ᠥᠪᠡᠷᠲᠡᠭᠡᠨ ᠵᠠᠰᠠᠬᠤ ᠣᠷᠣᠨ  ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠳᠣᠯᠣᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2022/10/20
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ  ᠤᠨ ᠬᠤᠷᠢᠶ᠎ᠠ ᠳᠣᠯᠣᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠬᠤᠷᠠᠯᠳᠤᠭᠤᠯᠵᠤ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠱᠠᠭᠠᠷᠳᠠᠯᠭ᠎ᠠ ᠵᠢᠴᠢ ᠥᠪᠡᠷᠲᠡᠭᠡᠨ ᠵᠠᠰᠠᠬᠤ ᠣᠷᠣᠨ  ᠤ ᠨᠠᠮ  ᠤᠨ ᠬᠤᠷᠢᠶ᠎ᠠ ᠶᠢᠨ  ᠪᠠᠭᠠᠴᠤᠳ ᠎ ᠤᠨ ᠬᠤᠰᠢᠭᠤᠴᠢ ᠠᠩᠭᠢ  ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠪᠠᠭᠠᠴᠤᠳ ᠤᠨ ᠬᠤᠰᠢᠭᠤᠴᠢ ᠠᠩᠭᠢ  ᠶᠢᠨ ᠳᠠᠷᠠᠭᠠᠴᠢ ᠶᠢᠨ ᠱᠠᠲᠤᠨ  ᠤ ᠭᠤᠣᠯᠳᠠᠯᠭ᠎ᠠ ᠲᠠᠢ ᠠᠵᠢᠯ ᠢᠶᠠᠨ ᠲᠥᠯᠥᠪᠵᠢᠭᠦᠯᠦᠨ ᠪᠠᠶᠢᠷᠢᠯᠠᠭᠤᠯᠵᠠᠢ᠃     ᠬᠤᠷᠠᠯ ᠠᠴᠠ᠂ ᠪᠦᠭᠦ ᠣᠷᠣᠨ ᠤ ᠡᠯ᠎ᠡ ᠱᠠᠲᠤᠨ ᠤ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠎ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠴᠢᠭᠯᠡᠯ ᠢᠶᠠᠨ ᠪᠠᠲᠤ ᠡᠵᠡᠮᠳᠡᠵᠦ᠂ ᠨᠠᠮ ᠤᠨ ᠪᠠᠭᠠᠴᠤᠳ ᠬᠡᠦᠬᠡᠳ  ᠤᠨ ᠠᠵᠢᠯ  ᠤᠨ ᠪᠠᠶᠢᠯᠳᠤᠬᠤ ᠪᠣᠳᠣᠯᠭ᠎ᠠ  ᠶᠢᠨ ᠪᠠᠶᠢᠷᠢ ᠰᠠᠭᠤᠷᠢ ᠶᠢ ᠭᠦᠨᠵᠡᠭᠡᠢ ᠣᠶᠢᠯᠠᠭᠠᠵᠤ᠂  ᠰᠢᠨ᠎ᠡ ᠴᠠᠭ ᠦᠶ᠎ᠡ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠪᠠᠭᠠᠴᠤᠳ ᠬᠡᠦᠬᠡᠳ ᠢ ᠬᠥᠲᠥᠯᠥᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠭᠦ ᠴᠠᠭ ᠦᠶ᠎ᠡ ᠶᠢᠨ ᠰᠢᠨ᠎ᠡ ᠬᠥᠮᠥᠨ ᠪᠣᠯᠭᠠᠨ ᠬᠥᠮᠥᠵᠢᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃     ᠬᠤᠷᠠᠯ ᠠᠴᠠ᠂ ᠪᠦᠭᠦ ᠣᠷᠣᠨ  ᠤ ᠡᠯ᠎ᠡ ᠱᠠᠲᠤᠨ  ᠤ ᠡᠪᠯᠡᠯ  ᠤᠨ ᠵᠣᠬᠢᠶᠠᠨ ᠪᠠᠶᠢᠭᠤᠯᠤᠯᠲᠠ᠂ ᠪᠠᠭᠠᠴᠤᠳ  ᠤᠨ ᠬᠤᠰᠢᠭᠤᠴᠢ ᠠᠩᠭᠢ ᠶᠢᠨ ᠠᠵᠢᠯ  ᠤᠨ ᠵᠥᠪᠯᠡᠯ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠠᠵᠢᠯ  ᠢ ᠵᠢᠷᠤᠮᠵᠢᠭᠤᠯᠤᠨ ᠥᠷᠨᠢᠭᠦᠯᠬᠦ ᠭᠡᠷᠡᠭᠲᠡᠢ︔ ᠰᠤᠷᠭᠠᠭᠤᠯᠢ  ᠶᠢᠨ ᠭᠠᠳᠠᠨᠠᠬᠢ ᠵᠣᠬᠢᠶᠠᠨ ᠪᠠᠶᠢᠭᠤᠯᠤᠯᠲᠠ ᠪᠣᠯᠣᠨ ᠦᠢᠯᠡᠳᠦᠯᠭᠡ ᠶᠢᠨ ᠠᠵᠢᠯᠯᠠᠭ᠎ᠠ ᠶᠢ ᠪᠦᠲᠦᠭᠡᠯᠴᠢ ᠪᠠᠷ ᠬᠥᠭᠵᠢᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠨᠡᠶᠢᠭᠡᠮᠴᠢᠯᠡᠭᠰᠡᠨ ᠰᠢᠰᠲ᠋ᠧᠮ  ᠢ ᠪᠠᠶᠢᠭᠤᠯᠵᠤ᠂ ᠰᠤᠷᠭᠠᠭᠤᠯᠢ  ᠶᠢᠨ ᠭᠠᠳᠠᠨᠠᠬᠢ ᠪᠠᠭᠠᠴᠤᠳ  ᠤᠨ ᠬᠤᠰᠢᠭᠤᠴᠢ ᠠᠩᠭᠢ  ᠶᠢᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠶᠡᠭᠡ ᠪᠠᠷ ᠠᠬᠢᠭᠤᠯᠬᠤ ᠭᠡᠷᠡᠭᠲᠡᠢ︔ ᠡᠩᠨᠡᠭᠡᠨ  ᠤ ᠪᠦᠲᠦᠴᠡ ᠶᠢ ᠰᠢᠯᠢᠳᠡᠭᠵᠢᠭᠦᠯᠵᠦ᠂ ᠦᠨᠡᠯᠡᠭᠦ ᠪᠠ ᠤᠷᠮᠠᠰᠢᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠪᠠᠭᠠᠴᠤᠳ  ᠤᠨ ᠬᠤᠰᠢᠭᠤᠴᠢ ᠠᠩᠭᠢ  ᠶᠢᠨ ᠬᠠᠪᠰᠤᠷᠤᠨ ᠵᠢᠯᠣᠭᠤᠳᠤᠭᠴᠢ ᠶᠢᠨ ︽ᠲᠦᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ︾ ᠪᠣᠯᠪᠠᠰᠤᠷᠠᠯ ᠎ ᠢ ᠪᠦᠷᠭᠦᠭᠦᠯᠭᠦ ᠭᠡᠷᠡᠭᠲᠡᠢ︔ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠬᠢᠨᠠᠨ ᠰᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠦᠢᠯᠡᠰ ᠤᠨ ᠰᠢᠨ᠎ᠡ ᠶᠢ ᠡᠭᠦᠳᠦᠨ ᠭᠦᠭᠵᠢᠭᠦ ᠶᠢ ᠠᠬᠢᠭᠤᠯᠬᠤ ᠬᠡᠷᠡᠭᠲᠡᠢ ᠭᠡᠵᠦ ᠴᠢᠩᠭᠠᠳᠬᠠᠪᠠ᠃     ᠥᠪᠡᠷᠲᠡᠭᠡᠨ ᠵᠠᠰᠠᠬᠤ ᠣᠷᠣᠨ ᠤ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠥᠪᠯᠡᠯ ᠤᠨ 154 ᠭᠡᠰᠢᠭᠦᠨ ᠵᠢᠴᠢ ᠡᠯ᠎ᠡ ᠠᠶᠢᠮᠠᠭ ᠬᠤᠳᠠ ᠶᠢᠨ ᠱᠠᠲᠤᠨ ᠤ ᠡᠪᠯᠡᠯ  ᠤᠨ ᠬᠤᠷᠢᠶ᠎ᠠ᠂ ᠰᠤᠷᠭᠠᠨ ᠬᠥᠮᠦᠵᠢᠯ  ᠤᠨ ᠰᠠᠯᠠᠭ᠎ᠠ ᠮᠥᠴᠢᠷ  ᠤᠨ ᠭᠤᠣᠯ ᠬᠠᠷᠢᠭᠤᠴᠠᠯᠭᠠᠲᠠᠨ᠂ ᠰᠤᠷᠭᠠᠭᠤᠯᠢ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠥᠪᠯᠡᠯ ᠤᠨ ᠡᠷᠭᠢᠯᠡᠭᠴᠢ᠂ ᠬᠠᠪᠰᠤᠷᠤᠨ ᠵᠢᠯᠣᠭᠤᠳᠤᠭᠴᠢ ᠵᠡᠷᠭᠡ 100 ᠭᠠᠷᠤᠢ ᠬᠥᠮᠥᠨ ᠬᠤᠷᠠᠯ ᠳᠤ ᠰᠤᠯᠠ ᠣᠷᠣᠯᠴᠠᠵᠠᠢ᠃  
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ