ᠶᠡᠭᠡ ᠭᠤᠣᠯ  ᠤᠨ ᠠᠮᠢᠨ ᠴᠢᠳᠬᠤᠯᠠᠩ - ᠳᠠᠭ᠎ᠠ  ᠶᠢᠨ ᠨᠠᠭᠤᠷ
ᠨᠡᠶᠢᠲᠡᠯᠡᠭᠰᠡᠨ ᠴᠠᠭ᠄
2022/10/20
   ᠵᠣᠬᠢᠶᠠᠭᠴᠢ᠄ ᠪᠤᠤ ᠰᠠᠷᠠᠭᠤᠯ᠂ ᠰᠡᠷᠭᠦᠯᠡᠩᠴᠡᠴᠡᠭ᠂ ᠴᠣᠯᠮᠣᠨ᠂ ᠴᠣᠪᠣᠭᠤ   9 ᠰᠠᠷ᠎ᠠ ᠶᠢᠨ 20᠎ ᠤ ᠡᠳᠦᠷ᠂  ᠬᠠᠲᠤᠨ ᠭᠤᠣᠯ ᠤᠨ ᠤᠰᠤ ᠳᠠᠭ᠎ᠠ ᠶᠢᠨ ᠨᠠᠭᠤᠷ ᠲᠤ ᠳᠠᠪᠠᠯᠭᠠᠯᠠᠨ  ᠣᠷᠣᠵᠤ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ  ᠠᠮᠢ ᠠᠬᠤᠢ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠰᠡᠬᠦᠯ᠎ᠡ︕   ᠦᠨᠳᠦᠷᠰᠦᠷᠯᠢᠭ ᠠᠭᠤᠯᠠᠰ ᠤᠨ ᠬᠤᠷᠮᠣᠢ ᠳᠤ ᠴᠢᠮᠡᠭ ᠪᠣᠯᠣᠨ ᠲᠣᠷᠮᠣᠶᠢᠵᠤ᠂ ᠣᠭ᠍ᠶᠤ ᠨᠣᠭᠤᠭᠠᠨ ᠲᠠᠩ ᠭᠠᠵᠠᠷ ᠤᠨ ᠳᠤᠮᠳᠠ ᠱᠤᠭᠤᠵᠤ ᠰᠢᠭᠢᠳᠬᠡᠭᠰᠡᠨ ᠮᠥᠩᠭᠦᠨ ᠲᠣᠯᠢ ᠭᠡᠮᠡᠷ ᠮᠡᠯᠲᠡᠶᠢᠨ ᠬᠠᠷᠠᠭᠳᠠᠬᠤ ᠲᠠᠭ᠎ᠠ ᠶᠢᠨ ᠨᠠᠭᠤᠷ ᠨᠢ ︽ᠲᠠᠯ᠎ᠠ ᠨᠤᠲᠤᠭ ᠤᠨ ᠠᠷᠰᠢ ᠶᠢᠨ ᠨᠠᠭᠤᠷ︾᠂ ︽ᠪᠣᠭᠤᠮᠲᠠ ᠶᠢᠨ ᠭᠠᠳᠠᠨᠠᠬᠢ ᠲᠡᠭᠷᠢ ᠎ ᠶᠢᠨ ᠨᠠᠭᠤᠷ︾ ᠵᠡᠷᠭᠡ ᠤᠯᠠᠨ ᠰᠠᠶᠢᠬᠠᠨ ᠠᠯᠳᠠᠷ ᠎ ᠲᠠᠢ  ᠪᠢᠯᠡ᠃   ᠤᠯᠠᠭᠠᠨᠴᠠᠪ ᠬᠤᠳᠠ ᠶᠢᠨ ᠯᠢᠶᠡᠩᠴᠧᠩ ᠰᠢᠶᠠᠨ ᠤ ᠵᠡᠭᠦᠨ ᠡᠮᠦᠨ᠎ᠡ ᠵᠠᠬ᠎ᠠ ᠳᠤ ᠪᠠᠶᠢᠷᠢᠯᠠᠵᠤ᠂  ᠮᠠᠨ ᠤ ᠣᠷᠣᠨ ᠤ ᠳᠤᠮᠳᠠ ᠬᠡᠰᠡᠭ ᠭᠠᠵᠠᠷ ᠣᠷᠣᠨ ᠤ ᠬᠠᠮᠤᠭ ᠎ ᠤᠨ ᠲᠣᠮᠣ ᠳᠣᠲᠣᠭᠠᠳᠤ ᠬᠠᠭᠤᠷᠠᠢ ᠶᠢᠨ ᠨᠠᠭᠤᠷ ᠪᠣᠯᠤᠭᠰᠠᠨ ᠲᠠᠭ᠎ᠠ ᠶᠢᠨ ᠨᠠᠭᠤᠷ ᠨᠢ ᠤᠯᠤᠰ ᠤᠨ ᠲᠥᠯᠦᠪᠵᠢᠭᠦᠯᠭᠡ ᠶᠢᠨ ᠬᠠᠮᠠᠭᠠᠯᠠᠯᠲᠠ ᠳᠤ ᠣᠷᠣᠭᠰᠠᠨ 365 ᠤᠰᠤᠨ ᠤ ᠴᠢᠨᠠᠷ ᠢᠶᠠᠷ ᠨᠡᠯᠢᠶᠡᠳ ᠰᠠᠶᠢᠨ ᠨᠠᠭᠤᠷ ᠤᠨ ᠨᠢᠭᠡ᠂ ᠤᠯᠤᠰ ᠤᠨ 179 ᠴᠢᠬᠤᠯᠠ ᠨᠤᠭᠤ ᠭᠠᠵᠠᠷ ᠤᠨ ᠨᠢᠭᠡ ᠪᠠᠶᠢᠵᠤ᠂ ᠡᠯ᠎ᠡ ᠦᠨᠳᠦᠰᠦᠲᠡᠨ ᠢᠶᠠᠷ ᠪᠦᠷᠢᠯᠳᠦᠭᠰᠡᠨ 24 ᠲᠦᠮᠡᠨ ᠢᠷᠭᠡᠳ ᠤᠨ ᠢᠶᠠᠨ ᠡᠵᠢ ᠨᠠᠭᠤᠷ᠂ ᠰᠦᠭ ᠰᠦᠨᠡᠰᠦ᠂ ᠠᠮᠢᠨ ᠰᠤᠳᠠᠰᠤ᠂ ᠮᠥᠨ ᠴᠤ ᠬᠦᠰᠡᠯ ᠢᠷᠡᠭᠡᠳᠦᠢ  ᠪᠣᠯᠣᠭᠰᠠᠭᠠᠷ ᠢᠷᠡᠭᠰᠡᠨ ᠶᠤᠮ᠃  ᠪᠦᠯᠬᠦᠮᠳᠡᠯ ᠨᠢᠭᠲᠠᠷᠠᠯ ᠤᠨ ᠲᠡᠦᠬᠡ ᠶᠢ ᠬᠦᠦᠷᠨᠢᠭᠡ - ᠲᠠᠭ᠎ᠠ ᠶᠢᠨ ᠨᠠᠭᠤᠷ    ᠨᠠᠷᠠ ᠬᠠᠨ᠎ᠠ ᠶᠢᠨ ᠲᠣᠯᠣᠭᠠᠢ ᠳᠤ ᠲᠤᠰᠬᠤ ᠪᠠᠷ ᠣᠨᠢᠰᠤᠲᠠᠢ ᠮᠣᠲ᠋ᠣᠷ ᠢᠶᠠᠨ ᠵᠠᠶᠢᠳᠠᠯᠠᠨ ᠲᠠᠭ᠎ᠠ ᠶᠢᠨ ᠨᠠᠭᠤᠷ ᠢ ᠴᠢᠭᠯᠡᠵᠦ ᠨᠢᠭᠡ ᠡᠳᠦᠷ ᠤᠨ ᠶᠠᠭᠠᠷᠠᠯᠲᠠᠢ ᠠᠵᠢᠯ ᠎ ᠢᠶᠠᠨ ᠡᠬᠢᠯᠡᠭᠦᠯᠦᠨ᠎ᠡ᠃ ᠣᠨᠢᠰᠤᠲᠠᠢ ᠲᠠᠭ᠎ᠠ ᠶᠢᠨ ᠨᠠᠭᠤᠷ ᠲᠤ ᠢᠷᠡᠵᠤ ᠣᠩᠭᠤᠴᠠᠨ ᠳᠠᠷᠤᠭ᠎ᠠ ᠪᠠᠷ ᠠᠵᠢᠯᠯᠠᠭᠠᠳ ᠠᠷᠪᠠ ᠭᠠᠷᠤᠢ ᠵᠢᠯ ᠪᠣᠯᠵᠤ ᠪᠤᠢ᠂ ᠤᠭ ᠠᠴᠠ ᠎ ᠪᠠᠨ ᠬᠥᠳᠡᠭᠡ ᠥᠰᠴᠦ ᠬᠤᠨᠢ ᠮᠠᠯ ᠢᠶᠠᠨ ᠠᠬᠤᠶᠢᠯᠠᠵᠤ ᠪᠠᠶᠢᠭᠰᠠᠨ ᠲᠡᠷᠡ ᠪᠠᠷ  ᠠᠷᠪᠠᠨ ᠵᠢᠯ ᠤᠨ ᠡᠮᠦᠨ᠎ᠡ᠂ ᠬᠦᠦ ᠨᠢ ᠯᠢᠶᠡᠩᠴᠧᠩ ᠰᠢᠶᠠᠨ ᠳᠤ ᠠᠵᠢᠯ ᠠᠯᠪᠠ ᠎ ᠲᠠᠢ ᠪᠤᠯᠬᠤ ᠶᠢ ᠳᠠᠭᠠᠯᠳᠤᠨ ᠲᠠᠭ᠎ᠠ ᠶᠢᠨ ᠨᠠᠭᠤᠷ ᠤᠨ ᠵᠠᠬ᠎ᠠ ᠳᠤ ᠢᠷᠡᠵᠤ ᠤᠰᠤ ᠣᠩᠭᠤᠴᠠ ᠲᠠᠢ ᠨᠥᠬᠦᠷᠯᠡᠨ᠂ ᠮᠠᠯᠴᠢᠨ ᠠᠴᠠ ᠪᠠᠨ ᠵᠢᠭᠠᠰᠤᠴᠢᠨ ᠪᠣᠯᠤᠭᠰᠠᠨ ᠨᠢ ᠡᠨᠡ ᠪᠠᠶᠢᠵᠠᠢ᠃- ᠠᠩᠬ᠎ᠠ ᠡᠬᠢᠯᠡᠭᠡᠳ ᠬᠥᠮᠥᠨ ᠤ ᠣᠩᠭᠤᠴᠠ ᠶᠢ ᠲᠦᠷᠢᠶᠡᠰᠦᠯᠡᠭᠡᠳ ᠬᠡᠷᠡᠭᠯᠡᠵᠦ ᠪᠠᠶᠢᠭᠰᠠᠨ᠂ ᠰᠡᠭᠦᠯᠡᠷ ᠨᠢ ᠤᠷᠤᠯᠭ᠎ᠠ ᠵᠦᠭᠡᠷ ᠪᠣᠯᠬᠤᠷ ᠦᠪᠡᠰᠦᠪᠡᠨ 80 ᠲᠦᠮᠡ ᠵᠠᠷᠤᠴᠠᠭᠤᠯᠵᠤ ᠨᠢᠭᠡ ᠲᠣᠮᠣ ᠣᠩᠭᠤᠴᠠ ᠬᠤᠳᠠᠯᠳᠤᠭᠠᠳ ᠠᠪᠤᠴᠢᠬᠠᠬᠰᠠᠨ᠂ ᠤᠳᠤ ᠣᠷᠣᠭᠤᠯᠤᠭᠰᠠᠨ ᠪᠡᠯᠡ ᠮᠥᠩᠭᠦ ᠪᠠ ᠪᠠᠷᠤᠭ ᠲᠥᠯᠥᠪ ᠣᠯᠴᠢᠬᠠᠭᠰᠠᠨ᠃ ᠡᠨᠡ ᠬᠤᠶᠠᠷ ᠵᠢᠯ ᠬᠢᠵᠢᠭ ᠡᠪᠡᠳᠴᠢᠨ ᠳᠡᠯᠭᠡᠷᠡᠭᠰᠡᠨ ᠠᠴᠠ ᠤᠷᠤᠯᠭ᠎ᠠ ᠪᠠᠭ᠎ᠠ ᠠᠠᠨᠠᠢ᠂ ᠲᠠᠭ᠎ᠠ ᠶᠢᠨ ᠨᠠᠭᠤᠷ ᠲᠤ ᠢᠷᠡᠵᠤ ᠨᠠᠭᠠᠳᠬᠤ ᠬᠥᠮᠥᠰ ᠴᠤ ᠲᠤᠩ ᠪᠠᠭᠠᠰᠴᠠᠢ᠂ ᠦᠭᠡᠢ ᠪᠣᠯ ᠤᠤᠯ ᠎ ᠨᠢ 5 ᠰᠠᠷ᠎ᠠ ᠠᠴᠠ ᠡᠬᠢᠯᠡᠭᠡᠳ 10 ᠰᠠᠷ᠎ᠠ ᠭᠦᠷᠳᠡᠯ᠎ᠡ ᠵᠢᠭᠤᠯᠴᠢᠯᠠᠬᠰᠠᠳ ᠳᠦᠭᠦᠷᠦᠭᠡᠳ ᠶᠣᠰᠣᠲᠠᠢ ᠬᠥᠭᠵᠢᠶᠡᠨᠲᠡᠢ ᠪᠠᠶᠢᠳᠠᠭ ᠰᠢᠤ᠃ ᠣᠶᠢᠷ᠎ᠠ ᠶᠢᠨ ᠵᠢᠯ ᠲᠠᠭ᠎ᠠ ᠶᠢᠨ ᠨᠠᠭᠤᠷ ᠤᠨ ᠠᠮᠢ ᠠᠬᠤᠢ ᠶᠢ ᠲᠦᠷᠦ ᠵᠠᠰᠠᠭ ᠠᠴᠠ ᠮᠠᠰᠢ ᠴᠢᠬᠤᠯᠠᠴᠢᠯᠠᠨ ᠦᠵᠡᠵᠦ ᠪᠠᠶᠢᠬᠤ ᠪᠣᠯᠬᠤᠷ ᠨᠠᠳᠠᠳᠤ ᠪᠠᠰᠠ ᠨᠢᠭᠡᠨ ᠰᠢᠨ᠎ᠡ ᠡᠭᠦᠷᠭᠡ ᠲᠠᠢ ᠪᠣᠯᠤᠭᠰᠠᠨ᠂ ᠳᠠᠷᠤᠢ ᠡᠳᠦᠷᠵᠢᠨ ᠣᠩᠭᠤᠴᠠ ᠪᠠᠨ ᠪᠠᠷᠢᠵᠤ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠪᠠᠷ ᠢᠷᠡᠭᠰᠡᠨ ᠮᠡᠷᠭᠡᠵᠢᠯᠲᠡᠳ ᠢ ᠳᠠᠭᠠᠭᠤᠯᠤᠨ ᠨᠠᠭᠤᠷ ᠲᠤ ᠭᠠᠷᠴᠤ ᠤᠰᠤᠨ ᠤ ᠬᠡᠪ ᠵᠠᠭᠪᠤᠷ ᠠᠪᠬᠤ ᠪᠣᠯᠣᠨ᠎ᠠ ᠭᠡᠵᠦ ᠣᠨᠢᠰᠤᠲᠠᠢ ᠬᠡᠯᠡᠨ᠎ᠡ᠃    ᠲᠡᠦᠬᠡ ᠶᠢ ᠠᠷᠠᠳ ᠲᠦᠮᠡᠨ ᠪᠦᠲᠦᠭᠡᠭᠰᠡᠨ ᠭᠡᠳᠡᠭ᠃ ᠲᠡᠦᠬᠡ᠂ ᠰᠣᠶᠣᠯ ᠡᠳᠡᠭᠡᠷ ᠣᠨ ᠴᠠᠭ ᠤᠨ ᠤᠷᠳᠤ ᠳᠤ ᠪᠦᠷᠢᠯᠳᠦᠭᠰᠡᠨ ᠪᠣᠳᠠᠲᠠᠢ  ᠨᠡᠷᠡᠰ ᠤᠳ ᠪᠣᠯ ᠪᠦᠷ ᠨᠢᠭᠡ ᠨᠢᠭᠡ ᠡᠭᠡᠯ ᠵᠢᠷ ᠤᠨ ᠬᠥᠮᠥᠰ ᠤᠨ ᠠᠳᠠᠯ ᠠᠮᠢᠳᠤᠷᠠᠯ ᠢᠶᠠᠨ ᠠᠬᠤᠶᠢᠯᠠᠵᠤ᠂ ᠨᠠᠭᠠᠰᠢ ᠴᠠᠭᠠᠰᠢ ᠨᠡᠭᠦᠳᠡᠯᠯᠡᠨ ᠰᠢᠯᠵᠢᠭᠦ ᠠᠶᠠᠨᠳᠠᠭᠠᠨ ᠤ ᠶᠠᠪᠤᠴᠠ ᠳᠤ ᠠᠭᠤᠰᠤᠯᠴᠠᠨ ᠬᠥᠭᠵᠢᠭᠰᠡᠭᠡᠷ ᠢᠷᠡᠭᠰᠡᠨ ᠵᠦᠢᠯ ᠪᠤᠯᠬᠤ ᠶᠤᠮ᠃   ᠯᠢᠶᠡᠩᠴᠧᠩ ᠰᠢᠶᠠᠨ ᠨᠢ ᠬᠤᠸᠠᠪᠧᠢ ᠶᠢᠨ ᠲᠡᠨᠵᠢ ᠭᠠᠵᠠᠷ ᠤᠨ ᠬᠤᠶᠢᠲᠤ ᠵᠠᠬ᠎ᠠ ᠳᠤ ᠪᠠᠶᠢᠷᠢᠯᠠᠵᠤ᠂ ᠬᠤᠶᠢᠭᠤᠷ ᠢᠶᠠᠨ ᠮᠤᠨᠢ ᠠᠭᠤᠯᠠ ᠶᠢ ᠲᠦᠰᠢᠨ᠂ ᠡᠩᠭᠡᠷ ᠎ ᠲᠤᠨᠢ ᠬᠡᠪᠲᠡᠭᠡ ᠲᠠᠭ᠎ᠠ ᠶᠢᠨ ᠨᠠᠭᠤᠷ ᠤᠨ ᠰᠠᠪᠠ ᠭᠠᠵᠠᠷ ᠨᠢ ᠡᠷᠲᠡᠨ ᠠᠴᠠ ᠠᠪᠤᠭᠠᠳ ᠲᠠᠷᠢᠶᠠᠯᠠᠬᠤ ᠰᠣᠶᠣᠯ  ᠪᠣᠯᠣᠨ ᠨᠡᠭᠦᠳᠡᠯ ᠰᠣᠶᠣᠯ ᠤᠨ ᠠᠭᠤᠯᠵᠠᠷ ᠣᠷᠣᠨ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠠᠭᠤᠰᠤᠯᠴᠠᠯ ᠪᠦᠷᠢᠯᠳᠦᠯ ᠤᠨ ᠴᠢᠬᠤᠯᠠ ᠡᠬᠢ ᠡᠭᠦᠰᠪᠦᠷᠢ ᠶᠢᠨ ᠨᠢᠭᠡ ᠪᠣᠯᠵᠠᠢ᠃- ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠪᠠᠶᠢᠭᠠᠯᠢ ᠶᠢᠨ ᠨᠥᠬᠦᠴᠡᠯ ᠲᠠᠷᠢᠶᠠᠯᠠᠩ ᠦᠢᠯᠡᠳᠪᠦᠷᠢᠯᠡᠯ ᠎ ᠳᠤ ᠮᠠᠰᠢ ᠲᠣᠬᠢᠷᠠᠵᠤ  ᠳᠤᠮᠳᠠᠳᠤ ᠶᠢᠨ  ᠦᠨᠳᠦᠰᠦᠲᠡᠨ ᠎ ᠤ ᠡᠭᠦᠰᠦᠯ ᠤᠨ ᠭᠠᠵᠠᠷ ᠪᠤᠯᠬᠤ ᠵᠦᠩᠶᠤᠸᠠᠨ ᠣᠷᠣᠨ ᠳᠤ᠂ ᠲᠠᠷᠢᠶᠠᠯᠠᠩ ᠤᠨ ᠪᠣᠯᠪᠠᠰᠤᠨ ᠡᠬᠢᠯᠡᠵᠦ ᠪᠤᠢ ᠪᠣᠯᠤᠭᠰᠠᠨ ᠲᠡᠷᠡ ᠦᠶ᠎ᠡ ᠠᠴᠠ ᠲᠠᠭ᠎ᠠ ᠶᠢᠨ ᠨᠠᠭᠤᠷ ᠤᠨ ᠤᠶᠢᠷᠠᠯᠴᠠᠭ᠎ᠠ ᠲᠠᠷᠢᠶᠠᠯᠠᠬᠤ ᠰᠣᠶᠣᠯ ᠲᠠᠢ ᠠᠶᠢᠮᠠᠭ ᠤᠭᠰᠠᠭ᠎ᠠ ᠠᠵᠤ ᠲᠦᠷᠦᠨ ᠠᠮᠢᠳᠤᠷᠠᠵᠤ ᠪᠠᠶᠢᠭᠰᠠᠨ ᠢ ᠬᠠᠭᠤᠴᠢ ᠰᠤᠳᠤᠯᠤᠭᠠᠴᠢᠳ ᠭᠡᠷᠡᠴᠢᠯᠡᠭᠰᠡᠨ ᠪᠠᠶᠢᠨ᠎ᠠ ᠭᠡᠵᠦ ᠯᠢᠶᠡᠩᠴᠧᠩ ᠰᠢᠶᠠᠨ ᠤ ᠬᠠᠭᠤᠴᠢ ᠪᠣᠳᠠᠰ ᠎ ᠢ ᠬᠠᠮᠠᠭᠠᠯᠠᠬᠤ ᠲᠥᠪ ᠤᠨ ᠡᠷᠭᠢᠯᠡᠭᠴᠢ ᠹᠠᠩ ᠬᠤᠩ ᠮᠢᠩ ᠶᠠᠷᠢᠯ᠎ᠠ᠃ᠳᠠᠭ᠎ᠠ ᠶᠢᠨ ᠨᠠᠭᠤᠷ ᠤᠨ ᠣᠶᠢᠷᠠᠯᠴᠠᠭᠠᠬᠢ  578 ᠡᠷᠲᠡᠨ ᠤ ᠪᠠᠭᠤᠷᠢ ᠠᠴᠠ ᠳᠤᠮᠳᠠᠳᠤ ᠶᠢᠨ ᠦᠨᠳᠦᠰᠦᠲᠡᠨ ᠤ ᠣᠷᠣᠰᠢᠨ ᠠᠮᠢᠳᠤᠷᠠᠵᠤ ᠪᠠᠶᠢᠭᠰᠠᠨ ᠤᠯᠠ ᠮᠥᠷ ᠬᠠᠷᠠᠭᠳᠠᠨ᠎ᠠ᠃ᠵᠢᠰᠢᠶᠠᠯᠠᠪᠠᠯ᠄ ᠪᠠᠷᠰ ᠠᠭᠤᠯᠠ ᠶᠢᠨ ᠰᠣᠶᠣᠯ᠂ᠶᠠᠩ ᠱᠤᠤ ᠶᠢᠨ ᠰᠣᠶᠣᠯ᠂ ᠰᠢᠶᠠ ᠤᠯᠤᠰ ᠤᠨ ᠳᠤᠮᠳᠠᠴᠢ ᠰᠡᠭᠦᠯᠴᠢ ᠶᠢᠨ ᠦᠶ᠎ᠡ ᠶᠢᠨ ᠦᠯᠡᠳᠡᠭᠳᠡᠯ ᠁ᠬᠡᠳᠦᠨ ᠮᠢᠩᠭᠠᠨ ᠵᠢᠯ ᠤᠨ ᠲᠤᠷᠰᠢ᠂ ᠤᠮᠠᠷᠠᠲᠤ ᠶᠢᠨ ᠤᠯᠠᠨ ᠦᠨᠳᠦᠰᠦᠲᠡᠨ ᠨᠦᠭᠦᠳ ᠯᠢᠶᠡᠩᠴᠧᠩ ᠤᠨ ᠣᠶᠢᠷ᠎ᠠ ᠬᠠᠪᠢ ᠳᠤ ᠠᠵᠤ ᠲᠦᠷᠦᠨ ᠠᠮᠢᠳᠤᠷᠠᠵᠤ᠂ ᠢᠳᠡᠭᠡᠨ ᠤᠮᠳᠠᠭᠠᠨ᠂ ᠡᠮᠦᠰᠬᠡᠯ ᠵᠠᠰᠠᠯ᠂ ᠠᠵᠢᠯ ᠠᠯᠪᠠ᠂ ᠠᠵᠤ ᠠᠬᠤᠢ᠂ ᠰᠣᠶᠣᠯ ᠢᠷᠭᠡᠨᠰᠢᠯ ᠁ ᠤᠯᠠᠨ ᠲᠠᠯ᠎ᠠ ᠪᠠᠷ ᠠᠭᠤᠰᠤᠯᠴᠠᠨ ᠬᠥᠭᠵᠢᠭᠰᠡᠭᠡᠷ ᠲᠤᠮᠳᠠᠳᠤ ᠎ ᠶᠢᠨ ᠦᠨᠳᠦᠰᠦᠲᠡᠨ ᠤ ᠲᠣᠮᠣ ᠭᠡᠷ ᠪᠦᠯᠢ ᠶᠢᠨ ᠴᠢᠬᠤᠯᠠ ᠨᠢᠭᠡᠨ ᠲᠡᠦᠬᠡᠨ ᠬᠠᠭᠤᠳᠠᠰᠤ ᠶᠢ ᠪᠢᠴᠢᠭᠯᠡᠵᠦ᠂ ᠡᠷᠭᠢᠨ ᠣᠷᠴᠢᠬᠤ ᠲᠡᠦᠬᠡ ᠶᠢᠨ ᠨᠤᠬᠤᠴᠠᠭᠠᠨ ᠳᠤ ᠵᠤᠤ ᠤᠯᠤᠰ︵ᠪᠠᠶᠢᠯᠳᠤᠭᠠᠨᠲᠤ ᠤᠯᠤᠰ︶᠂ ᠲᠣᠪᠠ ᠰᠢᠶᠡᠨᠪᠧᠢ ᠭᠡᠬᠦ ᠮᠡᠲᠦᠴᠢᠯᠡᠨ ᠡᠷᠴᠢ ᠬᠦᠴᠦ ᠶᠢ ᠬᠥᠪᠴᠢᠯᠡᠭᠰᠡᠨ᠂ ᠡᠯᠢᠭᠡ ᠵᠢᠷᠦᠬᠡ ᠶᠢ ᠤᠶᠠᠷᠠᠭᠤᠯᠤᠭᠰᠠᠨ ᠤᠯᠠᠨ ᠰᠠᠶᠢᠬᠠᠨ ᠦᠯᠢᠭᠡᠷ ᠲᠡᠦᠬᠡ ᠶᠢ ᠪᠦᠲᠦᠭᠡᠭᠰᠡᠭᠡᠷ ᠢᠷᠡᠭᠰᠡᠨ ᠨᠢ ᠲᠠᠭ᠎ᠠ ᠶᠢᠨ ᠨᠠᠭᠤᠷ  ᠎ ᠠᠴᠠ ᠰᠠᠯᠵᠤ ᠴᠢᠳᠠᠰᠢ ᠦᠭᠡᠢ ᠶᠤᠮ᠃ ᠡᠯᠪᠡᠭ ᠪᠠᠶᠠᠯᠢᠭ ᠠᠭᠤᠯᠤᠭᠳᠠᠴᠠ ᠪᠠᠨ ᠤᠨᠳᠤᠷᠤᠭᠤᠯᠤᠭ᠎ᠠ - ᠲᠠᠭ᠎ᠠ ᠶᠢᠨ ᠨᠠᠭᠤᠷ    ᠳᠠᠭ᠎ᠠ ᠶᠢᠨ ᠨᠠᠭᠤᠷ ᠤᠨ ᠨᠡᠷᠡᠶᠢᠳᠦᠯ ᠤᠨ ᠲᠤᠬᠠᠢ ᠲᠡᠮᠳᠡᠭᠯᠡᠯ ᠠᠯᠢ ᠡᠷᠲᠡ ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠠᠴᠠ ᠤᠯᠠ ᠮᠥᠷ ᠲᠠᠢ ᠪᠠᠶᠢᠵᠤ᠂  ︽ᠪᠣᠭᠤᠮᠲᠠ ᠶᠢᠨ ᠭᠠᠳᠠᠨᠠᠬᠢ ᠪᠣᠭᠳᠠ ᠨᠠᠭᠤᠷ︾ ᠬᠡᠮᠡᠨ ᠨᠡᠷᠡᠯᠡᠳᠡᠭ ᠪᠠᠶᠢᠭᠰᠠᠨ ᠢᠶᠠᠨ ᠣᠯᠠᠨ ᠲᠦᠷᠦ ᠶᠢᠨ ᠣᠷᠴᠢᠯ ᠳᠤ ᠥᠭᠡᠷᠡᠴᠢᠯᠡᠭᠳᠡᠨ ᠨᠡᠷᠡᠶᠢᠳᠦᠭᠳᠡᠭᠰᠡᠭᠡᠷ ᠴᠢᠩ   ᠭᠦᠷᠦᠨ ᠎ ᠤ   ᠪᠠᠳᠠᠷᠠᠭᠤᠯᠲᠤ   ᠲᠥᠷᠥ  ᠶᠢᠨ  ᠡᠬᠢᠨ ᠤ ᠦᠶ᠎ᠡ ᠠᠴᠠ ᠰᠠᠶ᠋ᠢ  ︽ᠳᠠᠭ᠎ᠠ ᠶᠢᠨ ᠨᠠᠭᠤᠷ︾ ᠭᠡᠵᠦ ᠨᠡᠷᠡᠯᠡᠭᠳᠡᠬᠦ ᠪᠣᠯᠵᠠᠢ ᠃   ᠳᠠᠭ᠎ᠠ ᠶᠢᠨ ᠨᠠᠭᠤᠷ ᠤᠨ ᠰᠠᠪᠠ ᠭᠠᠵᠠᠷ ᠨᠢ ᠠᠽᠢᠶ᠎ᠠ ᠲᠢᠪ ᠤᠨ ᠤᠮᠠᠷᠠᠲᠤ ᠬᠠᠭᠠᠰ ᠪᠥᠮᠪᠥᠷᠴᠡᠭ ᠤᠨ ᠡᠮᠦᠨᠡᠲᠦ ᠤᠮᠠᠷᠠᠲᠤ ᠶᠢᠨ ᠠᠮᠢ ᠠᠬᠤᠢ ᠶᠢᠨ ᠬᠤᠩᠭᠢᠯ ᠤᠨ ᠵᠠᠩᠭᠢᠯᠠᠭ᠎ᠠ ᠶᠢᠨ ᠴᠡᠭ᠂ ᠮᠥᠨ ᠴᠤ ᠪᠡᠭᠡᠵᠢᠩ ᠲᠢᠶᠠᠨᠵᠢᠨ ᠢ ᠲᠣᠭᠤᠷᠢᠭᠰᠠᠨ ᠴᠢᠬᠤᠯᠠ ᠪᠠᠷᠠᠭᠤᠨ ᠬᠡᠰᠡᠭ ᠤᠨ ᠬᠠᠯᠬᠠᠪᠴᠢ ᠪᠠᠶᠢᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠴᠢᠳᠠᠮᠵᠢ ᠲᠠᠢ ᠪᠠᠶᠢᠳᠠᠭ᠃ᠲᠠᠭ᠎ᠠ ᠶᠢᠨ ᠨᠠᠭᠤᠷ ᠤᠨ ᠲᠠᠯᠠᠪᠠᠢ 160 ᠲᠡᠭᠰᠢ ᠳᠥᠷᠪᠡᠯᠵᠢᠨ ᠺᠢᠯᠣᠮᠧᠲᠷ᠂ ᠲᠦᠷᠪᠡᠨ ᠵᠦᠭ ᠲᠤ ᠲᠠᠩ ᠭᠠᠵᠠᠷ ᠨᠠᠯᠠᠶᠢᠨ᠂ ᠤᠢ ᠮᠣᠳᠣ ᠢᠭᠴᠤ ᠰᠠᠬᠤᠯᠢᠭ ᠪᠠᠶᠢᠳᠠᠭ ᠢᠶᠠᠷ ᠡᠲᠡᠭᠡᠳ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠶᠢ  ᠪᠦᠷᠢᠯᠳᠦᠭᠦᠯᠵᠡᠢ᠃ ᠲᠠᠭ᠎ᠠ ᠶᠢᠨ ᠨᠠᠭᠤᠷ ᠤᠨ ᠤᠰᠤᠨ ᠤ ᠭᠠᠷᠤᠯᠲᠠ ᠡᠯᠪᠡᠭ ᠪᠠᠶᠠᠯᠢᠭ᠂ ᠭᠤᠴᠢ ᠰᠢᠬᠠᠮ ᠲᠦᠷᠦᠯ ᠤᠨ ᠵᠢᠭᠠᠰᠤ᠂ 52 ᠲᠦᠷᠦᠯ ᠤᠨ ᠵᠠᠮᠠᠭ ᠤᠷᠭᠤᠮᠠᠯ᠂ 188 ᠲᠦᠷᠦᠯ ᠤᠨ ᠡᠪᠡᠰᠦ᠂ 150 ᠭᠠᠷᠤᠢ ᠲᠦᠷᠦᠯ ᠤᠨ ᠡᠮᠲᠦ ᠤᠷᠭᠤᠮᠠᠯ ᠠᠭᠤᠯᠤᠭᠳᠠᠵᠤ ᠪᠠᠶᠢᠳᠠᠭ᠃   ᠠᠯᠢ ᠡᠷᠲᠡ ᠵᠢᠷᠭᠤᠳᠤᠭᠠᠷ ᠵᠠᠭᠤᠨ ᠤ ᠡᠬᠢ ᠪᠠᠷ᠂ ᠮᠠᠨ ᠤ ᠤᠯᠤᠰ ᠤᠨ ᠡᠷᠲᠡᠨ ᠤ ᠠᠯᠳᠠᠷᠲᠤ ᠭᠠᠵᠠᠷ ᠵᠦᠢ ᠶᠢᠨ ᠤᠬᠠᠭᠠᠨᠲᠠᠨ ᠯᠢ ᠳ᠋ᠣᠣ ᠶᠤᠸᠠᠨ ᠲᠠᠭ᠎ᠠ ᠶᠢᠨ ᠨᠠᠭᠤᠷ ᠲᠤ ᠢᠷᠡᠭᠡᠳ ᠠᠳᠡᠬᠢ ᠦᠵᠡᠮᠵᠢ ᠳᠤ ᠰᠣᠭᠲᠣᠭᠤᠷᠠᠵᠤ᠂  ᠥᠪᠡᠷ ᠤᠨ ᠪᠦᠲᠦᠭᠡᠯ    ︽ᠪᠣᠯᠣᠷ ᠡᠷᠢᠭᠡ︾ ᠎ ᠳᠡᠭᠡᠨ ︽ᠨᠠᠭᠤᠷ ᠤᠨ ᠭᠠᠳᠠᠷᠭᠤ ᠨᠢ ᠲᠤᠩᠭᠠᠯᠠᠭ ᠳᠥᠯᠭᠡᠬᠡᠨ᠂ ᠤᠰᠤ ᠨᠢ ᠭᠦᠨ ᠪᠤᠯᠪᠠᠴᠤ ᠤᠷᠤᠰᠬᠠᠯ ᠲᠣᠭᠲᠠᠭᠤᠨ᠂ ᠦᠵᠡᠭᠰᠡᠨ ᠪᠦᠭᠦᠨ ᠤ ᠰᠡᠳᠬᠢᠯ ᠢ ᠰᠡᠷᠭᠦᠭᠡᠵᠦ᠂ ᠠᠬᠢᠨ ᠲᠠᠭᠢᠨ ᠪᠠᠷᠠᠯᠠᠶ᠎ᠠ ᠭᠡᠵᠦ ᠰᠠᠨᠠᠭᠳᠠᠭᠤᠯᠤᠨ᠎ᠠ︾ ᠭᠡᠵᠦ ᠪᠢᠴᠢᠭᠰᠡᠨ ᠪᠠᠶᠢᠳᠠᠭ᠃ᠳᠠᠭ᠎ᠠ ᠶᠢᠨ ᠨᠠᠭᠤᠷ ᠢ ᠪᠠᠰᠠ ︽ᠪᠣᠭᠤᠮᠲᠠ ᠶᠢᠨ ᠭᠠᠳᠠᠨᠠᠬᠢ ᠵᠢᠭᠠᠰᠤ ᠠᠮᠤ ᠶᠢᠨ ᠨᠤᠲᠤᠭ︾ ᠬᠡᠮᠡᠳᠡᠭ ᠃ ᠳᠠᠭ᠎ᠠ ᠶᠢᠨ ᠨᠠᠭᠤᠷ ᠨᠢ ᠡᠷᠲᠡᠨ ᠠᠴᠠ ᠠᠪᠤᠭᠠᠳ ᠤᠮᠠᠷᠠᠲᠤ ᠶᠢᠨ ᠥᠨᠳᠦᠷᠯᠢᠭ ᠲᠠᠬᠢ ᠴᠢᠬᠤᠯᠠ ᠠᠮᠤ ᠪᠤᠳᠠᠭᠠᠨ ᠤ ᠭᠠᠷᠤᠯᠲᠠ ᠶᠢᠨ ᠣᠷᠣᠨ ᠪᠠᠶᠢᠵᠤ᠂ ᠬᠠᠨ ᠤᠯᠤᠰ ᠤᠨ ᠦᠶ᠎ᠡ ᠳᠤ ᠨᠡᠯᠢᠶᠡᠳ ᠬᠡᠪᠴᠢᠶ᠎ᠡ ᠲᠠᠢ ᠲᠠᠷᠢᠶᠠᠯᠠᠩ ᠤᠨ ᠦᠢᠯᠡᠳᠪᠦᠷᠢᠯᠡᠯ ᠢ ᠡᠷᠭᠢᠯᠡᠵᠤ᠂ ᠤᠮᠠᠷᠠᠲᠤ ᠸᠧᠢ ᠤᠯᠤᠰ ᠤᠨ ᠦᠶ᠎ᠡ ᠪᠤᠯᠬᠤ ᠳᠤ   ︽ᠨᠡᠶᠢᠰᠯᠡᠯ ᠤᠨ ᠲᠠᠷᠢᠶ᠎ᠠ︾ ᠬᠡᠮᠡᠭᠳᠡᠵᠦ᠂ ᠯᠢᠶᠣᠤ ᠤᠯᠤᠰ᠂ ᠠᠯᠲᠠᠨ ᠤᠯᠤᠰ ᠤᠨ ᠦᠶ᠎ᠡ ᠳᠤ ᠨᠠᠷᠢᠮᠤ᠂ ᠪᠤᠭᠤᠳᠠᠢ᠂ ᠰᠢᠰᠢ᠂ ᠰᠠᠭᠠᠭ ᠵᠡᠷᠭᠡ ᠶᠢ ᠡᠬᠢᠯᠡᠨ ᠲᠠᠷᠢᠵᠤ ᠡᠨᠡ ᠨᠢ ᠤᠳᠤ ᠪᠤᠯᠳᠠᠯ᠎ᠠ ᠦᠷᠭᠦᠯᠵᠢᠯᠡᠭᠰᠡᠭᠡᠷ  ᠁   ᠮᠢᠩ ᠤᠯᠤᠰ ᠤᠨ ᠰᠡᠭᠦᠯᠴᠢ ᠠᠴᠠ ᠤᠯᠤᠰ ᠪᠠᠶᠢᠭᠤᠯᠤᠭᠳᠠᠬᠤ ᠶᠢᠨ ᠡᠬᠢᠨ ᠪᠤᠯᠳᠠᠯ᠎ᠠ᠂ ᠤᠷᠲᠤ ᠴᠠᠭᠠᠨ ᠬᠡᠷᠡᠮ ᠤᠨ ᠡᠮᠦᠨᠡᠬᠢ ᠢᠷᠭᠡᠳ ᠲᠠᠰᠤᠷᠠᠯ ᠦᠭᠡᠢ ᠤᠮᠠᠷᠠᠰᠢ ᠨᠡᠭᠦᠳᠡᠯᠯᠡᠬᠦ ᠶᠢ ᠳᠠᠭᠠᠯᠳᠤᠨ  ᠲᠡᠷᠢᠭᠦᠨ ᠤ ᠲᠠᠷᠢᠶᠠᠯᠠᠬᠤ ᠮᠡᠷᠭᠡᠵᠢᠯ ᠴᠤ ᠴᠠᠭᠠᠨ ᠬᠡᠷᠡᠮ ᠤᠨ ᠤᠮᠠᠷᠠᠲᠤ ᠳᠤ ᠳᠠᠮᠵᠢᠭᠳᠠᠨ ᠢᠷᠡᠵᠤ᠂ ᠳᠠᠭ᠎ᠠ ᠶᠢᠨ ᠨᠠᠭᠤᠷ ᠨᠢ ᠨᠢᠭᠡ ᠦᠶ᠎ᠡ ᠠᠯᠲᠠᠨ ᠲᠠᠷᠢᠶ᠎ᠠ ᠬᠠᠯᠢᠭᠤᠷᠠᠭᠰᠠᠨ ᠲᠠᠷᠢᠶᠠᠯᠠᠩ ᠤᠨ ᠭᠠᠷᠤᠯᠲᠠ ᠶᠢᠨ ᠣᠷᠣᠨ ᠪᠣᠯᠵᠠᠢ᠃ ᠴᠢᠯᠦᠭᠡᠯᠡᠭᠳᠡᠭᠰᠡᠨ ᠤ ᠲᠠᠷᠠᠭ᠎ᠠ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠲᠠᠷ ᠭᠠᠵᠠᠷ ᠢ ᠵᠠᠰᠠᠨ ᠪᠠᠰᠠ ᠬᠠᠭᠠᠯᠪᠤᠷᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠦᠨ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ ᠡᠷᠳᠡᠨᠢ ᠰᠢᠰᠢ᠂ ᠲᠥᠮᠥᠰᠥ ᠵᠡᠷᠭᠡ ᠶᠢ ᠶᠡᠭᠡ ᠬᠡᠮᠵᠢᠶ᠎ᠡ ᠪᠠᠷ ᠳᠠᠷᠢᠭᠰᠠᠨ ᠢᠶᠠᠷ ᠯᠢᠶᠡᠩᠴᠧᠩ ᠰᠢᠶᠠᠨ ᠨᠢ ᠪᠦᠭᠦ ᠤᠯᠤᠰ ᠤᠨ ᠵᠠᠭᠤᠨ ᠲᠣᠮᠣ ᠠᠮᠤ ᠪᠤᠳᠠᠭᠠᠨ ᠤ ᠭᠠᠷᠤᠯᠲᠠ ᠶᠢᠨ ᠰᠢᠶᠠᠨ ᠤ ᠡᠩᠨᠡᠭᠡᠨ ᠳᠤ ᠣᠷᠣᠵᠠᠢ᠃ᠥᠨᠥᠳᠥᠷ ᠤᠨ ᠲᠠᠭ᠎ᠠ ᠶᠢᠨ ᠨᠠᠭᠤᠷ ᠢ ᠲᠤᠬᠠᠢ ᠶᠢᠨ ᠵᠢᠯ ᠤᠨ ᠯᠢ ᠳ᠋ᠣᠣ ᠶᠤᠸᠠᠨ ᠤ ᠣᠯᠵᠤ ᠬᠠᠷᠠᠭᠰᠠᠨ ᠲᠠᠭ᠎ᠠ ᠶᠢᠨ ᠨᠠᠭᠤᠷ ᠲᠠᠢ ᠬᠠᠷᠢᠴᠠᠭᠤᠯᠪᠠᠯ ᠥᠩᠭᠡ ᠦᠵᠡᠮᠵᠢ᠂ ᠠᠮᠢ ᠠᠬᠤᠢ ᠡᠯ᠎ᠡ ᠲᠠᠯ᠎ᠠ ᠪᠠᠷ ᠶᠠᠭᠠᠬᠢᠬᠤ ᠶᠢᠨ ᠠᠷᠭ᠎ᠠ ᠦᠭᠡᠢ ᠬᠤᠪᠢᠷᠠᠯᠲᠠ ᠭᠠᠷᠤᠭᠰᠠᠨ ᠨᠢ ᠦᠨᠡᠨ ᠃ ᠠᠭᠤᠷ ᠠᠮᠢᠰᠬᠤᠯ ᠵᠢᠴᠢ ᠬᠥᠮᠥᠨ ᠤ ᠨᠥᠯᠥᠭᠡ ᠠᠴᠠ ᠪᠣᠯᠵᠤ᠂ ᠨᠠᠭᠤᠷ ᠤᠨ ᠣᠶᠢᠷ᠎ᠠ ᠣᠷᠴᠢᠮ ᠤᠨ ᠠᠮᠢ ᠠᠬᠤᠢ ᠶᠢᠨ ᠰᠢᠰᠲ᠋ᠧᠮ ᠶᠡᠭᠡ ᠪᠠᠷ ᠡᠪᠳᠡᠭᠳᠡᠨ᠂ ᠬᠤᠵᠢᠷᠰᠢᠨ ᠲᠠᠳᠠᠷᠰᠢᠬᠤ ᠪᠠᠶᠢᠳᠠᠯ ᠬᠦᠨᠳᠦ ᠨᠣᠴᠢᠲᠠᠢ ᠪᠣᠯᠵᠤ ᠡᠬᠢᠯᠡᠪᠡ᠃ ᠡᠳᠡᠭᠡᠷ ᠨᠢ  ᠯᠢᠶᠡᠩᠴᠧᠩ ᠰᠢᠶᠠᠨ ᠤ ᠠᠮᠢ ᠠᠬᠤᠢ᠂ ᠠᠵᠤ ᠠᠬᠤᠢ᠂ ᠵᠢᠭᠤᠯᠴᠢᠯᠠᠯ ᠤᠨ ᠦᠢᠯᠡᠰ ᠵᠡᠷᠭᠡ ᠡᠯ᠎ᠡ ᠲᠠᠯ᠎ᠠ ᠶᠢᠨ ᠬᠥᠭᠵᠢᠯᠲᠡ ᠶᠢ ᠪᠦᠷ ᠶᠡᠬᠡᠬᠡᠨ ᠨᠥᠯᠥᠭᠡᠯᠡᠵᠦ ᠡᠬᠢᠯᠡᠭᠰᠡᠨ ᠶᠤᠮ᠃ᠶᠡᠭᠡ ᠭᠤᠣᠯ ᠤᠨ ᠤᠷᠤᠰᠬᠠᠯ ᠳᠤ ᠤᠮᠳᠠᠯᠠᠭᠳᠠᠭ᠎ᠠ - ᠲᠠᠭ᠎ᠠ ᠶᠢᠨ ᠨᠠᠭᠤᠷ   2018  ᠪᠠ  2019 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠤᠶᠠᠷ ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠣᠷᠤᠯᠴᠠᠬᠤ ᠳᠠᠭᠠᠨ ᠴᠥᠮ ᠲᠠᠭ᠎ᠠ ᠶᠢᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠥᠭᠴᠦ᠂ ᠠᠮᠢ ᠠᠬᠤᠢ ᠎ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠵᠠᠰᠠᠬᠤ ᠠᠵᠢᠯ ᠢ ᠨᠢᠭᠡᠳᠦᠯᠲᠡᠢ ᠲᠥᠰᠥᠪᠯᠡᠨ ᠲᠠᠭ᠎ᠠ ᠶᠢᠨ ᠨᠠᠭᠤᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂   ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠲᠠᠢ ᠠᠳᠬᠤᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠳᠠᠭ᠎ᠠ ᠶᠢᠨ ᠨᠠᠭᠤᠷ 20 ᠳ᠋ᠤᠭᠠᠷ ᠵᠠᠭᠤᠨ ᠳᠤ ᠨᠡᠶᠢᠳᠡ ᠲᠠᠪᠤ ᠤᠳᠠᠭᠠᠨ ᠤ ᠬᠤᠪᠢᠷᠠᠯᠲᠠ ᠶᠢ ᠲᠤᠭᠤᠯᠪᠠ᠃ ᠲᠤᠬᠠᠶᠢᠯᠠᠪᠠᠯ᠂ 20 ᠳ᠋ᠤᠭᠠᠷ ᠵᠠᠭᠤᠨ ᠤ ᠡᠬᠢ ᠪᠠᠷ ᠂ ᠳᠠᠭ᠎ᠠ ᠶᠢᠨ ᠨᠠᠭᠤᠷ ᠤᠨ ᠰᠠᠪᠠ ᠭᠠᠵᠠᠷ ᠲᠤ ᠬᠤᠷ᠎ᠠ ᠲᠤᠨᠳᠠᠰᠤ ᠡᠯᠪᠡᠭ᠂ ᠨᠠᠭᠤᠷ ᠤᠨ ᠲᠠᠯᠠᠪᠠᠶ 200 ᠲᠡᠭᠰᠢ ᠳᠥᠷᠪᠡᠯᠵᠢᠨ ᠺᠢᠯᠣᠮᠧᠲᠷ ᠪᠠᠶᠢᠪᠠ᠃ 1926 - 1929 ᠣᠨ ᠤ 4 ᠵᠢᠯ ᠳᠠᠷᠠᠭᠠᠯᠠᠭᠰᠠᠨ ᠶᠡᠭᠡ ᠭᠠᠩ ᠢ ᠥᠩᠭᠡᠷᠡᠭᠡᠳ ᠨᠠᠭᠤᠷ ᠤᠨ ᠭᠠᠳᠠᠷᠭᠤ ᠨᠢ 50 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠪᠠ;1930 -1959 ᠣᠨ ᠤ ᠬᠤᠭᠤᠷᠣᠨᠳᠤ᠂  ᠵᠠᠯᠭᠠᠭ᠎ᠠ ᠪᠠᠷ ᠣᠯᠠᠨᠲᠠ ᠦᠶᠡᠷᠯᠡᠭᠰᠡᠨ ᠢᠶᠠᠷ ᠤᠰᠤᠨ ᠲᠦᠪᠰᠢᠨ ᠮᠠᠰᠢ ᠲᠦᠷᠭᠡᠨ ᠳᠡᠭᠡᠭᠰᠢᠯᠡᠵᠦ᠂ ᠳᠡᠭᠡᠷ᠎ᠡ ᠵᠠᠭᠤᠨ ᠎ ᠤ ᠲᠠᠪᠢᠭᠠᠳ ᠣᠨ ᠪᠤᠯᠬᠤ ᠳᠤ ᠨᠠᠭᠤᠷ ᠤᠨ ᠲᠠᠯᠠᠪᠠᠢ 200 ᠲᠡᠭᠰᠢ ᠳᠥᠷᠪᠡᠯᠵᠢᠨ ᠺᠢᠯᠣᠮᠧᠲᠷ ᠪᠣᠯᠪᠠ ;1960 - 2004 ᠣᠨ ᠪᠤᠯᠳᠠᠯ᠎ᠠ᠂ ᠬᠡᠳᠦᠨ ᠤᠳᠠᠭᠠᠨ ᠤ ᠶᠡᠭᠡ ᠭᠠᠩ ᠢ ᠳᠠᠮᠵᠢᠭᠠᠳ 2004 ᠣᠨ ᠪᠤᠯᠬᠤ ᠳᠤ ᠨᠠᠭᠤᠷ ᠤᠨ ᠭᠠᠳᠠᠷᠭᠤ ᠪᠠᠭᠠᠰᠤᠭᠠᠳ 102 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠤᠯᠪᠠ;2005 - 2015 ᠣᠨ ᠪᠤᠯᠬᠤ ᠳᠤ᠂ ᠳᠤᠮᠳᠠᠴᠢ ᠪᠠᠷ ᠵᠢᠯ ᠪᠦᠷᠢ 2.6 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ 2015 ᠣᠨ ᠪᠤᠯᠬᠤ ᠳᠤ ᠨᠠᠭᠤᠷ ᠤᠨ ᠭᠠᠳᠠᠷᠭᠤ 56.8 ᠲᠡᠭᠰᠢ ᠳᠥᠷᠪᠡᠯᠵᠢᠨ ᠺᠢᠯᠣᠮᠧᠲᠷ ᠪᠣᠯᠵᠤ ᠪᠠᠭᠠᠰᠪᠠ ;2016 ᠣᠨ ᠳᠤ᠂ 0.45 ᠲᠡᠭᠰᠢ ᠳᠥᠷᠪᠡᠯᠵᠢᠨ ᠺᠢᠯᠣᠮᠧᠲᠷ ᠪᠠᠭᠠᠰᠴᠤ᠂ ᠨᠠᠭᠤᠷ ᠤᠨ ᠲᠠᠯᠠᠪᠠᠶ 56.35 ᠲᠡᠭᠰᠢ ᠳᠥᠷᠪᠡᠯᠵᠢᠨ ᠺᠢᠯᠣᠮᠧᠲᠷ ᠪᠣᠯᠪᠠ᠃    ᠳᠣᠯᠭᠢᠶᠠᠯᠠᠨ ᠤᠷᠤᠰᠬᠤ ᠬᠠᠳᠤᠨ ᠭᠤᠣᠯ ᠤᠨ ᠤᠰᠤ  ᠲᠠᠭ᠎ᠠ ᠶᠢᠨ ᠨᠠᠭᠤᠷ ᠲᠤ ᠳᠠᠪᠠᠯᠭᠠᠯᠠᠨ ᠣᠷᠣᠵᠤ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ ᠵᠢᠩᠬᠢᠨᠢ ᠪᠠᠷ ᠪᠦᠭᠦ ᠱᠤᠭᠤᠮ ᠢᠶᠠᠷ ᠤᠰᠤ ᠨᠡᠪᠳᠡᠷᠡᠵᠦ᠂ ᠲᠠᠭ᠎ᠠ ᠶᠢᠨ ᠨᠠᠭᠤᠷ ᠤᠨ ᠰᠠᠪᠠ ᠭᠠᠵᠠᠷ ᠎ ᠤᠨ ᠠᠮᠢ ᠠᠬᠤᠢ ᠶᠢᠨ ᠵᠠᠰᠠᠯᠲᠠ ᠶᠢᠨ ᠰᠢᠨ᠎ᠡ ᠬᠠᠭᠤᠳᠠᠰᠤ ᠶᠢ ᠰᠡᠬᠦᠪᠡ᠃- ᠣᠶᠢᠷ᠎ᠠ ᠶᠢᠨ ᠵᠢᠯ᠂ ᠠᠭᠤᠷ ᠠᠮᠢᠰᠬᠤᠯ ᠤᠨ ᠬᠤᠪᠢᠷᠠᠯᠲᠠ ᠪᠠ ᠬᠥᠮᠥᠨ ᠲᠥᠷᠥᠯᠬᠢᠲᠡᠨ ᠤ ᠠᠵᠢᠯᠯᠠᠭ᠎ᠠ ᠶᠢᠨ ᠨᠥᠯᠥᠭᠡ ᠵᠡᠷᠭᠡ ᠠᠴᠠ ᠪᠣᠯᠵᠤ᠂ ᠲᠠᠭ᠎ᠠ ᠶᠢᠨ ᠨᠠᠭᠤᠷ ᠎ ᠤᠨ ᠲᠠᠯᠠᠪᠠᠢ ᠪᠠᠭᠠᠰᠴᠤ  ᠬᠤᠵᠢᠷᠰᠢᠬᠤ ᠬᠡᠮᠵᠢᠶ᠎ᠡ ᠨᠢ ᠰᠢᠷᠦᠭᠦᠰᠴᠦ᠂ ᠤᠰᠤᠨ ᠤ ᠴᠢᠨᠠᠷ ᠨᠢ ᠮᠠᠭᠤᠳᠠᠵᠤ᠂ ᠤᠰᠤᠨ ᠤ ᠠᠮᠢ ᠠᠬᠤᠢ ᠶᠢᠨ ᠰᠢᠰᠲ᠋ᠧᠮ ᠬᠦᠨᠳᠦ ᠨᠣᠴᠢᠲᠠᠢ ᠡᠪᠳᠡᠭᠳᠡᠵᠦ᠂ ᠠᠮᠢ ᠠᠬᠤᠢ ᠮᠠᠭᠤᠳᠠᠬᠤ ᠠᠰᠠᠭᠤᠳᠠᠯ ᠬᠦᠨᠳᠦ ᠨᠣᠴᠢᠲᠠᠢ  ᠪᠠᠶᠢᠳᠠᠯ ᠎ ᠳᠤ  ᠣᠷᠣᠪᠠ᠃ ᠶᠡᠷᠦᠩᠬᠡᠢ  ᠱᠦᠵᠢ  ᠰᠢ  ᠎ ᠶᠢᠨ  ᠫᠢᠩ  ᠎ ᠤᠨ ︽ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ︾ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠭᠠᠨᠴᠠᠪ ᠬᠤᠳᠠ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ  ᠪᠠᠶᠢᠭᠤᠯᠵᠤ ︽  ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠬᠠᠮᠠᠭᠠᠯᠠᠬᠤ ᠲᠥᠯᠦᠪᠵᠢᠭᠦᠯᠭᠡ︾᠎ ᠶᠢ ᠵᠠᠰᠠᠨ ᠨᠠᠶᠢᠷᠠᠭᠤᠯᠵᠤ᠂ ᠨᠡᠶᠢᠳᠡ 24 ᠵᠠᠰᠠᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ ᠢ ᠬᠡᠷᠡᠭᠵᠢᠭᠦᠯᠦᠭᠰᠡᠨ ᠶᠤᠮ ᠭᠡᠵᠦ ᠯᠢᠶᠡᠩᠴᠧᠩ ᠰᠢᠶᠠᠨ ᠤ ᠳᠡᠳ᠋ ᠰᠢᠶᠠᠨ ᠤ ᠳᠠᠷᠤᠭ᠎ᠠ ᠵᠢᠶᠠ ᠰᠢᠶᠣᠣ ᠫᠢᠩ ᠶᠠᠷᠢᠯ᠎ᠠ᠃    ᠡᠨᠡ ᠬᠦ ᠢᠨᠵᠧᠨᠧᠷᠢᠩ ᠢ 2020 ᠣᠨ ᠤ 11 ᠰᠠᠷ᠎ᠠ ᠶᠢᠨ 16 ᠡᠳᠦᠷ ᠠᠴᠠ ᠵᠢᠩᠬᠢᠨᠢ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ︽  ᠭᠤᠷᠪᠠᠨ ᠱᠠᠲᠤᠨ ᠤ ᠳᠠᠷᠤᠯᠲᠠ ᠨᠡᠮᠡᠭᠦ  +  ᠬᠤᠶᠠᠷ ᠱᠠᠲᠤᠨ ᠤ ᠬᠦᠨᠳᠦ ᠶᠢᠨ ᠬᠦᠴᠦᠨ︾᠎ ᠤ ᠤᠰᠤ ᠳᠠᠮᠵᠢᠭᠤᠯᠬᠤ ᠲᠥᠰᠥᠯ ᠢ ᠬᠡᠷᠡᠭᠯᠡᠵᠦ᠂ ᠤᠰᠤ ᠳᠠᠮᠵᠢᠭᠤᠯᠬᠤ ᠶᠡᠷᠦᠩᠬᠡᠢ ᠵᠠᠢ ᠨᠢ 134.24 ᠺᠢᠯᠣᠮᠧᠲᠷ ᠪᠠᠶᠢᠵᠤ᠂ ᠭᠤᠣᠯᠳᠠᠬᠤ 3 ᠨᠦᠭᠡᠨ ᠵᠠᠮ︵11.15 ᠺᠢᠯᠣᠮᠧᠲᠷ︶᠂  3  ᠬᠥᠭᠦᠷᠭᠡ ᠶᠢᠨ ᠦᠷᠳᠡᠭᠡ ᠪᠠ 123.09  ᠺᠢᠯᠣᠮᠧᠲᠷ ᠬᠤᠭᠤᠯᠠᠢ ᠱᠤᠭᠤᠮ ᠢ ᠪᠠᠭᠲᠠᠭᠠᠵᠤ᠂ ᠵᠢᠷᠤᠵᠤ ᠲᠥᠯᠥᠪᠯᠡᠭᠰᠡᠨ ᠤᠰᠤ ᠲᠠᠲᠠᠬᠤ ᠤᠷᠤᠰᠴᠠ ᠨᠢ ᠰᠸᠺᠦ᠋ᠨ᠋ᠳ᠋ ᠪᠦᠷᠢ 3.02 ᠲᠡᠭᠰᠢ ᠳᠥᠷᠪᠡᠯᠵᠢᠨ ᠮᠸᠲᠷ ᠪᠠᠶᠢᠵᠤ᠂ ᠵᠢᠯ ᠤᠨ ᠤᠰᠤ ᠲᠠᠲᠠᠬᠤ ᠬᠡᠪᠴᠢᠶ᠎ᠡ ᠨᠢ 4466 ᠲᠦᠮᠡᠨ ᠲᠡᠭᠰᠢ ᠳᠥᠷᠪᠡᠯᠵᠢᠨ ᠮᠸᠲᠷ ᠪᠣᠯᠣᠨ᠎ᠠ᠃19 ᠰᠠᠷ᠎ᠠ ᠴᠢᠷᠮᠠᠶᠢᠨ ᠲᠡᠮᠡᠴᠡᠭᠡᠳ ᠡᠴᠦᠰ ᠲᠡᠭᠡᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠷᠣᠨ ᠪᠦᠰᠡ ᠠᠯᠤᠰᠯᠠᠨ ᠤᠰᠤ ᠲᠠᠲᠠᠬᠤ ᠲᠣᠮᠣ ᠭᠡᠯᠪᠡᠷᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠰᠢᠨᠡᠳᠬᠡᠪᠡ᠃   ᠲᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠨᠥᠬᠦᠪᠦᠷᠢᠯᠡᠬᠦ ᠢᠨᠵᠧᠨᠧᠷᠢᠩ ᠨᠢ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠦᠨᠳᠦᠰᠦ ᠠᠴᠠ ᠨᠢ ᠵᠠᠰᠠᠬᠤ ᠢᠨᠵᠧᠨᠧᠷᠢᠩ ᠪᠣᠯᠤᠭᠰᠠᠨ ᠤ ᠬᠤᠪᠢ ᠳᠤ᠂ ᠠᠰᠢᠭᠯᠠᠯᠲᠠ ᠳᠤ ᠣᠷᠣᠭᠤᠯᠤᠭᠰᠠᠨ ᠤ ᠲᠠᠷᠠᠭ᠎ᠠ᠂ ᠰᠢᠨ᠎ᠡ ᠰᠣᠷᠭᠤᠭ ᠤᠰᠤᠨ ᠤ ᠡᠬᠢ ᠰᠤᠷᠪᠤᠯᠵᠢ ᠬᠠᠩᠭᠠᠬᠤ ᠪᠠᠷ ᠳᠠᠮᠵᠢᠭᠤᠯᠤᠨ᠂ ᠲᠠᠭ᠎ᠠ ᠶᠢᠨ ᠨᠠᠭᠤᠷ ᠤᠨ ᠤᠰᠤᠨ ᠤ ᠴᠢᠨᠠᠷ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠲᠠᠭ᠎ᠠ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠪᠦᠬᠦᠯᠢ ᠴᠣᠭᠴᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠭᠦᠯᠵᠤ᠂ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠨᠡᠮᠡᠷᠢᠯᠡᠪᠡ᠃ᠶᠡᠭᠡ ᠭᠤᠣᠯ ᠤᠨ ᠤᠷᠤᠰᠬᠠᠯ ᠳᠠᠭ᠎ᠠ ᠶᠢᠨ ᠨᠠᠭᠤᠷ ᠲᠤ ᠴᠢᠳᠬᠤᠯᠠᠨ ᠠᠮᠢᠯᠠᠯ ᠤᠨ ᠨᠣᠮᠢᠨ ᠳᠣᠯᠭᠢᠶ᠎ᠠ ᠮᠢᠷᠠᠯᠵᠠᠭᠤᠯᠤᠭᠰᠠᠭᠠᠷ ᠪᠠᠶᠢᠭᠠᠯᠢ ᠳᠡᠯᠡᠬᠡᠢ ᠬᠥᠮᠥᠨ  ᠠᠷᠠᠳ ᠎ ᠲᠠᠭᠠᠨ ᠪᠤᠶᠠᠨ ᠬᠡᠰᠢᠭ ᠢᠶᠠᠨ ᠲᠦᠭᠡᠭᠡᠨ᠎ᠡ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ