ᠤᠷᠳᠤᠰ ᠬᠤᠳᠠ ᠶᠢᠨ ᠨᠠᠮᠤᠷ ᠤᠨ ᠠᠮᠤ ᠪᠤᠳᠠᠭᠠᠨ ᠤ ᠬᠤᠷᠢᠶᠠᠯᠳᠠ ᠶᠢᠨ ᠬᠤᠷᠳᠤᠴᠠ ᠨᠢᠳᠤᠨᠤᠨ ᠠᠴᠠ ᠳᠦᠷᠭᠡᠨ ᠪᠤᠯᠪᠠ
ᠨᠡᠶᠢᠲᠡᠯᠡᠭᠰᠡᠨ ᠴᠠᠭ᠄
2022/10/20
     ᠤᠷᠳᠣᠰ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠳᠤᠪᠴᠢᠶᠠᠨ ᠤ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠤᠳᠤᠬᠠᠨ ᠳᠤ ᠪᠦᠬᠦ ᠬᠤᠳᠠ ᠶᠢᠨ ᠠᠮᠤ ᠪᠤᠳᠠᠭᠠᠨ ᠤ ᠲᠠᠷᠢᠮᠠᠯ ᠤᠨ ᠬᠤᠷᠢᠶᠠᠯᠳᠠ ᠨᠢᠭᠡᠨᠳᠡ 285.27 ᠲᠦᠮᠡᠨ ᠮᠤ᠋ ᠳᠤ ᠬᠦᠷᠴᠦ᠂ ᠪᠦᠬᠦ ᠬᠤᠳᠠ ᠶᠢᠨ ᠠᠮᠤ ᠪᠤᠳᠠᠭᠠᠨ ᠤ ᠳᠠᠷᠢᠮᠠᠯ ᠤᠨ ᠲᠠᠯᠠᠪᠠᠢ ᠶᠢᠨ54.5% ᠶᠢ ᠡᠵᠡᠯᠡᠪᠡ᠃ ᠡᠭᠦᠨ ᠳᠤ ᠪᠤᠭᠤᠳᠠᠢ 6.8 ᠲᠦᠮᠡᠨ ᠮᠤ᠋᠂ ᠡᠷᠳᠡᠨᠢ ᠰᠢᠰᠢ 229.3 ᠲᠦᠮᠡᠨ ᠮᠤ᠋᠂ ᠤᠰᠤᠨ ᠳᠤᠳᠤᠷᠭ᠎ᠠ 2.8 ᠲᠦᠮᠡᠨ ᠮᠤ᠋᠂ ᠰᠢᠷ᠎ᠠ ᠪᠤᠷᠴᠠᠭ 25.27 ᠲᠦᠮᠡᠨ ᠮᠤ᠋᠂ ᠲᠦᠮᠦᠰᠦ 16.1 ᠲᠦᠮᠡᠨ ᠮᠤ᠋᠂ ᠪᠤᠰᠤᠳ ᠠᠮᠤ ᠪᠤᠳᠠᠭᠠᠨ ᠤ ᠲᠠᠷᠢᠮᠠᠯ 5 ᠲᠦᠮᠡᠨ ᠮᠤ᠋ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 20 ᠨᠡᠮᠡᠭᠳᠡᠪᠡ᠃     ᠤᠳᠤᠬᠠᠨ ᠤ ᠬᠢᠵᠢᠭ ᠤᠨ ᠪᠠᠶᠢᠳᠠᠯ ᠠᠴᠠ ᠪᠤᠯᠤᠭᠰᠠᠨ ᠠᠰᠢᠭ ᠦᠭᠡᠢ ᠨᠦᠯᠦᠭᠡ ᠶᠢ ᠪᠦᠳᠦᠮᠵᠢᠳᠡᠢ ᠨᠠᠮᠳᠠᠭᠤᠯᠵᠦ᠂ ᠠᠮᠤ ᠪᠤᠳᠠᠭ᠎ᠠ ᠶᠢ ᠰᠠᠶᠢᠳᠤᠷ ᠬᠦᠮᠦᠷᠭᠡᠯᠡᠬᠦ ᠶᠢ ᠪᠠᠳᠤᠯᠠᠬᠤ ᠶᠢᠨ ᠲᠦᠯᠦᠭᠡ᠂ ᠤᠷᠳᠤᠰ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠳᠤᠪᠴᠢᠶ᠎ᠠ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠲᠠᠢ ᠬᠠᠮᠳᠤᠷᠠᠨ《ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ ᠦᠢᠯᠡᠳᠪᠤᠷᠢᠯᠡᠯ ᠤᠨ ᠠᠵᠢᠯ ᠢ ᠨᠢᠭᠡᠳᠦᠯᠳᠡᠢ ᠳᠦᠯᠦᠪᠵᠢᠭᠦᠯᠦᠨ ᠵᠢᠯᠤᠭᠤᠳᠬᠤ ᠳᠦᠷᠢᠮ》 ᠢ ᠳᠠᠷᠬᠠᠭᠠᠵᠦ᠂ ᠪᠤᠳᠠᠳᠠᠢ ᠠᠵᠢᠯ ᠤᠨ ᠱᠠᠭᠠᠷᠳᠠᠯᠭ᠎ᠠ ᠳᠤᠷᠠᠳᠴᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠱᠠᠳᠤ ᠱᠠᠳᠤ ᠪᠠᠷ ᠱᠠᠭᠠᠷᠳᠠᠯᠭ᠎ᠠ ᠨᠠᠮᠠᠵᠦ ᠪᠤᠯᠬᠤ ᠦᠭᠡᠢ᠂ ᠮᠠᠯᠴᠢᠠ ᠲᠠᠷᠢᠶᠠᠴᠢᠨ ᠤ ᠲᠠᠷᠢᠶᠠᠨ ᠳᠤ ᠭᠠᠷᠬᠤ ᠶᠢ ᠬᠤᠷᠢᠭᠯᠠᠵᠤ ᠪᠤᠯᠬᠤ ᠦᠭᠡᠢ᠂ ᠲᠠᠷᠢᠶᠠᠯᠠᠨᠬᠤ ᠴᠠᠭ ᠢ ᠰᠠᠭᠠᠳᠠᠭᠠᠵᠦ ᠪᠤᠯᠬᠤ ᠦᠭᠡᠢ᠂ ᠠᠰᠠᠭᠤᠳᠠᠯ ᠢ ᠰᠢᠢᠳᠪᠤᠷᠢᠯᠠᠬᠦ ᠶᠢ ᠬᠤᠶᠢᠰᠢᠯᠠᠭᠤᠯᠵᠦ ᠪᠤᠯᠬᠤ ᠦᠭᠡᠢ᠂ ᠨᠠᠮᠤᠷ ᠤᠨ ᠬᠤᠷᠢᠶᠠᠯᠳᠠ ᠶᠢᠨ ᠠᠬᠢᠴᠠ ᠶᠢ ᠨᠦᠯᠦᠭᠡᠯᠡᠵᠦ ᠪᠤᠯᠬᠤ ᠦᠭᠡᠢ ᠭᠡᠵᠦ ᠳᠤᠳᠤᠷᠬᠠᠢ ᠱᠠᠭᠠᠷᠳᠠᠭᠰᠠᠨ ᠪᠠᠶᠢᠨ᠎ᠠ᠃    
ᠢᠷᠡᠯᠲᠡ᠄ ᠤᠷᠳᠤᠰ ᠤᠨ ᠡᠳᠦᠷ ᠤᠨ ᠰᠤᠨᠢᠨ