ᠮᠠᠨ ᠤ ᠣᠷᠣᠨ ᠡᠯ᠎ᠡ ᠱᠠᠲᠤᠨ ᠤ ᠰᠤᠷᠭᠠᠭᠤᠯᠢ ᠳᠤ ᠵᠠᠪᠠᠯ ᠰᠤᠷᠬᠤ ᠭᠦᠳᠡᠯᠮᠦᠷᠢ ᠶᠢᠨ ᠬᠢᠴᠢᠶᠡᠯ ᠢ ᠭᠦᠢᠴᠡᠳ ᠨᠡᠭᠡᠭᠡᠨ᠎ᠡ
ᠨᠡᠶᠢᠲᠡᠯᠡᠭᠰᠡᠨ ᠴᠠᠭ᠄
2022/10/20
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠤᠨ ᠬᠡᠷᠡᠭᠵᠢᠭᠦᠯᠬᠦ ᠵᠦᠭᠯᠡᠭᠦᠷ︾᠎ ᠢ ᠨᠡᠶᠢᠲᠡᠯᠡᠵᠦ᠂  ᠭᠦᠳᠡᠯᠮᠦᠷᠢ ᠶᠢᠨ ᠬᠥᠮᠦᠵᠢᠯ ᠤᠨ ᠵᠠᠪᠠᠯ ᠰᠤᠷᠬᠤ ᠬᠢᠴᠢᠶᠡᠯ ᠢ ᠭᠦᠢᠴᠡᠳ ᠪᠥᠭᠡᠳ ᠪᠦᠷᠢᠨ ᠨᠡᠭᠡᠭᠡᠵᠦ᠂ ᠭᠦᠳᠡᠯᠮᠦᠷᠢ  ᠶᠢᠨ ᠬᠥᠮᠦᠵᠢᠯ  ᠢ ᠴᠢᠳᠠᠪᠤᠷᠢᠲᠠᠨ ᠬᠥᠮᠥᠵᠢᠭᠦᠯᠬᠦ ᠪᠦᠭᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃     ᠭᠦᠳᠡᠯᠮᠦᠷᠢ ᠶᠢᠨ ᠬᠥᠮᠦᠵᠢᠯ ᠪᠣᠯ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠬᠤᠯᠠ ᠠᠭᠤᠯᠭ᠎ᠠ ᠮᠥᠨ᠃ ᠮᠠᠨ ᠤ ᠣᠷᠣᠨ ᠤ ᠶᠡᠭᠡ ᠳᠡᠭᠡᠳᠦ ᠳᠤᠮᠳᠠᠳᠤ ᠪᠠᠭ᠎ᠠ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠨᠢ ᠠᠳᠠᠯᠢ ᠪᠤᠰᠤ ᠰᠤᠷᠤᠯᠭ᠎ᠠ ᠶᠢᠨ ᠱᠠᠲᠤ ᠦᠶ᠎ᠡ᠂ ᠠᠳᠠᠯᠢ ᠪᠤᠰᠤ ᠲᠥᠷᠥᠯ ᠭᠡᠯᠪᠡᠷᠢ ᠶᠢᠨ ᠰᠣᠷᠣᠬᠴᠢ ᠶᠢᠨ ᠣᠨᠴᠠᠯᠢᠭ ᠲᠤ ᠴᠢᠭᠯᠡᠭᠦᠯᠦᠨ᠂ ᠭᠡᠷ ᠵᠠᠭᠤᠷ᠎ᠠ ᠶᠢᠨ ᠭᠦᠳᠡᠯᠮᠦᠷᠢ᠂ ᠦᠢᠯᠡᠳᠪᠦᠷᠢᠯᠡᠯ ᠤᠨ ᠭᠦᠳᠡᠯᠮᠦᠷᠢ ᠪᠠ ᠦᠢᠯᠡᠴᠢᠯᠡᠭᠡᠨ ᠤ ᠴᠢᠨᠠᠷᠲᠠᠢ ᠭᠦᠳᠡᠯᠮᠦᠷᠢ ᠪᠠᠷ ᠭᠤᠣᠯ ᠠᠭᠤᠯᠭ᠎ᠠ ᠪᠤᠯᠭᠠᠵᠤ᠂ ᠠᠵᠤ ᠦᠢᠯᠡᠰ ᠤᠨ ᠰᠢᠨ᠎ᠡ ᠭᠡᠯᠪᠡᠷᠢ ᠪᠠᠶᠢᠳᠠᠯ᠂ ᠭᠦᠳᠡᠯᠮᠦᠷᠢ ᠶᠢᠨ ᠰᠢᠨ᠎ᠡ ᠭᠡᠯᠪᠡᠷᠢ ᠪᠠᠶᠢᠳᠠᠯ ᠲᠠᠢ ᠤᠶᠠᠯᠳᠤᠭᠤᠯᠤᠨ ᠭᠦᠳᠡᠯᠮᠦᠷᠢ ᠶᠢᠨ ᠰᠤᠷᠭᠠᠨ ᠬᠥᠮᠦᠵᠢᠯ  ᠢ ᠥᠷᠨᠢᠭᠦᠯᠵᠦ ᠪᠤᠢ᠃ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠭᠦᠳᠡᠯᠮᠦᠷᠢ ᠶᠢᠨ ᠤᠬᠠᠮᠰᠠᠷ ᠪᠣᠯᠣᠨ ᠭᠦᠳᠡᠯᠮᠦᠷᠢ  ᠶᠢᠨ ᠠᠮᠤᠷ ᠲᠦᠪᠰᠢᠨ  ᠤ ᠤᠬᠠᠮᠰᠠᠷ  ᠢ ᠬᠥᠮᠥᠵᠢᠭᠦᠯᠬᠦ  ᠶᠢᠨ ᠲᠣᠭᠤᠷᠢᠨ  ᠳᠤ᠂ ᠭᠦᠳᠡᠯᠮᠦᠷᠢ  ᠶᠢᠨ ᠬᠠᠪᠤ ᠴᠡᠩᠭᠡᠯ ᠢ ᠮᠡᠳᠡᠷᠡᠬᠦ᠂ ᠬᠥᠳᠡᠯᠮᠦᠷᠢᠴᠢᠳ ᠢ ᠬᠦᠨᠳᠦᠳᠬᠡᠬᠦ᠂ ᠭᠦᠳᠡᠯᠮᠦᠷᠢ ᠶᠢᠨ ᠦᠷ᠎ᠡ ᠪᠦᠲᠦᠭᠡᠯ ᠢ ᠬᠠᠶᠢᠷᠠᠯᠠᠬᠤ᠂ ᠨᠠᠷᠢᠨ ᠬᠢᠨᠠᠮᠠᠭᠠᠢ ᠬᠠᠷᠢᠭᠤᠴᠠᠬᠤ᠂ ᠬᠦᠴᠢᠷ ᠪᠡᠷᠬᠡ ᠶᠢ ᠲᠡᠰᠪᠦᠷᠢᠯᠡᠬᠦ᠂ ᠨᠠᠷᠢᠯᠢᠭ ᠣᠨᠣᠴᠠᠲᠠᠢ ᠪᠠᠶᠢᠬᠤ ᠭᠦᠳᠡᠯᠮᠦᠷᠢ ᠶᠢᠨ ᠬᠡᠪ ᠴᠢᠨᠠᠷ ᠢ ᠪᠤᠢ ᠪᠤᠯᠭᠠᠵᠤ᠂  ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ ᠪᠠᠶᠢᠭᠤᠯᠬᠤ ᠪᠠᠷ ᠬᠠᠷᠠᠯᠲᠠ ᠪᠤᠯᠭᠠᠨ᠎ᠠ︔ ᠶᠡᠭᠡ ᠳᠡᠭᠡᠳᠦ ᠰᠤᠷᠭᠠᠭᠤᠯᠢ ︵ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠭᠲᠠᠨ᠎ᠠ︶᠎ ᠶᠢᠨ ᠬᠢᠨ ᠲᠤᠰᠬᠠᠢ ᠮᠡᠷᠭᠡᠵᠢᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠠᠵᠢᠯ ᠮᠡᠷᠭᠡᠵᠢᠯ ᠤᠨ ᠢᠷᠠᠭᠤ ᠠᠯᠳᠠᠷᠲᠤ ᠰᠡᠳᠬᠢᠯᠭᠡ ᠪᠠᠨ ᠨᠡᠮᠡᠭᠳᠡᠭᠦᠯᠬᠦ᠂ ᠠᠵᠢᠯ ᠮᠡᠷᠭᠡᠵᠢᠯ ᠤᠨ  ᠬᠢᠷᠢ ᠲᠦᠪᠰᠢᠨ ᠢᠶᠠᠨ ᠳᠡᠭᠡᠭᠰᠢᠯᠡᠭᠦᠯᠭᠦ᠂ ᠨᠠᠷᠢᠨ ᠬᠢᠨᠠᠮᠠᠭᠠᠢ ᠬᠠᠷᠢᠭᠤᠴᠠᠬᠤ ᠭᠦᠳᠡᠯᠮᠦᠷᠢ ᠶᠢᠨ ᠣᠪᠣᠷ ᠰᠤᠷᠲᠠᠯ ᠢ ᠪᠤᠢ ᠪᠤᠯᠭᠠᠬᠤ ᠮᠠᠷᠺᠰ ᠤᠨ ᠦᠵᠡᠯ ᠤᠨ ᠭᠦᠳᠡᠯᠮᠦᠷᠢ ᠶᠢᠨ ᠬᠥᠮᠦᠵᠢᠯ ᠢ ᠴᠢᠩᠭᠠᠷᠠᠭᠤᠯᠤᠨ᠎ᠠ᠃     ᠬᠡᠷᠡᠭᠵᠢᠭᠦᠯᠬᠦ ᠵᠦᠭᠯᠡᠭᠦᠷ ᠲᠤ᠂ ᠳᠤᠮᠳᠠᠳᠤ ᠪᠠᠭ᠎ᠠ ᠰᠤᠷᠭᠠᠭᠤᠯᠢ  ᠶᠢᠨ ᠭᠠᠷᠠᠭ ᠪᠦᠷᠢ ᠶᠢᠨ ᠬᠢᠴᠢᠶᠡᠯ ᠤᠨ ᠭᠠᠳᠠᠨᠠᠬᠢ ᠭᠦᠳᠡᠯᠮᠦᠷᠢ ᠪᠠ ᠭᠡᠷ ᠵᠠᠭᠤᠷ᠎ᠠ ᠶᠢᠨ  ᠭᠦᠳᠡᠯᠮᠦᠷᠢ ᠶᠢᠨ ᠴᠠᠭ ᠢ ᠪᠠᠭ᠎ᠠ ᠰᠤᠷᠭᠠᠭᠤᠯᠢ ᠶᠢᠨ ᠨᠢᠭᠡ ᠬᠤᠶᠠᠳᠤᠭᠠᠷ ᠣᠨ 2 ᠴᠠᠭ ᠠᠴᠠ ᠳᠤᠲᠠᠭᠤ ᠪᠠᠶᠢᠯᠭᠠᠵᠤ ᠪᠤᠯᠬᠤ ᠦᠭᠡᠢ᠂ ᠪᠤᠰᠤᠳ ᠣᠨ 3 ᠴᠠᠭ ᠠᠴᠠ ᠳᠤᠲᠠᠭᠤ ᠪᠠᠶᠢᠯᠭᠠᠵᠤ ᠪᠤᠯᠬᠤ ᠦᠭᠡᠢ︔ ᠡᠩ ᠤᠨ ᠥᠨᠳᠥᠷ ᠳᠤᠮᠳᠠᠳᠤ ᠰᠤᠷᠭᠠᠭᠤᠯᠢ ᠤᠤᠯ ᠤᠨ ᠬᠢᠴᠢᠶᠡᠯ ᠲᠥᠷᠥᠯ ᠤᠨ ᠰᠠᠭᠤᠷᠢᠨ ᠳᠡᠭᠡᠷ᠎ᠡ ᠭᠦᠳᠡᠯᠮᠦᠷᠢ ᠶᠢᠨ ᠬᠢᠴᠢᠶᠡᠯ ᠨᠡᠭᠡᠭᠡᠬᠦ ᠬᠡᠷᠡᠭᠲᠡᠢ᠂  ᠵᠠᠪᠠᠯ ᠰᠤᠷᠬᠤ ᠰᠤᠷᠤᠯᠭ᠎ᠠ ᠶᠢᠨ ᠬᠤᠪᠢ ᠨᠢ 6 ᠬᠤᠪᠢ ᠪᠤᠯᠤᠨ᠎ᠠ︔ ᠶᠡᠭᠡ ᠳᠡᠭᠡᠳᠦ ᠰᠤᠷᠭᠠᠭᠤᠯᠢ ︵ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠭᠲᠠᠨ᠎ᠠ︶᠎ ᠨᠤᠭᠤᠳ ᠭᠦᠳᠡᠯᠮᠦᠷᠢ ᠶᠢᠨ ᠬᠥᠮᠦᠵᠢᠯ ᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠲᠥᠰᠥᠯ ᠳᠤ ᠣᠷᠣᠭᠤᠯᠵᠤ᠂ ᠠᠵᠢᠯ ᠮᠡᠷᠭᠡᠵᠢᠯ  ᠤᠨ ᠳᠡᠭᠡᠳᠦ ᠰᠤᠷᠭᠠᠭᠤᠯᠢ ᠨᠤᠭᠤᠳ ᠳᠠᠳᠤᠯᠭ᠎ᠠ ᠪᠣᠯᠪᠠᠰᠤᠷᠠᠯ ᠤᠨ ᠬᠢᠴᠢᠶᠡᠯ ᠢᠶᠠᠷ ᠭᠤᠣᠯ ᠪᠣᠯᠭᠠᠨ ᠭᠦᠳᠡᠯᠮᠦᠷᠢ ᠶᠢᠨ ᠬᠥᠮᠦᠵᠢᠯ  ᠢ ᠥᠷᠨᠢᠭᠦᠯᠵᠦ᠂ ᠭᠦᠳᠡᠯᠮᠦᠷᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭᠠᠨ ᠤ ᠲᠤᠰᠬᠠᠢ ᠰᠡᠳᠦᠪᠲᠦ ᠬᠥᠮᠦᠵᠢᠯ ᠢ  ᠠᠳᠠᠭ ᠲᠠᠭᠠᠨ 16 ᠬᠢᠴᠢᠶᠡᠯ ᠤᠨ ᠴᠠᠭ ᠲᠣᠬᠢᠷᠠᠭᠤᠯᠬᠤ ᠬᠡᠷᠡᠭᠲᠡᠢ᠂ ᠵᠢᠩᠬᠢᠨᠢ ᠠᠩᠭᠢ ᠶᠢᠨ ᠱᠠᠲᠤᠨ ᠳᠤ 32 ᠬᠢᠴᠢᠶᠡᠯ ᠤᠨ ᠴᠠᠭ ᠠᠴᠠ ᠳᠤᠲᠠᠭᠤ ᠪᠠᠶᠢᠯᠭᠠᠵᠤ ᠪᠤᠯᠬᠤ ᠦᠭᠡᠢ᠃ ᠡᠭᠦᠨ ᠤ ᠵᠡᠷᠭᠡ ᠪᠠᠷ ᠰᠤᠷᠤᠯᠭ᠎ᠠ ᠶᠢᠨ ᠣᠨ ᠪᠦᠷᠢ ᠭᠦᠳᠡᠯᠮᠦᠷᠢ ᠶᠢᠨ ᠭᠠᠷᠠᠭ ᠲᠣᠬᠢᠷᠠᠭᠤᠯᠵᠤ᠂ ᠭᠦᠳᠡᠯᠮᠦᠷᠢ ᠶᠢᠨ ᠭᠠᠷᠠᠭ ᠪᠣᠯᠣᠨ ᠡᠯ᠎ᠡ ᠰᠤᠷᠤᠯᠭ᠎ᠠ ᠎ ᠶᠢᠨ ᠬᠤᠭᠤᠴᠠᠭᠠᠨ ᠤ ᠭᠦᠳᠡᠯᠮᠦᠷᠢ ᠶᠢᠨ ᠵᠠᠪᠠᠯ ᠰᠤᠷᠬᠤ ᠬᠢᠴᠢᠶᠡᠯ ᠢ ᠬᠠᠷᠢᠯᠴᠠᠨ ᠣᠷᠣᠯᠠᠭᠤᠯᠵᠤ ᠪᠤᠯᠬᠤ ᠦᠭᠡᠢ ᠭᠡᠵᠦ ᠱᠠᠭᠠᠷᠳᠠᠪᠠ᠃ᠣᠶᠢᠯᠠᠭᠠᠭᠰᠠᠨ ᠢᠶᠠᠷ᠂ 2022 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠠᠩᠬᠠᠨ ᠤ ᠪᠦᠯᠦᠭ ᠤᠨ ᠭᠦᠳᠡᠯᠮᠦᠷᠢ ᠶᠢᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠢ ᠰᠣᠩᠭᠤᠨ ᠲᠣᠭᠲᠠᠭᠠᠵᠤ᠂ ᠰᠤᠷᠤᠬᠴᠢᠳ ᠤᠨ ᠭᠦᠳᠡᠯᠮᠦᠷᠢ ᠶᠢᠨ ᠬᠥᠮᠦᠵᠢᠯ ᠢ ᠥᠷᠨᠢᠭᠦᠯᠬᠦ ᠳᠤ ᠲᠠᠯᠠᠪᠤᠷ ᠤᠨ ᠪᠠᠲᠤᠯᠠᠭ᠎ᠠ ᠬᠠᠩᠭᠠᠬᠤ ᠪᠣᠯᠣᠨ᠎ᠠ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ