ᠮᠠᠨ ᠤ ᠬᠤᠳᠠ ᠶᠢᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠬᠡᠮᠵᠢᠶ᠎ᠡ ᠪᠦᠬᠦ ᠤᠷᠤᠨ ᠤ ᠡᠮᠦᠨ᠎ᠡ ᠭᠤᠷᠪᠠ ᠳᠤ ᠤᠷᠤᠪᠠ
ᠨᠡᠶᠢᠲᠡᠯᠡᠭᠰᠡᠨ ᠴᠠᠭ᠄
2022/10/18
          2022ᠤᠨ ᠤ1-5 ᠰᠠᠷ᠎ᠠ ᠳᠤ᠂ ᠮᠠᠨ ᠤ ᠬᠤᠳᠠ ᠶᠢᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠲᠤᠭ᠎ᠠ1716 ᠬᠤᠪᠢ ᠪᠠᠶᠢᠵᠦ᠂ ᠠᠳᠠᠯᠢ ᠬᠤᠭᠤᠴᠠᠭᠠᠨ ᠤ ᠬᠢ ᠠᠴᠠ34.16% ᠨᠡᠮᠡᠭᠳᠡᠨ᠂ ᠪᠦᠬᠦ ᠤᠷᠤᠨ ᠤ ᠭᠤᠷᠪᠠᠳᠤᠭᠠᠷ ᠲᠤ ᠵᠢᠭᠰᠠᠭᠠᠭᠳᠠᠵᠤ᠂ ᠬᠦᠬᠡᠬᠤᠳᠠ ᠪᠤᠭᠤᠳᠤ ᠤᠷᠳᠤᠰ ᠭᠤᠷᠪᠠᠨ ᠭᠠᠵᠠᠷ ᠤᠨ ᠡᠷᠬᠡ ᠤᠯᠭᠤᠭᠰᠠᠨ ᠪᠦᠬᠦ ᠲᠤᠭ᠎ᠠ ᠨᠢ ᠪᠦᠬᠦ ᠤᠷᠤᠨ ᠤ ᠡᠷᠬᠡ ᠤᠯᠭᠤᠭᠰᠠᠨ ᠶᠡᠷᠦᠩᠬᠡᠢ ᠲᠤᠭᠠᠨ ᠤ59.90% ᠶᠢ ᠡᠵᠡᠯᠡᠭᠰᠡᠨ ᠪᠠᠶᠢᠨ᠎ᠠ᠃    ᠳᠤᠰᠬᠠᠢ ᠡᠷᠬᠡ ᠶᠢᠨ ᠠᠰᠢᠭ ᠤᠯᠭᠤᠯᠳᠠ ᠳᠤᠭᠳᠠᠭᠤᠨ ᠤ ᠳᠤᠮᠳᠠ ᠠᠬᠢᠯᠳᠠ ᠲᠠᠢ ᠪᠤᠯᠪᠠ᠃1-5 ᠰᠠᠷ᠎ᠠ ᠳᠤ᠂ ᠪᠦᠬᠦ ᠬᠤᠳᠠ ᠶᠢᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠲᠤᠭ᠎ᠠ1716 ᠬᠤᠪᠢ ᠪᠠᠶᠢᠵᠦ᠂ ᠡᠭᠦᠨ ᠳᠤ ᠡᠭᠦᠳᠦᠯᠳᠡ ᠶᠢᠨ ᠳᠤᠰᠬᠠᠢ ᠠᠰᠢᠭ ᠤᠨ ᠡᠷᠬᠡ109 ᠬᠤᠪᠢ ᠪᠠᠶᠢᠵᠦ᠂ ᠡᠷᠬᠡ ᠤᠯᠭᠤᠭᠰᠠᠨ ᠶᠡᠷᠦᠩᠬᠡᠢ ᠲᠤᠭᠠᠨ ᠤ6.36% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ101% ᠨᠡᠮᠡᠭᠳᠡᠵᠡᠢ᠃ ᠪᠤᠳᠠᠳᠤ ᠬᠡᠷᠡᠭᠯᠡᠭᠡᠨ ᠤ ᠰᠢᠨ᠎ᠡ ᠬᠡᠯᠪᠡᠷᠢ ᠶᠢᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠶᠡᠷᠦᠩᠬᠡᠢ ᠲᠤᠭᠠᠨ ᠤ89.27% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ34.03% ᠨᠡᠮᠡᠭᠳᠡᠵᠡᠢ᠃ ᠭᠠᠳᠠᠷ ᠪᠤᠭᠤᠯᠳᠠ ᠶᠢᠨ ᠳᠦᠰᠦᠪᠯᠡᠯ ᠤᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠲᠤᠭ᠎ᠠ75 ᠬᠤᠪᠢ ᠪᠠᠶᠢᠵᠦ᠂ ᠡᠷᠬᠡ ᠤᠯᠭᠤᠭᠰᠠᠨ ᠶᠡᠷᠦᠩᠬᠡᠢ ᠲᠤᠭᠠᠨ ᠤ4.37% ᠶᠢ ᠡᠵᠡᠯᠡᠪᠡ᠃    ᠭᠠᠵᠠᠷ ᠤᠷᠤᠨ ᠢᠶᠠᠷ ᠦᠵᠡᠪᠡᠯ᠂ ᠳ᠋ᠦᠩᠱᠧᠩ ᠲᠤᠭᠤᠷᠢᠭ᠂ ᠵᠡᠭᠦᠨᠭᠠᠷ ᠬᠤᠰᠢᠭᠤ᠂ ᠡᠵᠡᠨ ᠬᠤᠷᠤᠭ᠎ᠠ ᠬᠤᠰᠢᠭᠤᠨ ᠤ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠲᠤᠭ᠎ᠠ ᠪᠦᠬᠦ ᠬᠤᠳᠠ ᠶᠢᠨ ᠡᠮᠦᠨ᠎ᠡ ᠭᠤᠷᠪᠠ ᠳᠤ ᠤᠷᠤᠵᠦ᠂ ᠳᠤᠰ ᠪᠦᠷᠢ326 ᠬᠤᠪᠢ᠂289 ᠬᠤᠪᠢ᠂241 ᠬᠤᠪᠢ ᠪᠤᠯᠤᠨ᠎ᠠ᠃ ᠭᠤᠷᠪᠠᠨ ᠭᠠᠵᠠᠷ ᠤᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠨᠡᠶᠢᠯᠡᠪᠤᠷᠢ ᠨᠢ ᠪᠦᠬᠦ ᠬᠤᠳᠠ ᠶᠢᠨ ᠳᠤᠰᠬᠠᠢ ᠠᠰᠢᠭ ᠤᠨ ᠡᠷᠬᠡ ᠶᠢᠨ ᠡᠷᠬᠡ ᠤᠯᠭᠤᠭᠰᠠᠨ ᠶᠡᠷᠦᠩᠬᠡᠢ ᠲᠤᠭᠠᠨ ᠤ49.88% ᠶᠢ ᠡᠵᠡᠯᠡᠵᠡᠢ᠃    2022ᠤᠨ ᠤ5 ᠰᠠᠷ᠎ᠠ ᠶᠢᠨ ᠰᠡᠭᠦᠯᠴᠢ ᠪᠤᠯᠳᠠᠯ᠎ᠠ᠂ ᠪᠦᠬᠦ ᠬᠤᠳᠠ ᠶᠢᠨ ᠬᠦᠴᠦᠨ ᠲᠠᠢ ᠡᠭᠦᠳᠦᠯᠳᠡ ᠶᠢᠨ ᠳᠤᠬᠠᠢ ᠠᠰᠢᠭ ᠤᠨ ᠡᠷᠬᠡ 843 ᠬᠤᠪᠢ ᠪᠠᠶᠢᠵᠦ ᠂  ᠪᠦᠬᠦ ᠤᠷᠤᠨ ᠤ ᠬᠦᠴᠦᠨ ᠲᠠᠢ ᠡᠭᠦᠳᠦᠯᠳᠡ ᠶᠢᠨ ᠳᠤᠰᠬᠠᠢ ᠠᠰᠢᠭ ᠤᠨ ᠡᠷᠬᠡ ᠶᠢᠨ ᠶᠡᠷᠦᠩᠬᠡᠢ ᠬᠡᠮᠵᠢᠶ᠎ᠡ ᠶᠢᠨ9.55% ᠶᠢ ᠡᠵᠡᠯᠡᠪᠡ᠃ ᠡᠭᠦᠳᠦᠯᠳᠡ ᠶᠢᠨ ᠬᠤᠪᠢ ᠬᠦᠮᠦᠨ ᠢᠶᠠᠷ ᠬᠤᠪᠢᠶᠠᠷᠢᠯᠠᠪᠠᠯ᠂ ᠳᠤᠰᠢᠶᠠᠯ ᠤᠨ ᠡᠭᠦᠳᠦᠯᠳᠡ ᠶᠢᠨ ᠳᠤᠰᠬᠠᠢ ᠠᠰᠢᠭ ᠤᠨ ᠡᠷᠬᠡ767 ᠬᠤᠪᠢ᠂ ᠳᠤᠰᠢᠶᠠᠯ ᠤᠨ ᠪᠤᠰᠤ ᠡᠭᠦᠳᠦᠯᠳᠡ ᠶᠢᠨ ᠳᠤᠰᠬᠠᠢ ᠠᠰᠢᠭ ᠤᠨ ᠡᠷᠬᠡ76 ᠬᠤᠪᠢ ᠪᠤᠢ᠃    ᠮᠡᠷᠭᠡᠵᠢᠯ ᠤᠨ ᠬᠦᠷᠢᠶ᠎ᠡ ᠴᠠᠷᠠᠭᠠᠨ ᠤ ᠳᠠᠷᠬᠠᠯᠳᠠ ᠠᠴᠠ ᠦᠵᠡᠪᠡᠯ᠂ ᠮᠠᠨ ᠤ ᠬᠤᠳᠠ ᠶᠢᠨ843 ᠬᠤᠪᠢ ᠬᠦᠴᠦᠨ ᠲᠠᠢ ᠡᠭᠦᠳᠦᠯᠳᠡ ᠶᠢᠨ ᠳᠤᠰᠬᠠᠢ ᠠᠰᠢᠭ ᠤᠨ ᠡᠷᠬᠡ ᠨᠢ ᠭᠤᠤᠯᠳᠠᠭᠤ ᠬᠢᠮᠢ᠂ ᠲᠡᠮᠦᠷ ᠤᠨ ᠬᠠᠶᠢᠯᠤᠰᠢ᠂ ᠳᠡᠭᠡᠭᠡᠪᠤᠷᠢ ᠪᠠ ᠳᠤᠭᠳᠠᠮᠠᠯ ᠪᠠᠷᠢᠯᠭ᠎ᠠ ᠶᠢᠨ ᠵᠦᠢᠯ ᠵᠡᠷᠭᠡ ᠳᠤ ᠳᠦᠪᠯᠡᠷᠡᠭᠰᠡᠨ ᠪᠠᠶᠢᠨ᠎ᠠ᠃            
ᠢᠷᠡᠯᠲᠡ᠄ ᠤᠷᠳᠤᠰ ᠮᠤᠩᠭᠤᠯ ᠰᠦᠯᠵᠢᠶ᠎ᠡ