︽ᠢᠳᠡᠭᠡᠨ ᠤ ᠬᠤᠯᠪᠣᠭᠳᠠᠯ ᠪᠥᠬᠦᠶ ᠣᠶᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/10/18
     ᠰᠤᠷᠪᠤᠯᠵᠢᠯᠠᠭᠴᠢ ᠣᠶᠢᠷ᠎ᠠ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ  ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠳᠠᠷᠤᠮᠠᠯᠯᠠᠨ ᠲᠠᠷᠬᠠᠭᠠᠭᠰᠠᠨ ︽ᠢᠳᠡᠭᠡᠨ ᠤ ᠬᠤᠯᠪᠣᠭᠳᠠᠯ ᠪᠥᠬᠦᠶ ᠣᠶᠢᠯᠡᠳᠬᠦᠨ ᠤ ᠶᠠᠰᠤ ᠴᠢᠨᠠᠷ ᠤᠨ ᠠᠮᠤᠷ  ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                   ᠲᠦᠷ ᠬᠡᠷᠡᠭᠵᠢᠭᠦᠯᠬᠦ ᠠᠷᠭ᠎ᠠ ᠳᠤ ᠲᠤᠲᠤᠷᠬᠠᠢ ᠲᠤᠷᠠᠳᠤᠭᠰᠠᠨ ᠨᠢ᠂ ᠦᠢᠯᠡᠳᠪᠤᠷᠢᠯᠡᠭᠴᠢ  ᠪᠣᠷᠣᠯᠠᠭᠤᠯᠤᠭᠴᠢ ᠶᠢᠨ ︽ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ︾ ᠶᠢᠨ  ᠭᠤᠣᠯ ᠬᠠᠷᠢᠭᠤᠴᠠᠯᠭ᠎ᠠ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ  ᠲᠣᠳᠣᠷᠬᠠᠶᠢᠯᠠᠵᠤ᠂ ᠦᠢᠯᠡᠳᠪᠦᠷᠢᠯᠡᠭᠴᠢ ᠳᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠯᠲᠠ ᠲᠠᠯᠪᠢᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠭᠴᠢ ᠲᠣᠬᠢᠷᠠᠭᠤᠯᠬᠤ ᠶᠢ ᠱᠠᠭᠠᠷᠳᠠᠨ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ᠂  ᠶᠡᠷᠦᠩᠬᠡᠶᠢᠯᠡᠨ  ᠬᠢᠨᠠᠨ  ᠬᠠᠮᠢᠶᠠᠷᠬᠤ ᠬᠠᠷᠢᠭᠤᠴᠠᠯᠭ᠎ᠠ ᠪᠠ ᠰᠢᠭᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠳᠡᠭᠡᠨ ᠤ ᠬᠠᠮᠢᠶ᠎ᠠ  ᠪᠦᠬᠦᠢ ᠦᠢᠯᠡᠳᠬᠦᠨ ᠤ  ᠶᠠᠰᠤ  ᠴᠢᠨᠠᠷ ᠤᠨ ᠠᠮᠤᠷ ᠲᠦᠪᠰᠢᠨ ᠢ ᠭᠦᠢᠴᠡᠳ ᠪᠠᠲᠤᠯᠠᠬᠤ ᠬᠡᠷᠡᠭᠲᠡᠶ᠃ ᠣᠶᠢᠯᠡᠳᠪᠣᠷᠢᠯᠡᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ  ᠪᠠᠶᠢᠴᠠᠭᠠᠬᠤ  ᠲᠠᠯ᠎ᠠ ᠪᠠᠷ᠂ ᠲᠦᠷ ᠬᠡᠷᠡᠭᠵᠢᠭᠦᠯᠬᠦ ᠠᠷᠭ᠎ᠠ ᠳᠤ ᠣᠶᠢᠯᠡᠳᠪᠣᠷᠢᠯᠡᠬᠦ᠂ ᠬᠠᠳᠠᠭᠠᠯᠠᠬᠤ᠂ ᠪᠣᠭᠤᠳᠠᠯᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠤᠭᠰᠠᠨ ᠢᠳᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠤ ᠣᠶᠢᠯᠡᠳᠪᠣᠷᠢᠯᠡᠯ ᠤᠨ ᠪᠥᠬᠦ ᠶᠠᠪᠤᠴᠠ ᠳᠤ ᠡᠵᠡᠮᠳᠡᠬᠦ ᠲᠦᠷᠢᠮ ᠢ ᠪᠠᠶᠢᠭᠤᠯᠤᠨ᠎ᠠ᠃ ᠣᠶᠢᠯᠡᠳᠪᠣᠷᠢᠯᠡᠭᠴᠢ ᠳᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠬᠠᠮᠢᠶᠠᠷᠤᠯᠲᠠ᠂ ᠣᠶᠢᠯᠡᠳᠪᠣᠷᠢᠯᠡᠯ ᠤᠨ ᠵᠠᠩᠭᠢᠯᠠᠭ᠎ᠠ ᠶᠢᠨ ᠴᠡᠭ ᠢ ᠡᠵᠡᠮᠳᠡᠬᠦ᠂ ᠣᠶᠢᠯᠡᠳᠪᠣᠷᠢ ᠠᠴᠠ ᠭᠠᠷᠬᠤ ᠶᠢ ᠰᠢᠯᠭᠠᠨ ᠪᠠᠶᠢᠴᠠᠭᠠᠵᠤ ᠡᠵᠡᠮᠳᠡᠬᠦ ᠵᠡᠷᠭᠡ ᠬᠠᠮᠢᠶᠠᠷᠤᠯᠲᠠ ᠶᠢᠨ ᠲᠦᠷᠢᠮ ᠵᠢᠴᠢ ᠡᠵᠡᠮᠳᠡᠬᠦ ᠠᠷᠭ᠎ᠠ ᠬᠡᠮᠵᠢᠶ᠎ᠡ ᠭᠠᠷᠭᠠᠬᠤ ᠶᠢ ᠱᠠᠭᠠᠷᠳᠠᠵᠤ᠂ ᠢᠳᠡᠭᠡᠨ ᠤ ᠬᠠᠮᠢᠶ᠎ᠠ ᠪᠥᠬᠦᠶ ᠣᠶᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ ᠪᠠᠶᠢᠴᠠᠭᠠᠯᠲᠠ ᠶᠢ ᠪᠡᠶᠡᠯᠡᠭᠦᠯᠵᠦ᠂ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠨᠡᠮᠡᠯᠲᠡ ᠡᠳ᠋ ᠢ ᠬᠤᠳᠠᠯᠳᠤᠨ ᠠᠪᠬᠤ ᠠᠴᠠ ᠣᠶᠢᠯᠡᠳᠬᠦᠨ ᠢ ᠪᠣᠷᠣᠯᠠᠭᠤᠯᠬᠤ  ᠪᠣᠯᠲᠠᠯᠠᠬᠢ ᠪᠣᠶ ᠪᠥᠬᠦᠶ ᠭᠤᠭᠴᠤᠭ᠎ᠠ ᠶᠢ ᠴᠥᠮ ᠪᠦᠲᠦᠮᠵᠢᠲᠡᠶ ᠡᠵᠡᠮᠳᠡᠬᠦ ᠶᠢ ᠪᠠᠲᠤᠯᠠᠬᠤ ᠶᠢᠨ ᠬᠠᠮᠲᠤ᠂ ᠣᠶᠢᠯᠡᠳᠪᠣᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠬᠡᠷᠡᠭᠲᠡᠢ ᠭᠡᠵᠡᠢ᠃         
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ