᠡᠯ ᠬᠢᠵᠢᠭᠳᠦ ᠣᠷᠣᠨ ᠪᠠ ᠬᠢᠵᠢᠭ ᠤᠨ ᠴᠢᠭ ᠢ ᠵᠢᠷᠤᠨ  ᠲᠣᠭᠲᠠᠭᠠᠵᠤ ᠪᠢᠲᠡᠭᠦᠮᠵᠢᠯᠡᠬᠦ ᠬᠡᠷᠡᠭᠲᠡᠢ᠃            ⑵ ᠬᠢᠵᠢᠭ ᠪᠠᠶᠢᠴᠠᠭᠠᠬᠤ᠄ ᠠᠳᠤᠭᠤᠨ ᠤ ᠪᠡᠶ᠎ᠡ ᠶᠢᠨ ᠬᠠᠯᠠᠭᠤᠨ ᠢ ᠨᠢ ᠬᠡᠮᠵᠢᠬᠦ᠂ ᠡᠮᠴᠢᠯᠡᠪᠦᠷᠢ ᠶᠢᠨ ᠪᠠ ᠴᠢᠰᠤᠨ ᠤ ᠪᠠᠶᠢᠴᠠᠭᠠᠯᠲᠠ ᠬᠢᠬᠦ ᠠᠴᠠ  ᠭᠠᠳᠠᠨ᠎ᠠ ᠨᠢᠭᠡ ᠰᠠᠷ᠎ᠠ ᠠᠯᠤᠰᠯᠠᠭᠤᠯᠵᠤ᠂ ᠭᠤᠷᠪᠠ ᠤᠳᠠᠭ᠎ᠠ ᠶᠢᠨ ᠨᠥᠬᠦᠪᠦᠷᠢ ᠴᠣᠭᠴᠠ ᠤᠶᠠᠯᠳᠤᠬᠤ ᠤᠷᠪᠠᠯ ᠪᠠ ᠠᠭᠠᠷᠳᠤ ᠴᠠᠷᠴᠠᠮᠠᠯ ᠳᠤ ᠲᠠᠷᠬᠠᠬᠤ ᠤᠷᠪᠠᠯ ᠤᠨ ᠲᠤᠷᠰᠢᠯᠲᠠ ᠬᠢᠵᠦ ᠪᠠᠶᠢᠴᠠᠭᠠᠬᠤ ᠬᠡᠷᠡᠭᠲᠡᠢ᠃            ⑶ ᠲᠤᠰᠠᠭᠠᠷᠯᠠᠬᠤ᠄ ᠰᠢᠯᠭᠠᠨ ᠲᠣᠳᠣᠯᠠᠭᠰᠠᠨ ᠴᠢᠰᠤ ᠳᠤᠲᠠᠬᠤ ᠬᠠᠯᠳᠠᠪᠤᠷᠢᠳᠤ ᠡᠪᠡᠳᠴᠢᠨ ᠲᠠᠢ ᠠᠳᠤᠭᠤ ᠪᠠ ᠰᠡᠵᠢᠭᠲᠡᠢ ᠠᠳᠤᠭᠤ ᠶᠢ ᠡᠷᠡᠭᠦᠯ  ᠠᠳᠤᠭᠤᠨ ᠤ ᠬᠤᠷᠤᠭ᠎ᠠ ᠰᠠᠷᠠᠪᠴᠢ ᠠᠴᠠ ᠬᠤᠯᠠ ᠭᠠᠵᠠᠷ ᠲᠤᠰᠠᠭᠠᠷᠯᠠᠵᠤ᠂ ᠬᠠᠯᠳᠠᠪᠤᠷᠢᠯᠠᠯ ᠤᠨ ᠥᠷᠭᠡᠵᠢᠬᠦ ᠶᠢ ᠰᠡᠷᠭᠡᠶᠢᠯᠡᠬᠦ ᠬᠡᠷᠡᠭᠲᠡᠢ᠃            ⑷ ᠠᠷᠢᠭᠤᠳᠬᠠᠬᠤ᠄ ᠬᠠᠯᠳᠠᠪᠤᠷᠢᠳᠤ ᠴᠢᠰᠤ ᠳᠤᠲᠠᠬᠤ ᠡᠪᠡᠳᠴᠢᠨ ᠤ ᠡᠪᠡᠳᠴᠢᠨ ᠲᠠᠢ ᠠᠳᠤᠭᠤ ᠪᠠ ᠰᠡᠵᠢᠭᠲᠦ ᠠᠳᠤᠭᠤᠨ ᠤ ᠪᠣᠬᠢᠷᠲᠤᠭᠤᠯᠤᠭᠰᠠᠨ  ᠬᠤᠷᠤᠭ᠎ᠠ᠂ ᠤᠶᠠᠭᠠᠨ ᠤ ᠭᠠᠵᠠᠷ᠂ ᠡᠮᠨᠡᠨ ᠵᠠᠰᠠᠭᠰᠠᠨ ᠲᠠᠯᠠᠪᠠᠢ ᠵᠡᠷᠭᠡ ᠶᠢ ᠪᠦᠷ ᠲᠤᠶᠢᠯᠪᠤᠷᠢᠲᠠᠢ ᠠᠷᠢᠭᠤᠳᠬᠠᠬᠤ ᠬᠡᠷᠡᠭᠲᠡᠢ᠃ ᠪᠠᠭᠠᠰᠤ ᠢᠯᠭᠠᠳᠠᠰᠤ ᠶᠢ ᠨᠢ  ᠣᠪᠣᠭᠠᠯᠠᠨ ᠢᠰᠬᠡᠵᠦ ᠠᠷᠢᠭᠤᠳᠬᠠᠬᠤ ᠬᠡᠷᠡᠭᠲᠡᠢ᠃ ᠴᠢᠰᠤ ᠰᠤᠷᠤᠭᠴᠢ ᠬᠤᠷᠣᠬᠠᠢ ᠰᠢᠪᠠᠵᠢ ᠶᠢ ᠰᠡᠷᠭᠡᠶᠢᠯᠡᠬᠦ ᠶᠢᠨ ᠲᠥᠯᠥᠭᠡ 0.5% ᠶᠢᠨ ᠬᠤᠶᠠᠷᠴᠢ ᠹᠷᠤᠮ ᠤᠨ ᠹᠣᠰᠹᠣᠷ ᠪᠤᠶᠤ 0.1% ᠳ᠋ᠢ ᠳ᠋ᠢ ᠸᠧᠢ ᠶᠢᠨ ᠰᠢᠩᠭᠡᠨ ᠢ ᠰᠦᠷᠴᠢᠵᠦ ᠪᠣᠯᠣᠨ᠎ᠠ᠃            ⑸ ᠰᠢᠢᠳᠪᠦᠷᠢᠯᠡᠬᠦ᠄ ᠡᠪᠡᠳᠴᠢᠨ ᠲᠠᠢ ᠠᠳᠤᠭᠤ ᠶᠢ ᠲᠥᠪᠯᠡᠷᠡᠭᠦᠯᠦᠨ ᠠᠯᠠᠵᠤ ᠰᠢᠢᠳᠪᠦᠷᠢᠯᠡᠬᠦ ᠬᠡᠷᠡᠭᠲᠡᠢ᠃ ᠠᠯᠠᠭᠰᠠᠨ ᠪᠤᠶᠤ ᠬᠡᠮᠨᠡᠵᠦ ᠦᠬᠦᠭᠰᠡᠨ  ᠠᠳᠤᠭᠤᠨ ᠦᠬᠦᠳᠡᠯ ᠢ ᠰᠢᠲᠠᠭᠠᠬᠤ ᠪᠤᠶᠤ ᠭᠦᠨ ᠪᠤᠯᠠᠬᠤ ᠡᠰᠡᠬᠦᠯ᠎ᠡ ᠬᠢᠮᠢ ᠶᠢᠨ ᠦᠢᠯᠡᠳᠬᠦᠨ ᠤ ᠦᠢᠯᠡᠳᠪᠦᠷᠢ ᠳᠤ ᠬᠤᠣᠷ ᠢ ᠠᠷᠢᠯᠭᠠᠨ ᠰᠢᠢᠳᠪᠦᠷᠢᠯᠡᠵᠦ  ᠪᠣᠷᠳᠤᠭ᠎ᠠ ᠪᠣᠯᠭᠠᠨ ᠪᠤᠯᠪᠠᠰᠤᠷᠠᠭᠤᠯᠬᠤ ᠬᠡᠷᠡᠭᠲᠡᠢ᠃            ⑹ ᠡᠭᠡᠭᠡᠯᠯᠡᠪᠥᠷᠢ ᠬᠢᠬᠦ᠄ ᠬᠢᠵᠢᠭᠳᠦ ᠣᠷᠣᠨ ᠤ ᠪᠣᠬᠢᠷᠳᠤᠯ ᠬᠦᠨᠳᠦ᠂ ᠪᠣᠬᠢᠷᠳᠤᠯ ᠤᠨ ᠬᠡᠪᠴᠢᠶ᠎ᠡ ᠨᠢ ᠶᠡᠭᠡ ᠪᠠᠶᠢᠪᠠᠯ᠂ ᠤᠷᠢᠳ ᠢᠶᠠᠷ ᠬᠢᠵᠢᠭ  ᠪᠠᠶᠢᠴᠠᠭᠠᠵᠤ ᠡᠪᠡᠳᠴᠢᠨ ᠲᠠᠢ ᠠᠳᠤᠭᠤ ᠪᠠ ᠡᠷᠡᠭᠦᠯ ᠠᠳᠤᠭᠤᠨ ᠰᠥᠷᠥᠭ ᠢ ᠰᠠᠯᠭᠠᠬᠤ ᠬᠡᠷᠡᠭᠲᠡᠢ᠃ ᠳᠠᠷᠠᠭ᠎ᠠ ᠨᠢ ᠡᠷᠡᠭᠦᠯ ᠠᠳᠤᠭᠤᠨ ᠳᠤ ᠠᠳᠤᠭᠤᠨ ᠤ  ᠬᠠᠯᠳᠠᠪᠤᠷᠢᠳᠤ ᠴᠢᠰᠤ ᠳᠤᠲᠠᠬᠤ ᠡᠪᠡᠳᠴᠢᠨ ᠤ ᠡᠯᠵᠢᠭᠡᠨ ᠴᠠᠭᠠᠨ ᠡᠰ ᠤᠨ ᠪᠠᠭᠤᠷᠠᠢ ᠬᠤᠣᠷᠲᠤ ᠸᠠᠺᠽᠢᠨ ᠲᠠᠷᠢᠨ᠎ᠠ᠃ ᠲᠠᠷᠢᠯᠭ᠎ᠠ ᠶᠢᠨ ᠳᠠᠷᠠᠭ᠎ᠠ ᠶᠡᠷᠦ ᠳᠡᠭᠡᠨ  ᠲᠣᠭᠲᠠᠭᠰᠠᠨ ᠴᠠᠭ ᠲᠠᠢ ᠬᠢᠵᠢᠭ ᠤᠨ ᠪᠠᠶᠢᠴᠠᠭᠠᠯᠲᠠ ᠬᠢᠬᠦ ᠴᠢᠬᠤᠯᠠ ᠦᠭᠡᠢ ᠪᠠᠶᠢᠳᠠᠭ᠃ ᠡᠪᠡᠳᠴᠢᠨ ᠤ ᠰᠢᠨᠵᠢ ᠲᠡᠮᠳᠡᠭ ᠪᠦᠬᠦᠢ ᠡᠪᠡᠳᠴᠢᠨ ᠲᠠᠢ ᠠᠳᠤᠭᠤ ᠶᠢ ᠰᠢᠯᠭᠠᠨ ᠭᠠᠷᠭᠠᠪᠠᠯ ᠮᠥᠨ ᠲᠣᠭᠲᠠᠭᠠᠯ ᠶᠣᠰᠣᠭᠠᠷ ᠠᠯᠠᠵᠤ ᠰᠢᠢᠳᠪᠦᠷᠢᠯᠡᠬᠦ ᠬᠡᠷᠡᠭᠲᠡᠢ᠃ ᠡᠮᠴᠢᠯᠡᠪᠦᠷᠢ ᠶᠢᠨ ᠶᠡᠷᠦᠩᠬᠡᠶᠢᠯᠡᠭᠰᠡᠨ ᠣᠨᠣᠰᠢᠯᠠᠯᠲᠠ ᠬᠢᠭᠡᠳ ᠬᠢᠵᠢᠭᠳᠦ ᠣᠷᠣᠨ ᠳᠤ ᠲᠠᠷᠢᠯᠭ᠎ᠠ ᠶᠢᠨ ᠳᠠᠷᠠᠭᠠᠬᠢ 6 ᠰᠠᠷ᠎ᠠ ᠳᠤ ᠡᠪᠡᠳᠴᠢᠨ ᠲᠠᠢ ᠠᠳᠤᠭᠤ ᠭᠠᠷᠤᠭᠰᠠᠨ ᠦᠭᠡᠢ ᠪᠠᠶᠢᠪᠠᠯ ᠳᠠᠷᠤᠶᠢᠬᠠᠨ ᠪᠢᠲᠡᠭᠦᠮᠵᠢᠯᠡᠬᠦ ᠪᠠᠨ  ᠵᠣᠭᠰᠣᠨ᠎ᠠ᠃             ︽ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ