ᠳᠡᠭᠡᠷ᠎ᠡ ᠬᠠᠭᠠᠰ ᠵᠢᠯ ᠳᠤ ᠮᠠᠨ ᠤ ᠬᠤᠳᠠ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢᠨ ᠳᠦᠷᠦᠯ ᠵᠦᠢᠯ ᠳᠤ 4.9 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2022/10/18
     ᠡᠨᠡ ᠵᠢᠯ᠂  ᠮᠠᠨ ᠤ ᠬᠤᠲᠠ 5 ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠬᠡᠷᠡᠭᠵᠢᠭᠦᠯᠪᠡ ︵ᠡᠭᠦᠨ ᠲᠤ 4 ᠭᠤᠤᠯᠳᠠᠯᠠᠭ᠎ᠠ ᠲᠠᠢ ᠵᠠᠰᠠᠮᠠᠯ ᠵᠠᠮ ᠢ ᠦᠷᠭᠦᠯᠵᠢᠯᠡᠨ ᠪᠠᠶᠢᠭᠤᠯᠵᠦ᠂ 1 ᠳᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠦᠨ᠎ᠡ︶᠃ 6 ᠰᠠᠷ᠎ᠠ ᠶᠢᠨ ᠰᠡᠭᠦᠯᠴᠢ ᠪᠤᠯᠳᠠᠯ᠎ᠠ᠂ 4.9  ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠪᠡ᠃    ᠵᠠᠮ ᠬᠠᠷᠢᠯᠴᠠᠭᠠᠨ ᠤ ᠪᠦᠳᠦᠭᠡᠨ ᠪᠠᠢᠭᠤᠯᠤᠯᠲᠠ ᠪᠣᠯ ᠪᠡᠯᠡ ᠣᠷᠣᠭᠤᠯᠤᠯᠲᠠ ᠶᠢ ᠥᠷᠭᠡᠳᠭᠡᠬᠦ᠂ ᠨᠡᠮᠡᠭᠳᠡᠯ ᠢ ᠳᠤᠭᠳᠠᠪᠤᠷᠢᠵᠢᠭᠤᠯᠬᠤ ᠶᠢᠨ ᠰᠠᠭᠤᠷᠢ ᠮᠥᠨ᠃ ᠳᠦᠷᠦᠭᠦᠦ ᠬᠠᠭᠠᠰ ᠵᠢᠯ ᠤᠨ ᠬᠢᠵᠢᠭ ᠤᠨ ᠪᠠᠶᠢᠳᠠᠯ ᠨᠢ ᠪᠥᠲᠥᠭᠡᠨ ᠪᠠᠢᠭᠤᠯᠤᠯᠲᠠ ᠶᠢᠨ ᠠᠬᠢᠴᠠ ᠶᠢᠨ ᠳᠤᠭᠳᠠᠪᠤᠷᠢ ᠥᠬᠡᠶ ᠴᠢᠨᠠᠷ ᠢ ᠨᠡᠮᠡᠭᠳᠡᠭᠦᠯᠪᠠ᠂ ᠲᠥᠷᠥᠯ ᠵᠦᠢᠯ ᠤᠨ ᠠᠵᠢᠯ ᠡᠬᠢᠯᠡᠭᠦᠯᠬᠦ ᠶᠢ ᠢᠳᠡᠪᠬᠢᠲᠡᠶ ᠠᠬᠢᠭᠤᠯᠤᠨ᠂ ᠪᠠᠶᠢᠭᠤᠯᠵᠦ ᠪᠠᠶᠢᠭ᠎ᠠ ᠲᠥᠷᠥᠯ ᠵᠦᠢᠯ ᠤᠨ ᠬᠤᠷᠳᠤᠴᠠ ᠶᠢ ᠲᠦᠷᠭᠡᠳᠭᠡᠬᠦ ᠶᠢᠨ ᠲᠥᠯᠥᠭᠡ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠳᠠ ᠶᠢ ᠠᠬᠢᠭᠤᠯᠤᠬᠰᠠᠨ ᠪᠠᠶᠢᠨ᠎ᠠ᠃ ᠲᠦᠷᠦᠯ ᠵᠦᠢᠯ ᠤᠨ ᠲᠤᠰᠬᠠᠢ ᠠᠩᠭᠢ ᠪᠠᠶᠢᠭᠤᠯᠵᠦ᠂ ᠠᠵᠢᠯ ᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠲᠤᠨᠢ ᠰᠤᠳᠤᠯᠤᠨ ᠰᠢᠢᠳᠪᠤᠷᠢᠯᠡᠵᠦ᠂ ᠡᠯ᠎ᠡ ᠳᠦᠷᠤᠯ ᠤᠨ ᠠᠵᠢᠯ ᠤᠨ ᠡᠭᠦᠷᠭᠡ ᠶᠢ ᠳᠤᠭᠳᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠵᠦ᠂ ᠪᠥᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠠᠵᠤ ᠠᠬᠤᠶ ᠶᠢ ᠳᠤᠭᠳᠠᠪᠤᠷᠢᠵᠢᠭᠤᠯᠤᠨ ᠨᠡᠮᠡᠭᠳᠡᠯ ᠢ ᠪᠠᠲᠤᠯᠠᠬᠤ ᠪᠠ ᠠᠵᠤ ᠠᠬᠤᠢᠯᠠᠯ ᠢ ᠬᠠᠪᠰᠤᠷᠤᠨ ᠬᠦᠴᠢᠷᠳᠡᠯ ᠢ ᠰᠢᠢᠳᠪᠤᠷᠢᠯᠡᠬᠦ ᠡᠯ᠎ᠡ ᠳᠦᠷᠦᠯ ᠤᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠳᠤ  ᠪᠠᠶᠢᠳᠠᠯ ᠳᠤ ᠨᠠᠢᠳᠠᠪᠤᠷᠢᠵᠢᠭᠤᠯᠤᠭᠰᠡᠨ ᠪᠠᠶᠢᠨ᠎ᠠ᠃ ᠭᠠᠷᠠᠭ ᠲᠤ ᠲᠣᠬᠢᠷᠠᠭᠤᠯᠤᠯᠲᠠ ᠬᠢᠬᠦ ᠲᠦᠷᠢᠮ ᠢ ᠪᠠᠷᠢᠮᠲᠠᠯᠠᠨ᠂ ᠭᠤᠤᠯᠳᠠᠯᠭ᠎ᠠ ᠲᠠᠢ ᠵᠠᠰᠠᠮᠠᠯ ᠵᠠᠮ ᠤᠨ ᠪᠥᠲᠥᠭᠡᠨ ᠪᠠᠢᠭᠤᠯᠤᠯᠲᠠ ᠶᠢᠨ ᠲᠥᠷᠥᠯ ᠵᠦᠢᠯ  ᠤᠨ ᠪᠠᠶᠢᠳᠠᠯ ᠢ ᠴᠠᠭ ᠲᠤᠬᠠᠶ ᠲᠤᠨᠢ ᠬᠢᠨᠠᠨ ᠬᠡᠮᠵᠢᠵᠦ᠂ ᠲᠥᠷᠥᠯ ᠵᠦᠢᠯ ᠤᠨ ᠪᠥᠲᠥᠭᠡᠨ ᠪᠠᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠪᠥᠬᠦ ᠬᠤᠲᠠ ᠶᠢᠨ ᠡ᠊ᠩ ᠤᠨ ᠤᠯᠤᠰ ᠤᠨ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠳᠠ ᠶᠢᠨ ᠳᠦᠷᠦᠯ ᠵᠦᠢᠯ ᠦᠨᠡᠨ ᠨᠡᠩ ᠣᠯᠠᠨ ᠪᠣᠳᠠᠲᠤ ᠴᠤᠭᠴᠠ ᠶᠢᠨ ᠪᠠᠷᠢᠯᠭ᠎ᠠ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ ᠠᠬᠢᠭᠤᠯᠪᠠ᠃ ᠵᠠᠮ ᠬᠠᠷᠢᠯᠴᠠᠭᠠᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠳᠠ ᠶᠢᠨ ᠲᠥᠷᠥᠯ ᠵᠦᠢᠯ ᠤᠨ ᠲᠠᠯ᠎ᠠ ᠪᠠᠷ᠂ G65 ᠪᠤᠭᠤᠲᠤ ᠠᠴᠠ ᠮᠤᠤᠮᠢᠩ ᠬᠦᠷᠭᠦ ᠦᠨᠳᠦᠷ ᠬᠤᠷᠳᠤᠴᠠᠳᠤ ᠵᠠᠰᠠᠮᠠᠯ ᠵᠠᠮ ᠤᠨ ᠳᠥᠷᠪᠡ ᠢ ᠦᠭᠡᠷᠡᠴᠢᠯᠡᠵᠦ ᠨᠠᠢᠮᠠ ᠪᠤᠯᠭᠠᠬᠤ ᠪᠥᠲᠥᠭᠡᠨ ᠪᠠᠢᠭᠤᠯᠤᠯᠲᠠ ᠶᠢᠨ ᠳᠦᠷᠦᠯ ᠵᠦᠢᠯ ᠳᠤ 3.71 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠲᠣ ᠶᠠᠭ ᠬᠤᠯᠪᠣᠬᠤ ᠱᠤᠭᠤᠮ ᠤᠨ ᠰᠠᠭᠤᠷᠢ ᠶᠢ ᠳᠠᠯᠪᠢᠬᠤ᠂ ᠬᠥᠭᠦᠷᠭᠡ ᠶᠢᠨ ᠳᠡᠭᠡᠳᠦ ᠬᠡᠰᠡᠭ ᠤᠨ ᠪᠦᠲᠦᠴᠡ ᠵᠡᠷᠭᠡ ᠪᠠᠷᠢᠯᠭ᠎ᠠ ᠶᠢᠨ ᠠᠵᠢᠯ ᠢ ᠬᠢᠵᠦ ᠪᠠᠶᠢᠨ᠎ᠠ︔ S26 ᠨᠠᠷᠠᠰᠦᠨ ᠠᠴᠠ ᠴᠠᠩ ᠲᠠᠨ ︵ᠯᠦᠩ ᠺᠸᠦ︶ ᠬᠥᠷᠬᠦ ᠦᠨᠳᠦᠷ ᠬᠤᠷᠳᠤᠴᠠᠳᠤ ᠵᠠᠰᠠᠮᠠᠯ ᠵᠠᠮ ᠤᠨ ᠲᠥᠷᠥᠯ ᠵᠦᠢᠯ ᠳᠤ 3600 ᠲᠦᠮᠡᠨ ᠲᠥᠭᠦᠷᠢᠭ ᠤᠨ ᠪᠡᠯᠡ ᠤᠷᠤᠭᠤᠯᠵᠦ᠂ ᠣᠲᠣ ᠶᠠᠭ ᠭᠤᠷᠪᠠᠨ ᠲᠤᠭᠤᠶᠢᠯᠠᠩ ᠬᠤᠪᠢᠶᠠᠨ ᠨᠤᠷᠠᠭᠠᠯᠲᠠ ᠶᠢᠨ ᠠᠵᠢᠯ ᠢ ᠬᠢᠵᠦ ᠪᠠᠶᠢᠨ᠎ᠠ᠂ 6 ᠰᠠᠷ᠎ᠠ ᠶᠢᠨ ᠰᠡᠭᠦᠯᠴᠢ ᠪᠤᠯᠳᠠᠯ᠎ᠠ᠂ ᠪᠥᠬᠦ ᠱᠤᠭᠤᠮ ᠤᠨ ᠭᠠᠵᠠᠷ ᠰᠢᠷᠤᠢ ᠲᠠᠳᠠᠪᠤᠷᠢᠯᠠᠭᠰᠠᠨ ᠬᠡᠮᠵᠢᠯᠲᠡ ᠶᠢᠨ ᠣᠷᠳᠣ ᠨᠢ ᠨᠡᠶᠢᠳᠡ 21 24 ᠺᠢᠯᠣᠮᠧᠲᠷ ᠲᠤ ᠬᠦᠷᠴᠡᠢ︔ G210 ᠱᠤᠭᠤᠮ ᠤᠨ ᠳᠡᠭᠡᠷᠮ᠎ᠡ ᠶᠢᠨ ᠰᠢᠯᠢ ᠶᠢᠨ ᠬᠤᠶᠢᠳᠦ ᠬᠡᠰᠡᠭ ᠠᠴᠠ ᠶᠤᠸᠠᠢ ᠵᠢᠶᠠ ᠬᠤᠤ ︵ᠴᠠᠭᠠᠨ︶ ᠬᠥᠷᠬᠦ ᠬᠡᠰᠡᠭ ᠤᠨ ᠱᠤᠭᠤᠮ ᠥᠭᠡᠷᠡᠴᠢᠯᠡᠬᠦ ᠪᠠᠷᠢᠯᠭ᠎ᠠ ᠳᠤ1705 ᠲᠦᠮᠡᠨ ᠳᠦᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠣᠲᠣ ᠶᠠᠭ ᠭᠤᠤᠯ ᠱᠤᠭᠤᠮ ᠤᠨ ᠬᠠᠨᠲᠠᠢ ᠶᠢᠨ ᠭᠤᠤᠯ ᠤᠨ ᠶᠡᠭᠡ  ᠬᠥᠭᠦᠷᠭᠡ ᠶᠢᠨ ᠪᠤᠭᠤᠲᠤ ᠶᠢᠨ ᠪᠠᠷᠠᠭᠤᠨ ᠬᠡᠰᠡᠭ ᠢ ᠰᠤᠨᠳᠠᠯᠠᠭᠰᠠᠨ ᠲᠡᠮᠦᠷ ᠵᠠᠮ ᠤᠨ ᠬᠡᠰᠡᠭ ᠵᠢᠴᠢ ᠬᠤᠯᠪᠣᠬᠤ ᠱᠤᠭᠤᠮ ᠤᠨ ᠪᠠᠷᠢᠯᠭ᠎ᠠ ᠶᠢᠨ ᠠᠵᠢᠯ ᠢ ᠬᠢᠵᠦ ᠪᠣᠶ︔ S317 ᠱᠤᠭᠤᠮ ᠤᠨ ᠾᠧᠩᠱᠠᠨ ᠠᠴᠠ ᠱᠠᠩᠬᠠᠢ ᠶᠢᠨ ᠰᠦᠮ᠎ᠡ ᠬᠦᠷᠬᠦ ᠵᠠᠰᠠᠮᠠᠯ ᠵᠠᠮ ᠤᠨ ᠨᠠᠩᠰᠤ ᠠᠴᠠ ᠲᠤᠯᠢ ᠬᠦᠷᠬᠦ ᠬᠡᠰᠡᠭ ‍ᠤᠨ‌ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠵᠠᠰᠠᠮᠠᠯ ᠵᠠᠮ ᠤᠨ ᠪᠦᠲᠦᠭᠡᠨ ᠪᠠᠢᠭᠤᠯᠤᠯᠲᠠ ᠶᠢᠨ ᠳᠦᠷᠦᠯ ᠵᠦᠢᠯ ᠳᠤ 6774  ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠭᠡᠳᠦᠭᠡᠷ ᠬᠤᠭᠤᠴᠠᠭᠠᠨ ᠤ ᠬᠠᠭᠤᠴᠢᠨ ᠵᠠᠮ ᠢ ᠥᠭᠡᠷᠡᠴᠢᠯᠡᠬᠦ ᠪᠠᠷᠢᠯᠭ᠎ᠠ ᠪᠣᠯᠤᠨ ᠬᠠᠷᠢᠯᠴᠠᠨ‌ᠨᠡᠪᠲᠡᠷᠡᠬᠦ ᠬᠤᠯᠪᠤᠯᠳᠠ ᠶᠢᠨ ᠵᠠᠮ ᠤᠨ ᠪᠠᠷᠢᠯᠭ᠎ᠠ ᠶᠢᠨ ᠠᠵᠢᠯ ᠢ ᠬᠢᠵᠦ ᠪᠤᠢ︔ S21 ᠲᠦᠩᠽᠢ ᠠᠴᠠ ᠬᠠᠢ ᠽᠧ ᠫᠠᠨ ︵ᠥᠪᠥᠷ ᠮᠣᠩᠭᠤᠯ ᠱᠠᠨᠰᠢ ᠶᠢᠨ ᠵᠠᠭᠠᠭ︶ ᠬᠥᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠳᠦᠷᠦᠯ ᠵᠦᠢᠯ ᠠᠵᠢᠯ ᠢ ᠰᠡᠷᠭᠦᠭᠡᠭᠰᠡᠨ ᠦᠭᠡᠢ᠂ ᠣᠲᠣ ᠶᠠᠭ ᠵᠠᠷᠢᠮ ᠭᠠᠷᠳᠠᠮ ᠢ ᠭᠦᠢᠴᠡᠳᠬᠡᠵᠦ᠂ ᠭᠠᠵᠠᠷ  ᠰᠢᠷᠤᠢ ᠳᠠᠳᠠᠪᠤᠷᠢᠯᠠᠬᠤ ᠶᠢ ᠮᠡᠳᠡᠭᠦᠯᠦᠨ ᠵᠦᠪᠰᠢᠶᠡᠷᠡᠭᠦᠯᠬᠦ ᠠᠵᠢᠯ ᠢ ᠬᠢᠵᠦ ᠪᠤᠢ᠃  
ᠢᠷᠡᠯᠲᠡ᠄ ᠤᠷᠳᠤᠰ ᠤᠨ ᠡᠳᠦᠷ ᠤᠨ ᠰᠤᠨᠢᠨ