31041 ᠳ᠋ᠦᠩᠰᠢᠭᠤᠷ ᠳ᠋ᠣᠯᠯᠠᠷ ᠲᠤ ᠬᠦᠷᠪᠡ
ᠨᠡᠶᠢᠲᠡᠯᠡᠭᠰᠡᠨ ᠴᠠᠭ᠄
2022/10/18
                           ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶᠠᠨ ᠤ 7᠎ ᠤ ᠡᠳᠦᠷ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠤᠯᠤᠰ ᠤᠨ ᠭᠠᠳᠠᠭᠠᠳᠤ ᠵᠣᠭᠤᠰᠤᠨ ᠤ ᠬᠠᠳᠠᠭᠠᠯᠠᠮᠵᠢ 3 ᠲᠦᠮᠡ 1041 ᠳ᠋ᠦᠩᠰᠢᠭᠤᠷ ᠳ᠋ᠣᠯᠯᠠᠷ ᠲᠤ ᠬᠦᠷᠴᠦ ᠂ 6 ᠳ᠋ᠤᠭᠠᠷ ᠰᠠᠷ᠎ᠠ ᠶᠢᠨ ᠰᠡᠭᠦᠯᠴᠢ ᠶᠢᠨ ᠬᠢ ᠠᠴᠠ 328 ᠳ᠋ᠦᠩᠰᠢᠭᠤᠷ ᠳ᠋ᠣᠯᠯᠠᠷ ᠨᠡᠮᠡᠭᠳᠡᠵᠦ᠂ ᠨᠡᠮᠡᠭᠳᠡᠯ ᠤᠨ ᠨᠣᠷᠮ᠎ᠠ ᠨᠢ 1.07%᠎ ᠳᠤ ᠬᠦᠷᠦᠭᠰᠡᠨ ᠪᠠᠶᠢᠨ᠎ᠠ᠃ 7 ᠳ᠋ᠤᠭᠠᠷ ᠰᠠᠷ᠎ᠠ ᠳᠤ᠂ ᠮᠠᠨ ᠤ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠵᠠᠬ᠎ᠠ ᠳᠡᠯᠭᠡᠭᠦᠷ ᠶᠡᠷᠦᠩᠬᠡᠢ ᠳᠡᠭᠡᠨ ᠲᠣᠭᠲᠠᠭᠤᠨ ᠪᠣᠯᠵᠤ᠂ ᠬᠢᠯᠢ ᠶᠢᠨ ᠳᠣᠲᠣᠷ᠎ᠠ ᠭᠠᠳᠠᠨᠠᠬᠢ ᠭᠠᠳᠠᠭᠠᠳᠤ ᠵᠣᠭᠤᠰᠤᠨ ᠤ ᠬᠠᠩᠭᠠᠯᠭ᠎ᠠ ᠬᠡᠷᠡᠭᠯᠡᠭᠡ ᠦᠨᠳᠦᠰᠦᠨ ᠳᠡᠭᠡᠨ ᠲᠡᠩᠴᠡᠭᠦᠷᠢᠲᠡᠢ ᠪᠣᠯᠣᠭᠰᠠᠨ ᠪᠠᠶᠢᠨ᠎ᠠ᠃  
ᠢᠷᠡᠯᠲᠡ᠄ ᠲᠥᠪ ᠷᠠᠳᠢᠣ᠋ ᠶᠢᠨ ᠮᠡᠳᠡᠭᠡ