ᠥᠪ ᠰᠣᠶᠣᠯ ᠤᠨ ᠬᠠᠮᠠᠭᠠᠯᠠᠯ ᠥᠷᠨᠢᠭᠦᠨ ᠬᠥᠭᠵᠢᠯᠲᠡ ᠶᠢᠨ ᠵᠢᠷᠤᠭᠯᠠᠯ
ᠨᠡᠶᠢᠲᠡᠯᠡᠭᠰᠡᠨ ᠴᠠᠭ᠄
2022/10/20
    ᠵᠤᠬᠢᠶᠠᠭᠴᠢ᠄  ᠣᠯᠠᠭᠠᠨᠳᠣᠶᠠᠭ᠎ᠠ    ᠲᠡᠦᠬᠡ ᠶᠢᠨ ᠳᠤᠷᠠᠰᠬᠠᠯᠲᠤ  ᠪᠣᠯ ᠬᠥᠮᠥᠨ ᠲᠥᠷᠥᠯᠬᠢᠲᠡᠨ ᠤ ᠲᠡᠦᠬᠡᠨ ᠬᠥᠭᠵᠢᠯᠲᠡ ᠶᠢᠨ ᠶᠠᠪᠤᠴᠠ ᠳᠤ ᠦᠯᠡᠳᠡᠭᠳᠡᠭᠰᠡᠨ ᠬᠠᠭᠤᠴᠢ ᠥᠪ ᠪᠤᠯᠬᠤ ᠶᠤᠮ᠃ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠨᠢ ᠡᠯ᠎ᠡ ᠲᠡᠦᠬᠡᠨ ᠴᠠᠭ ᠦᠶ᠎ᠡ ᠶᠢᠨ ᠬᠥᠮᠥᠨ ᠲᠥᠷᠥᠯᠬᠢᠲᠡᠨ ᠤ ᠨᠡᠶᠢᠭᠡᠮ ᠤᠨ ᠠᠵᠢᠯᠯᠠᠭ᠎ᠠ᠂ ᠨᠡᠶᠢᠭᠡᠮ ᠤᠨ ᠬᠠᠷᠢᠴᠠᠭ᠎ᠠ᠂ ᠦᠵᠡᠯ ᠤᠬᠠᠮᠰᠠᠷ ᠤᠨ ᠭᠡᠯᠪᠡᠷᠢ ᠵᠢᠴᠢ ᠪᠠᠶᠢᠭᠠᠯᠢ ᠶᠢ ᠠᠰᠢᠭᠯᠠᠬᠤ᠂ ᠪᠠᠶᠢᠭᠠᠯᠢ ᠶᠢ ᠥᠭᠡᠷᠡᠴᠢᠯᠡᠬᠦ ᠪᠠ ᠲᠤᠬᠠᠢ ᠶᠢᠨ ᠦᠶ᠎ᠡ ᠶᠢᠨ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠢ ᠠᠳᠠᠯᠢ ᠪᠤᠰᠤ ᠲᠠᠯ᠎ᠠ ᠠᠴᠠ ᠲᠤᠰᠬᠠᠵᠤ᠂ ᠲᠡᠷᠡ ᠨᠢ ᠬᠥᠮᠥᠨ ᠲᠥᠷᠥᠯᠬᠢᠲᠡᠨ ᠤ ᠬᠤᠪᠣᠷ ᠨᠠᠨᠳᠢᠨ ᠲᠡᠦᠬᠡ ᠰᠣᠶᠣᠯ ᠤᠨ ᠥᠪ ᠬᠥᠷᠥᠩᠭᠡ ᠪᠣᠯᠣᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠬᠠᠮᠢᠶᠠᠷᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠨᠢ ᠬᠥᠮᠥᠰ ᠤᠨ ᠥᠪᠡᠷ ᠤᠨ ᠲᠡᠦᠬᠡ ᠪᠠ ᠡᠭᠦᠳᠦᠨ ᠪᠦᠲᠦᠭᠡᠬᠦ ᠬᠦᠴᠦᠨ ᠴᠢᠳᠠᠯ ᠢᠶᠠᠨ ᠲᠠᠨᠢᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠢᠯᠡᠷᠡᠭᠦᠯᠦᠨ᠂ ᠤᠳᠤ ᠦᠶ᠎ᠡ ᠶᠢᠨ ᠪᠠ ᠢᠷᠡᠭᠡᠳᠦᠢ ᠶᠢᠨ ᠨᠡᠶᠢᠭᠡᠮ ᠤᠨ ᠬᠥᠭᠵᠢᠯᠲᠡ ᠶᠢ ᠲᠠᠨᠢᠵᠤ ᠠᠬᠢᠭᠤᠯᠬᠤ ᠳᠤ ᠬᠦᠨᠳᠦ ᠴᠢᠬᠤᠯᠠ ᠠᠴᠢ ᠬᠤᠯᠪᠣᠭᠳᠠᠯ ᠲᠠᠢ ᠪᠢᠯᠡ᠃
6373230560753052919579793.jpg
ᠦᠯᠡᠳᠡᠭᠳᠡᠯ - ᠭᠡᠷᠡᠯ ᠰᠠᠴᠤᠷᠠᠩᠭᠤᠢ ᠥᠪ ᠰᠣᠶᠣᠯ ᠤᠨ ᠬᠥᠷᠥᠩᠭᠡ    ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ᠂ ᠡᠷᠲᠡᠨ ᠤ ᠦᠯᠡᠳᠡᠭᠳᠡᠯ ᠣᠯᠠᠨ ᠪᠠᠶᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠳᠠᠭᠠᠯᠠᠭᠳᠠᠴᠠ ᠡᠯᠪᠡᠭ ᠪᠠᠶᠠᠯᠢᠭ᠂ ᠢᠯᠠᠩᠭᠤᠶ᠎ᠠ ᠬᠢᠳᠠᠨ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ᠂ ᠮᠣᠩᠭᠤᠯ ᠶᠤᠸᠠᠨ ᠤ ᠲᠡᠦᠬᠡ ᠶᠢᠨ ᠳᠤᠷᠠᠰᠬᠠᠯᠲᠤ ᠵᠦᠢᠯᠡᠰ ᠨᠢ ᠰᠣᠶᠣᠯ ᠤᠨ ᠣᠨᠴᠠᠯᠢᠭ ᠢᠶᠠᠷ ᠬᠠᠮᠤᠭ ᠲᠣᠪᠣᠶᠢᠮ᠎ᠠ ᠪᠠᠶᠢᠳᠠᠭ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠬᠡᠮᠵᠢᠶ᠎ᠡ ᠪᠠᠷ ᠮᠠᠨ ᠤ ᠣᠷᠣᠨ ᠪᠦᠭᠦ ᠤᠯᠤᠰ ᠲᠤ 8 ᠳ᠋ᠤᠭᠠᠷ ᠲᠤ ᠵᠢᠭᠰᠠᠭᠠᠭᠳᠠᠵᠤ᠂ ᠪᠦᠭᠦ ᠤᠯᠤᠰ ᠲᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠮᠣ ᠮᠤᠵᠢ ᠣᠷᠣᠨ ᠤ ᠨᠢᠭᠡ ᠪᠣᠯᠤᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠪᠦᠭᠦ ᠣᠷᠣᠨ ᠳᠤ ᠣᠳᠣ ᠰᠢᠯᠵᠢᠭᠦᠯᠵᠦ ᠦᠯᠦ ᠪᠤᠯᠬᠤ ᠲᠡᠦᠬᠡ ᠶᠢᠨ ᠳᠤᠷᠠᠰᠬᠠᠯᠲᠤ  ᠵᠦᠢᠯᠡᠰ 21099 ᠪᠠᠶᠢᠵᠤ᠂ ᠲᠦᠷᠦᠭᠦᠤ ᠪᠦᠯᠦᠭ ᠲᠣᠭᠲᠠᠭᠠᠭᠰᠠᠨ ᠬᠤᠪᠢᠰᠬᠠᠯᠲᠤ ᠲᠡᠦᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ ᠨᠢᠭᠡᠴᠢ 116 ᠪᠠᠶᠢᠳᠠᠭ᠃ ᠪᠦᠭᠦ ᠣᠷᠣᠨ ᠳᠤ ᠣᠳᠣ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶ᠋ᠯᠡᠰ 112.5 ᠲᠦᠮᠡ ᠭᠠᠷᠤᠢ ᠬᠤᠪᠢ ︵ᠢᠵᠢ︶ ᠪᠠᠶᠢᠵᠤ᠂ ᠡᠭᠦᠨ ᠳᠤ ᠬᠤᠪᠢᠰᠬᠠᠯᠲᠤ ᠲᠡᠦᠬᠡ ᠶᠢᠨ ᠳᠤᠷᠠᠰᠬᠠᠯᠲᠤ  ᠵᠦᠢᠯᠡᠰ 12403 ᠬᠤᠪᠢ ︵ᠢᠵᠢ︶ ᠪᠠᠶᠢᠳᠠᠭ᠃ ᠬᠠᠮᠤᠭ ᠠᠴᠠ ᠳᠠᠪᠠᠭᠤᠯᠢᠭ ᠣᠨᠴᠠᠯᠢᠭ ᠲᠠᠢ ᠨᠢ ᠬᠠᠲᠤᠨ ᠭᠤᠣᠯ ᠤᠨ ᠰᠠᠪᠠ ᠭᠠᠵᠠᠷ ᠤᠨ ᠰᠣᠶᠣᠯ ᠤᠨ ᠥᠪ ᠪᠣᠯᠣᠨ᠎ᠠ᠃ ᠬᠠᠲᠤᠨ ᠭᠤᠣᠯ ᠳᠠᠭᠠᠤ ᠳᠤ ᠦᠬᠠᠢ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠭᠦᠭᠡᠬᠤᠲᠠ ᠶᠢᠨ ᠳᠣᠯᠣᠭᠠᠨ ᠴᠢᠬᠤᠯᠠ ᠭᠠᠵᠠᠷ ᠣᠷᠣᠨ ᠲᠠᠷᠬᠠᠵᠤ᠂ ᠡᠨᠡ ᠬᠦ ᠭᠠᠵᠠᠷ ᠣᠷᠣᠨ ᠨᠢ ᠮᠥᠨ ᠴᠦ ᠮᠠᠨ ᠤ ᠣᠷᠣᠨ ᠤ ᠰᠣᠶᠣᠯ ᠤᠨ ᠥᠪ ᠲᠥᠪᠯᠡᠷᠡᠨ ᠲᠠᠷᠬᠠᠵᠤ ᠪᠠᠶᠢᠭ᠎ᠠ ᠭᠠᠵᠠᠷ ᠣᠷᠣᠨ ᠪᠣᠯᠵᠤ᠂ ᠵᠥᠪᠭᠡᠨ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠠᠷᠤᠢ 62 ᠪᠠᠶᠢᠵᠤ᠂ ᠥᠪᠥᠷ ᠮᠣᠩᠭᠤᠯ ᠣᠷᠣᠨ ᠤ ᠲᠡᠦᠬᠡ ᠰᠣᠶᠣᠯ ᠬᠠᠮᠤᠭ ᠤᠨ ᠬᠥᠭᠵᠢᠭᠰᠡᠨ ᠭᠠᠵᠠᠷ ᠣᠷᠣᠨ ᠪᠣᠯᠣᠨ᠎ᠠ᠃ ᠡᠳᠡᠭᠡᠷ ᠰᠣᠶᠣᠯ ᠤᠨ ᠥᠪ ᠪᠣᠯ ᠮᠠᠨ ᠤ ᠣᠷᠣᠨ ᠤ ᠬᠤᠪᠣᠷ ᠨᠠᠨᠳᠢᠨ ᠰᠣᠶᠣᠯ ᠤᠨ ᠡᠬᠢ ᠪᠠᠶᠠᠯᠢᠭ ᠪᠠᠶᠢᠵᠤ᠂ ᠳᠤᠮᠳᠠᠳᠤ ᠶᠢᠨ ᠪᠣᠯᠪᠠᠰᠤᠨ ᠤ ᠭᠤᠣᠯ ᠪᠤᠯᠬᠤ ᠪᠣᠳᠠᠰ ᠤᠨ ᠠᠴᠢᠶᠠᠯᠠᠪᠤᠷᠢ ᠪᠤᠯᠬᠤ ᠪᠥᠭᠡᠳ ᠮᠥᠨ ᠴᠦ ᠲᠠᠯ᠎ᠠ ᠨᠤᠲᠤᠭ ᠤᠨ ᠰᠣᠶᠣᠯ ᠢ ᠤᠯᠠᠮᠵᠢᠯᠠᠨ ᠪᠠᠳᠠᠷᠠᠭᠤᠯᠤᠭᠰᠠᠨ ᠴᠢᠬᠤᠯᠠ ᠪᠣᠳᠠᠲᠤ ᠵᠢᠱᠢᠶ᠎ᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠬᠥᠭᠵᠢᠯᠲᠡ ᠶᠢᠨ ᠬᠠᠨᠳᠤᠰᠢ ᠪᠣᠯᠣᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠵᠦ ᠪᠠᠶᠢᠳᠠᠭ᠃    ᠰᠣᠶᠣᠯ ᠤᠨ ᠥᠪ ᠪᠣᠯ ᠳᠤᠮᠳᠠᠳᠤ ᠶᠢᠨ ᠪᠣᠯᠪᠠᠰᠤᠨ ᠤ 5000 ᠵᠢᠯ ᠤᠨ ᠲᠡᠦᠬᠡ ᠶᠢᠨ ᠪᠣᠳᠠᠲᠤ ᠭᠡᠷᠡᠴᠢ ᠮᠥᠨ᠃ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠡᠳᠡᠭᠡᠷ ᠰᠣᠶᠣᠯ ᠤᠨ ᠥᠪ ᠨᠢ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠤ ᠣᠨᠣᠯ ᠤᠨ ᠰᠠᠭᠤᠷᠢ ᠶᠢ ᠪᠠᠲᠤᠳᠬᠠᠵᠤ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠪᠠᠶᠢᠨ᠎ᠠ᠃ ᠵᠢᠱᠢᠶᠡᠯᠡᠪᠡᠯ ᠭᠦᠭᠡᠬᠤᠲᠠ ᠶᠢᠨ ᠵᠡᠭᠦᠨ ᠳᠡᠭᠦᠷᠭᠡ ᠶᠢᠨ ᠳ᠋ᠠ ᠶᠣᠣ ᠶᠢᠨ ᠬᠠᠭᠤᠴᠢᠨ ᠴᠢᠯᠠᠭᠤᠨ ᠵᠡᠪᠰᠡᠭ ᠤᠨ ᠪᠠᠭᠤᠷᠢ ᠶᠢᠨ ᠲᠤᠬᠠᠢ ᠬᠠᠭᠤᠴᠢ ᠰᠤᠳᠤᠯᠭᠠᠨ ᠬᠢᠬᠦ ᠪᠠᠷ ᠳᠠᠮᠵᠢᠨ᠂ ᠪᠡᠭᠡᠵᠢᠩ ᠤᠨ ᠵᠧᠦ ᠺᠧᠦ ᠳ᠋ᠢᠶᠠᠨ ᠤ ᠨᠢᠭᠡᠳᠦᠭᠡᠷ ᠭᠠᠵᠠᠷ ᠤᠨ ᠬᠢ ᠲᠠᠢ ᠠᠳᠠᠯᠢᠪᠲᠤᠷ ᠰᠣᠶᠣᠯ ᠤᠨ ᠳᠦᠷᠰᠦ ᠪᠠᠶᠢᠳᠠᠯ ᠢ ᠢᠯᠡᠷᠡᠭᠦᠯᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠥᠮᠥᠨ ᠲᠥᠷᠥᠯᠬᠢᠲᠡᠨ ᠤ ᠲᠡᠦᠬᠡ ᠶᠢ 50 ᠲᠦᠮᠡᠨ ᠵᠢᠯ ᠤᠷᠢᠳᠴᠢᠯᠠᠭᠤᠯᠪᠠ; ᠪᠠᠰᠠ ᠵᠢᠱᠢᠶᠡᠯᠡᠪᠡᠯ ᠬᠠᠲᠤᠨ ᠭᠤᠣᠯ ᠤᠨ ᠰᠠᠪᠠ ᠭᠠᠵᠠᠷ ᠤᠨ ᠶᠠᠩ ᠱᠤᠤ ᠶᠢᠨ ᠰᠣᠶᠣᠯ ᠤᠨ ᠠᠯᠢ ᠤᠯᠠᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠭᠤᠷᠢ ᠳᠤ ᠬᠠᠭᠤᠴᠢ ᠰᠤᠳᠤᠯᠭᠠᠨ ᠬᠢᠬᠦ ᠪᠠᠷ ᠳᠠᠮᠵᠢᠨ ᠳᠤᠮᠳᠠᠳᠤ ᠶᠢᠨ ᠪᠣᠯᠪᠠᠰᠤᠨ ᠤ 5000 ᠵᠢᠯ ᠤᠨ ᠲᠡᠦᠬᠡ ᠶᠢ ᠬᠦᠴᠦᠲᠡᠢ ᠭᠡᠷᠡᠴᠢᠯᠡᠭᠰᠡᠨ ᠪᠠᠶᠢᠨ᠎ᠠ᠃
6373230561879878356372100.jpg
ᠬᠠᠮᠠᠭᠠᠯᠠᠯ - ᠬᠤᠪᠣᠷ ᠨᠠᠨᠳᠢᠨ ᠥᠪ ᠰᠣᠶᠣᠯ ᠤᠨ ᠪᠠᠬᠢᠵᠢᠭᠦᠯᠦᠯ    ᠰᠣᠶᠣᠯ ᠤᠨ ᠥᠪ ᠢ ᠬᠠᠮᠠᠭᠠᠯᠠᠨ ᠠᠰᠢᠭᠯᠠᠵᠤ ᠳᠡᠯᠭᠡᠨ ᠦᠵᠡᠭᠦᠯᠭᠦ ᠨᠢ ᠰᠣᠶᠣᠯ ᠤᠨ ᠡᠬᠢ ᠪᠠᠶᠠᠯᠢᠭ ᠢᠶᠠᠷ ᠠᠷᠠᠳ ᠣᠯᠠᠨ ᠳᠤ ᠠᠰᠢᠭ ᠬᠦᠷᠲᠡᠭᠡᠬᠦ ᠵᠠᠶᠢᠯᠠᠰᠢ ᠦᠭᠡᠢ ᠱᠠᠭᠠᠷᠳᠠᠯᠭ᠎ᠠ ᠪᠠ ᠪᠦᠲᠦᠮᠵᠢᠲᠡᠶ ᠠᠷᠭ᠎ᠠ ᠵᠠᠮ ᠪᠤᠯᠬᠤ ᠪᠥᠭᠡᠳ ᠮᠥᠨ ᠴᠤ ᠦᠨᠳᠦᠰᠦᠲᠡᠨ ᠤ ᠰᠣᠶᠣᠯ ᠤᠨ ᠲᠤᠬᠠᠢ ᠲᠠᠨᠢᠯᠲᠠ ᠶᠢ ᠨᠡᠮᠡᠭᠳᠡᠭᠦᠯᠵᠦ ᠢᠲᠡᠭᠡᠯ ᠢ ᠪᠠᠲᠤᠳᠬᠠᠬᠤ ᠴᠢᠬᠤᠯᠠ ᠲᠠᠪᠴᠠᠩ ᠪᠣᠯᠣᠨ᠎ᠠ᠃ ᠰᠣᠶᠣᠯ ᠤᠨ ᠥᠪ ᠤᠨ ᠠᠴᠢᠶᠠᠯᠠᠵᠤ ᠪᠠᠶᠢᠭ᠎ᠠ ᠮᠡᠳᠡᠭᠡ ᠵᠠᠩᠭᠢ ᠪᠠᠶᠠᠯᠢᠭ᠂ ᠠᠯᠳᠠᠷᠰᠢᠯ ᠥᠨᠳᠥᠷ᠂ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠵᠣᠷᠢᠭ ᠬᠦᠴᠦᠨ ᠢ ᠡᠷᠴᠢᠯᠡᠨ ᠨᠡᠮᠡᠭᠳᠡᠭᠦᠯᠬᠦ ᠴᠢᠬᠤᠯᠠ ᠵᠠᠭᠤᠴᠢ ᠪᠠᠶᠢᠵᠤ᠂ ᠨᠡᠶᠢᠭᠡᠮ ᠨᠡᠶᠢᠲᠡ ᠳᠤ ᠯᠤᠲᠤ ᠶᠡᠭᠡ ᠨᠥᠯᠥᠭᠡ ᠲᠠᠢ ᠶᠤᠮ᠃ ᠠᠷᠠᠳ ᠣᠯᠠᠨ ᠪᠣᠯ ᠰᠣᠶᠣᠯ ᠤᠨ ᠥᠪ ᠤᠨ ᠥᠮᠴᠢᠯᠡᠭᠴᠢ᠂ ᠰᠣᠨᠢᠷᠬᠠᠭᠴᠢ ᠪᠠ ᠤᠯᠠᠮᠵᠢᠯᠠᠭᠴᠢ ᠮᠥᠨ᠂ ᠰᠣᠶᠣᠯ ᠤᠨ ᠥᠪ ᠤᠨ ᠬᠠᠮᠠᠭᠠᠯᠠᠯᠲᠠ ᠨᠢ ᠡᠷᠬᠡᠪᠰᠢ ᠠᠷᠠᠳ ᠣᠯᠠᠨ ᠳᠤ ᠲᠦᠰᠢᠭᠯᠡᠵᠦ᠂ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠮᠥᠨ ᠡᠷᠬᠡᠪᠰᠢ ᠨᠡᠶᠢᠭᠡᠮ ᠳᠤ ᠠᠭᠤᠰᠤᠯᠴᠠᠭᠤᠯᠤᠨ᠂ ᠨᠡᠶᠢᠭᠡᠮ ᠳᠤ ᠠᠰᠢᠭ ᠬᠦᠷᠲᠡᠭᠡᠪᠡᠯ ᠵᠣᠬᠢᠨ᠎ᠠ᠃ ᠥᠪᠡᠷᠲᠡᠭᠡᠨ ᠵᠠᠰᠠᠬᠤ ᠣᠷᠣᠨ ᠳᠤ ᠬᠠᠳᠠᠭᠠᠯᠠᠭᠳᠠᠵᠤ ᠪᠠᠶᠢᠭ᠎ᠠ ᠰᠣᠶᠣᠯ ᠤᠨ ᠥᠪ ᠤᠨ ᠡᠬᠢ ᠪᠠᠶᠠᠯᠢᠭ ᠡᠯᠪᠡᠭ᠂ ᠥᠪ ᠰᠣᠶᠣᠯ ᠤᠨ ᠣᠨᠴᠠᠯᠢᠭ ᠣᠯᠠᠨ ᠡᠰᠢᠲᠦ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠴᠣᠭᠴᠠᠵᠢᠭᠰᠠᠨ ᠰᠣᠶᠣᠯ ᠤᠨ ᠬᠥᠭᠵᠢᠯᠲᠡ ᠶᠢ ᠭᠡᠷᠡᠴᠢᠯᠡᠵᠦ ᠪᠠᠶᠢᠳᠠᠭ᠃    ᠥᠪᠡᠷᠲᠡᠭᠡᠨ ᠵᠠᠰᠠᠬᠤ ᠣᠷᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ 2019 ᠣᠨ ᠳᠤ ᠪᠦᠭᠦ ᠣᠷᠣᠨ ᠤ ᠨᠠᠢᠮᠠᠳᠤᠭᠠᠷ ᠪᠦᠯᠦᠭ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠮᠡᠳᠡᠭᠦᠯᠭᠦ ᠠᠵᠢᠯ ᠢ ᠪᠡᠶᠡᠯᠡᠭᠦᠯᠵᠦ᠂ ᠮᠠᠨ ᠤ ᠣᠷᠣᠨ ᠤ 8 ᠭᠠᠵᠠᠷ ᠰᠣᠩᠭᠤᠭᠳᠠᠵᠤ᠂ ᠮᠠᠨ ᠤ ᠣᠷᠣᠨ ᠳᠠᠬᠢ ᠪᠦᠭᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠨᠡᠮᠡᠭᠳᠡᠭᠡᠳ 149 ᠪᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠪᠠᠰᠠ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠵᠦᠢᠯ ᠢ ᠮᠡᠳᠡᠭᠦᠯᠭᠦ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠲᠦᠷᠦᠯ ᠵᠦᠢᠯ ᠢ ᠬᠠᠮᠠᠭᠠᠯᠠᠬᠤ ᠲᠤᠰᠬᠠᠢ  ᠵᠦᠢᠯ ᠤᠨ ᠨᠥᠬᠦᠪᠦᠷᠢ ᠮᠥᠩᠭᠦ ᠶᠢ 1.94 ᠳ᠋ᠦᠩᠰᠢᠭᠤᠷ ᠲᠥᠭᠦᠷᠢᠭ ᠭᠤᠶᠤᠴᠢᠯᠠᠨ ᠮᠡᠳᠡᠭᠦᠯᠵᠦ᠂ ᠲᠡᠦᠬᠡ ᠶᠢᠨ ᠳᠤᠷᠠᠰᠬᠠᠯᠲᠤ  ᠵᠦᠢᠯᠡᠰ ᠢ ᠬᠠᠮᠠᠭᠠᠯᠠᠬᠤ 19 ᠢᠨᠵᠧᠨᠧᠷᠢᠩ ᠢ ᠰᠢᠯᠭᠠᠨ ᠠᠪᠤᠭᠰᠠᠨ ᠪᠠᠶᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠪᠣᠯᠣᠨ ᠠᠶᠤᠯᠭᠦᠢ ᠠᠵᠢᠯ ᠤᠨ ᠲᠢᠩᠬᠢᠮ ᠤᠨ ᠬᠤᠭᠤᠷᠣᠨᠳᠣᠭᠢ ᠬᠠᠮᠲᠤᠷᠠᠭᠰᠠᠨ ᠬᠤᠷᠠᠯ ᠤᠨ ᠳᠦᠷᠢᠮ︾  ᠢ ᠪᠠᠶᠢᠭᠤᠯᠤᠨ᠂ ᠪᠦᠭᠦ ᠣᠷᠣᠨ ᠤ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯᠭᠦᠢ ᠠᠵᠢᠯ ᠤᠨ ᠨᠡᠶᠢᠯᠡᠮᠡᠯ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ ᠪᠤᠢ᠃   ᠡᠨᠡ ᠵᠢᠯ ᠤᠨ 5 ᠰᠠᠷ᠎ᠠ ᠶᠢᠨ ᠰᠡᠭᠦᠯᠴᠢ ᠪᠠᠷ᠂ ᠪᠦᠭᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠣᠯᠪᠠᠰᠤᠷᠠᠯ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠤᠲᠠᠰᠤ ᠬᠤᠷᠠᠯ ᠬᠤᠷᠠᠯᠳᠤᠵᠤ᠂ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ︾  ᠢ ᠰᠤᠷᠤᠯᠴᠠᠨ ᠲᠤᠭᠤᠰᠢᠯᠠᠭᠤᠯᠵᠤ᠂ ᠬᠤᠷᠠᠯ ᠳᠤ ᠣᠷᠣᠯᠴᠠᠭᠰᠠᠳ ᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠬᠠᠢ ᠪᠣᠯᠪᠠᠰᠤᠷᠠᠯ ᠬᠦᠷᠲᠡᠭᠡᠨ᠂ ᠪᠦᠭᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠶᠡᠭᠡ ᠪᠠᠷ ᠪᠠᠶᠢᠴᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ ᠠᠬᠢᠭᠤᠯᠤᠭᠰᠠᠨ ᠪᠠᠶᠢᠨ᠎ᠠ᠃7 ᠰᠠᠷ᠎ᠠ ᠶᠢᠨ ᠡᠬᠢᠨ ᠢᠶᠠᠷ᠂ ᠭᠦᠭᠡᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠥᠪᠡᠷᠲᠡᠭᠡᠨ ᠵᠠᠰᠠᠬᠤ ᠣᠷᠣᠨ ᠤ ᠵᠠᠩᠵᠤᠨ ᠤ ᠶᠠᠮᠤᠨ ᠤ ᠮᠦᠽᠧᠢ ᠳᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠵᠠᠷᠤᠳᠠᠯ ᠤᠨ ᠬᠡᠷᠡᠭᠯᠡᠭᠡᠨ᠂ ᠭᠠᠯ ᠤᠨᠲᠠᠷᠠᠭᠠᠬᠤ ᠦᠷᠲᠡᠭᠡ ᠪᠣᠯᠣᠨ ᠠᠮᠤᠷ ᠲᠦᠪᠰᠢᠨ ᠤ ᠬᠢᠨᠠᠨ ᠡᠵᠡᠮᠳᠡᠬᠦ ᠲᠠᠰᠤᠭ ᠪᠠ ᠦᠵᠡᠮᠵᠢ ᠶᠢᠨ ᠣᠷᠣᠨ ᠤ ᠬᠠᠮᠢᠶᠠᠷᠤᠯᠲᠠ᠂ ᠰᠡᠯᠪᠢᠨ ᠵᠠᠰᠠᠵᠤ ᠬᠠᠮᠠᠭᠠᠯᠠᠵᠤ ᠪᠠᠶᠢᠭ᠎ᠠ ᠪᠠᠶᠢᠳᠠᠯ ᠵᠡᠷᠭᠡ ᠶᠢ ᠨᠠᠷᠢᠨ ᠨᠢᠭᠲᠠ ᠪᠠᠶᠢᠴᠠᠭᠠᠭᠰᠠᠨ ᠪᠠᠶᠢᠨ᠎ᠠ; ᠲᠦᠷᠦᠭᠦᠬᠡᠨ ᠬᠢᠩᠭᠠᠨ ᠠᠶᠢᠮᠠᠭ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠠᠵᠢᠯ ᠤᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠣᠶᠢᠯᠠᠭᠠᠨ ᠲᠣᠳᠣᠯᠠᠨ ᠴᠡᠭᠴᠡᠯᠡᠨ ᠰᠠᠶᠢᠵᠢᠷᠠᠭᠤᠯᠬᠤ ᠶᠢ ᠪᠦᠭᠦ ᠬᠦᠴᠦᠨ ᠢᠶᠠᠷ ᠠᠬᠢᠭᠤᠯᠵᠤ᠂ ᠪᠦᠭᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ 6 ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ᠂ ᠣᠷᠣᠨ ᠤ ᠳᠡᠰ ᠤᠨ 16 ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠪᠦᠭᠦ ᠲᠠᠯ᠎ᠠ ᠶᠢᠨ ᠪᠠᠶᠢᠴᠠᠭᠠᠯᠲᠠ ᠥᠷᠨᠢᠭᠦᠯᠬᠦ ᠶᠢᠨ ᠬᠠᠮᠲᠤ᠂ ᠡᠯ᠎ᠡ ᠬᠤᠰᠢᠭᠤ ᠰᠢᠶᠠᠨ ᠬᠤᠲᠠ ᠶᠢᠨ ᠬᠢᠨ ᠢ ᠱᠠᠭᠠᠷᠳᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠭᠡᠮ ᠰᠣᠭᠤᠭ᠂ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠦᠷᠦᠯ ᠵᠦᠢᠯ ᠵᠡᠷᠭᠡ ᠳᠤ ᠪᠦᠭᠦ ᠲᠠᠯ᠎ᠠ ᠶᠢᠨ ᠪᠠᠶᠢᠴᠠᠭᠠᠯᠲᠠ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠪᠤᠢ; ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠢᠶᠠᠷᠴᠤ ᠬᠠᠮᠠᠭᠠᠯᠠᠬᠤ ᠡᠷᠴᠢᠮ ᠢᠶᠠᠨ ᠤᠯᠠᠮ ᠴᠢᠩᠭᠠᠳᠬᠠᠵᠤ᠂ ᠰᠢᠯᠵᠢᠭᠦᠯᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠡᠪᠳᠡᠭᠳᠡᠬᠦ ᠠᠴᠠ ᠰᠡᠷᠭᠡᠶᠢᠯᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠬᠤ ᠪᠠ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠤᠶᠠᠯᠳᠤᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠣᠷᠤᠯᠴᠠᠬᠤ ᠶᠢ ᠭᠦᠢᠴᠡᠳ ᠳᠠᠶᠢᠴᠢᠯᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠨᠢ ᠲᠡᠮᠡᠭᠡᠲᠦ ︵ᠤᠷᠲᠤ ᠴᠠᠭᠠᠨ ᠬᠡᠷᠡᠮ︶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠳᠤ ᠰᠢᠨ᠎ᠡ ᠪᠠᠷ ᠡᠯᠰᠡᠭᠰᠡᠨ ᠭᠡᠰᠢᠭᠦᠳ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠡᠯᠡᠯᠴᠡᠭᠡᠷ ᠲᠣᠭᠲᠠᠵᠤ᠂ ᠬᠠᠮᠢᠶ᠎ᠠ ᠪᠦᠬᠦᠢ ᠪᠣᠯᠪᠠᠰᠤᠷᠠᠯ ᠬᠦᠷᠲᠡᠭᠡᠬᠦ ᠶᠢᠨ ᠬᠠᠮᠲᠤ ᠲᠤᠬᠠᠶᠢᠯᠠᠭᠰᠠᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠠᠯᠠᠱᠠ ᠪᠠᠷᠠᠭᠤᠨ ᠬᠤᠰᠢᠭᠤ ᠨᠢ 2016 ᠣᠨ ᠳᠤ ᠲᠡᠮᠡᠭᠡᠲᠦ ︵ᠤᠷᠲᠤ ᠴᠠᠭᠠᠨ ᠬᠡᠷᠡᠮ︶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠩᠭᠢ ᠪᠠᠶᠢᠭᠤᠯᠤᠭᠰᠠᠨ ᠠᠴᠠ ᠨᠠᠭᠠᠰᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠡᠰᠢᠭᠦᠨ ᠢ 24 ᠡᠯᠰᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠨᠡᠨ ᠬᠦ ᠠᠬᠢᠭᠤᠯᠵᠤ ᠪᠠᠶᠢᠨ᠎ᠠ᠃
6373230562930988624793536.jpg
︽ᠠᠮᠢᠯᠠᠭᠤᠯᠤᠯ︾ - ᠥᠨᠢᠷ ᠪᠠᠶᠠᠯᠢᠭ ᠥᠪ ᠰᠣᠶᠣᠯ ᠤᠨ ᠤᠯᠠᠮᠵᠢᠯᠠᠯ    ᠲᠡᠦᠬᠡ ᠶᠢᠨ ᠳᠤᠷᠠᠰᠬᠠᠯᠲᠤ ᠵᠦᠶ᠋ᠯᠡᠰ ᠨᠢ ᠲᠡᠦᠬᠡ ᠰᠣᠶᠣᠯ ᠢ ᠠᠴᠢᠶᠠᠯᠠᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢᠨ ᠪᠣᠳᠠᠲᠤ ᠭᠡᠷᠡᠴᠢ ᠪᠠᠶᠢᠵᠤ᠂ ᠠᠷᠠᠳ ᠤᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠶ᠋ᠯᠡᠴᠢᠯᠡᠭᠦ ᠴᠢᠬᠤᠯᠠ ᠡᠬᠢ ᠪᠠᠶᠠᠯᠢᠭ ᠮᠥᠨ᠃ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠦᠢᠯᠡᠰ ᠤᠨ ᠲᠠᠰᠤᠷᠠᠯᠲᠠ ᠦᠭᠡᠢ ᠬᠥᠭᠵᠢᠯᠲᠡ ᠶᠢ ᠳᠠᠭᠠᠯᠳᠤᠨ᠂ ᠬᠥᠮᠥᠰ ᠤᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠨᠡᠩ ᠥᠨᠳᠥᠷ ᠪᠣᠯᠵᠤ᠂ ᠮᠦᠽᠧᠢ ᠳᠤ ᠬᠦᠷᠴᠦ ᠦᠵᠡᠭᠦᠯᠭᠡ ᠶᠢ ᠰᠣᠨᠢᠷᠬᠠᠬᠤ ᠪᠠᠷ ᠳᠠᠮᠵᠢᠨ ᠲᠡᠦᠬᠡ ᠶᠢ ᠣᠶᠢᠯᠠᠭᠠᠨ᠂ ᠬᠥᠮᠦᠵᠢᠯ ᠬᠦᠷᠲᠡᠵᠦ ᠮᠡᠳᠡᠯᠭᠡ ᠪᠠᠨ ᠨᠡᠮᠡᠭᠳᠡᠭᠦᠯᠬᠦ ᠬᠦᠰᠡᠯ ᠨᠡᠩ ᠴᠢᠩᠭᠠᠷᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠳᠤ ᠨᠡᠩ ᠥᠨᠳᠥᠷ ᠬᠦᠰᠡᠯ ᠡᠷᠡᠮᠡᠯᠵᠡᠯ ᠲᠠᠢ ᠪᠣᠯᠤᠭᠰᠠᠨ ᠪᠠᠶᠢᠨ᠎ᠠ᠃   ᠥᠪᠡᠷᠲᠡᠭᠡᠨ ᠵᠠᠰᠠᠬᠤ ᠣᠷᠣᠨ ᠲᠠᠯ᠎ᠠ ᠨᠤᠲᠤᠭ ᠤᠨ ᠲᠣᠷᠭᠠᠨ ᠵᠠᠮ ᠳᠠᠭᠠᠤ ᠶᠢᠨ ᠤᠯᠤᠰ ᠲᠤ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠢ ᠳᠡᠯᠭᠡᠨ ᠦᠵᠡᠭᠦᠯᠭᠦ ᠠᠵᠢᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠮᠣᠩᠭᠤᠯ ᠤᠯᠤᠰ ᠤᠨ ᠬᠠᠮᠲᠤᠷᠠᠭᠰᠠᠨ ︽ᠲᠠᠯ᠎ᠠ ᠨᠤᠲᠤᠭ ᠤᠨ ᠲᠣᠷᠭᠠᠨ ᠵᠠᠮ ᠤᠨ ᠰᠣᠶᠣᠯ ᠤᠨ ᠥᠪ ᠤᠨ ᠲᠣᠭᠠᠴᠢᠯᠠᠭᠰᠠᠨ ᠢᠨᠵᠧᠨᠧᠷᠢᠩ ᠤᠨ ᠲᠦᠷᠦᠯ ᠵᠦᠢᠯ︾  ᠢ ᠦᠷᠭᠦᠯᠵᠢᠯᠡᠨ ᠠᠬᠢᠭᠤᠯᠤᠨ᠂ ᠳᠤᠮᠳᠠᠳᠤ ᠮᠣᠩᠭᠤᠯ ᠤᠨ ᠬᠠᠭᠤᠴᠢ ᠰᠤᠳᠤᠯᠤᠯ ᠤᠨ ᠬᠠᠮᠲᠤᠷᠠᠭᠰᠠᠨ ᠪᠠᠶᠢᠴᠠᠭᠠᠯᠲᠠ ᠪᠣᠯᠣᠨ ᠨᠡᠭᠡᠭᠡᠨ ᠠᠭᠤᠳᠠᠯᠬᠤ ᠲᠦᠷᠦᠯ ᠵᠦᠢᠯ ᠢ ᠥᠷᠨᠢᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾  ᠤᠨ ᠮᠣᠩᠭᠤᠯ ᠤᠯᠤᠰ ᠤᠨ ᠬᠢᠯᠢ ᠳᠠᠬᠢ ᠵᠠᠮ ᠱᠤᠭᠤᠮ ᠤᠨ ᠪᠠᠶᠢᠴᠠᠭᠠᠯᠲᠠ ᠶᠢᠨ ᠲᠦᠷᠦᠯ ᠵᠦᠢᠯ ᠢ ᠥᠷᠨᠢᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠮᠦᠽᠧᠢ ᠶᠢᠨ ︽ᠶᠡᠭᠡ ᠯᠢᠶᠤᠤ ᠤᠯᠤᠰ ᠬᠢᠳᠠᠨ - ᠳᠤᠮᠳᠠᠳᠤ ᠤᠯᠤᠰ ᠤᠨ ᠥᠪᠥᠷ ᠮᠣᠩᠭᠤᠯ ᠤᠨ ᠯᠢᠶᠤᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠭᠦᠯᠭᠡ︾  ᠶᠢ ᠮᠣᠩᠭᠤᠯ ᠤᠯᠤᠰ ᠤᠨ ᠮᠦᠽᠧᠢ ᠳᠤ ᠶᠠᠪᠤᠭᠳᠠᠭᠤᠯᠵᠤ᠂ ᠮᠣᠩᠭᠤᠯ ᠤᠯᠤᠰ ᠤᠨ ᠡᠯ᠎ᠡ ᠬᠦᠷᠢᠶ᠎ᠡ ᠴᠠᠷᠠᠭ᠎ᠠ ᠶᠢᠨ ᠬᠢᠨ ᠤ ᠥᠨᠳᠥᠷ ᠦᠨᠡᠯᠡᠯᠲᠡ ᠶᠢ ᠣᠯᠣᠭᠰᠠᠨ ᠪᠠᠶᠢᠨ᠎ᠠ᠃   ᠭᠤᠸᠠᠩᠳᠦ᠋ᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠣᠯᠯᠠᠨ ᠡᠷᠭᠢᠯᠡᠵᠦ᠂ ᠭᠤᠸᠠᠩᠳᠦ᠋ᠩ ᠮᠤᠵᠢ ᠶᠢᠨ ᠮᠦᠽᠧᠢ ᠪᠠ ᠥᠪᠥᠷ ᠮᠣᠩᠭᠤᠯ ᠤᠨ ᠮᠦᠽᠧᠢ ᠶᠢᠨ ᠳᠠᠭᠠᠭᠠᠴᠢᠯᠠᠨ ᠡᠷᠭᠢᠯᠡᠭᠰᠡᠨ ︽ᠬᠢᠳᠠᠨ ᠤ ᠰᠠᠭᠤᠭᠳᠠᠯ - ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠭᠦᠯᠡᠩ︾  ᠨᠢ ᠲᠦᠷᠦᠭᠦᠬᠡᠨ ᠭᠤᠸᠠᠩᠳᠦ᠋ᠩ ᠮᠤᠵᠢ ᠶᠢᠨ ᠮᠦᠽᠧᠢ ᠳᠤ ᠡᠭᠦᠯᠡᠨ ᠡᠭᠢᠯᠡᠯᠲᠡ ᠶᠢᠨ ᠶᠣᠰᠣᠯᠠᠯ ᠶᠠᠪᠤᠭᠳᠠᠪᠠ᠃ ᠦᠵᠡᠰᠭᠦᠯᠡᠩ ᠳᠤ 128 ᠬᠤᠪᠢ / ᠢᠵᠢ ᠲᠡᠦᠬᠡ ᠶᠢᠨ ᠳᠤᠷᠠᠰᠬᠠᠯᠲᠤ  ᠵᠦᠢᠯᠡᠰ ᠤᠨ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠲᠥᠷᠥᠯ ᠵᠦᠢᠯ ᠨᠢ ᠣᠯᠠᠨ ᠶᠠᠩᠵᠤ ᠶᠢᠨ ᠪᠠᠶᠢᠵᠤ᠂ ᠠᠯᠲᠠ ᠮᠥᠩᠭᠦᠨ ᠬᠡᠷᠡᠭᠰᠡᠯ᠂ ᠵᠡᠰ ᠲᠡᠮᠦᠷ ᠪᠠᠭᠠᠵᠢ᠂ ᠸᠠᠭᠠᠷ ᠱᠠᠭᠠᠵᠠᠩ ᠪᠠᠭᠠᠵᠢ᠂ ᠲᠣᠷᠭᠠᠨ ᠨᠡᠬᠡᠮᠡᠯ ᠵᠢᠴᠢ ᠮᠠᠨᠤ᠂ ᠬᠤᠪᠠ ᠵᠡᠷᠭᠡ ᠣᠯᠠᠨ ᠵᠦᠢᠯ ᠤᠨ ᠪᠦᠲᠦᠴᠡ ᠶᠢᠨ ᠬᠢ ᠶᠢ ᠪᠠᠭᠲᠠᠭᠠᠨ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ 116 ᠬᠤᠪᠢ / ᠢᠵᠢ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ 76 ᠬᠤᠪᠢ / ᠢᠵᠢ ᠪᠠᠭᠲᠠᠵᠤ᠂ ᠦᠵᠡᠰᠭᠦᠯᠡᠩ  ᠨᠢ 10 ᠰᠠᠷ᠎ᠠ ᠶᠢᠨ ᠰᠡᠭᠦᠯᠴᠢ ᠪᠤᠯᠲᠠᠯ᠎ᠠ ᠶᠠᠪᠤᠭᠳᠠᠬᠤ ᠪᠣᠯᠣᠨ᠎ᠠ᠃    ᠣᠶᠢᠷ᠎ᠠ ᠳᠤ᠂ ︽ᠴᠢᠯᠠᠭᠤᠨ ᠵᠡᠪᠰᠡᠭ ᠤᠨ ᠴᠠᠭ ᠦᠶ᠎ᠡ - ᠵᠡᠭᠦᠨ ᠦᠵᠦᠮᠦᠴᠢᠨ ᠬᠤᠰᠢᠭᠤᠨ ᠤ ᠤᠯᠤᠰ ᠤᠨ ᠲᠠᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠤᠯᠬᠤ ᠵᠢᠩᠰᠡᠲᠡᠢ ᠠᠭᠤᠢ ᠶᠢᠨ ᠪᠠᠭᠤᠷᠢ ᠠᠴᠠ ᠮᠠᠯᠲᠠᠵᠤ ᠭᠠᠷᠭᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ︾ ᠰᠢᠯᠢ ᠶᠢᠨ ᠭᠤᠣᠯ ᠠᠶᠢᠮᠠᠭ ᠤᠨ ᠮᠦᠽᠧᠢ ᠳᠤ ᠶᠠᠪᠤᠭᠳᠠᠵᠤ᠂ ᠨᠡᠶᠢᠲᠡ 370 ᠬᠤᠪᠢ ᠲᠡᠦᠬᠡ ᠶᠢᠨ ᠳᠤᠷᠠᠰᠬᠠᠯᠲᠤ  ᠵᠦᠢᠯᠡᠰ ᠢ ᠳᠡᠯᠭᠡᠨ ᠦᠵᠡᠭᠦᠯᠵᠦ᠂ ᠠᠬᠤᠢ ᠲᠠᠯᠠᠪᠠᠢ ᠳᠤ ᠥᠷᠭᠡᠨ ᠤᠯᠠᠨ ᠦᠵᠡᠭᠴᠢᠳ ᠲᠤ ᠵᠢᠩᠰᠡᠲᠡᠢ ᠠᠭᠤᠢ ᠶᠢᠨ ᠪᠠᠭᠤᠷᠢ ᠠᠴᠠ ᠮᠠᠯᠲᠠᠨ ᠭᠠᠷᠭᠠᠭᠰᠠᠨ ᠬᠠᠭᠤᠴᠢᠨ ᠴᠢᠯᠠᠭᠤᠨ ᠵᠡᠪᠰᠡᠭ ᠤᠨ ᠲᠤᠬᠠᠢ ᠲᠠᠶᠢᠯᠪᠤᠷᠢᠯᠠᠵᠤ᠂ ᠬᠥᠮᠥᠨ ᠲᠥᠷᠥᠯᠬᠢᠲᠡᠨ ᠬᠡᠷᠬᠢᠨ ᠠᠯᠬᠤᠮ ᠠᠯᠬᠤᠮ ᠢᠶᠠᠷ ᠤᠳᠤ ᠦᠶ᠎ᠡ ᠶᠢᠨ ᠪᠣᠯᠪᠠᠰᠤᠨ ᠳᠤ ᠭᠦᠷᠦᠭᠰᠡᠨ ᠢ ᠲᠠᠨᠢᠯᠴᠠᠭᠤᠯᠤᠭᠰᠠᠨ ᠪᠠᠶᠢᠨ᠎ᠠ᠃   ᠡᠭᠦᠨ ᠠᠴᠠ ᠭᠠᠳᠠᠨ᠎ᠠ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠮᠦᠽᠧᠢ ᠨᠢ ᠰᠢᠨ᠎ᠡ ᠮᠡᠷᠭᠡᠵᠢᠯ ᠰᠢᠨ᠎ᠡ ᠵᠠᠭᠤᠴᠢᠯᠠᠭᠤᠷ ᠢ ᠠᠰᠢᠭᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠰᠢᠨ᠎ᠡ ᠬᠡᠪ ᠵᠠᠭᠪᠤᠷ ᠢ ᠴᠣᠭᠴᠠᠯᠠᠨ᠂ ᠰᠢᠭᠤᠳ ᠨᠡᠪᠲᠡᠷᠡᠭᠦᠯᠭᠡ᠂ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠪᠠ ᠰᠦᠯᠵᠢᠶᠡᠨ ᠳᠠᠬᠢ ᠬᠠᠮᠲᠤᠷᠠᠭᠰᠠᠨ ᠠᠵᠢᠯᠯᠠᠭ᠎ᠠ ᠵᠡᠷᠭᠡ ᠤᠯᠠᠨ ᠵᠦᠢᠯ ᠤᠨ ᠭᠡᠯᠪᠡᠷᠢ ᠪᠠᠷ ᠠᠷᠠᠳ ᠤᠯᠠᠨ ᠳᠤ ︽ᠡᠭᠦᠯᠡᠨ ᠦᠢᠯᠡᠴᠢᠯᠡᠭᠡ︾ ᠬᠠᠩᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠨ ᠬᠦ ︽ᠠᠮᠢᠯᠠᠭᠤᠯᠵᠤ︾᠂ ᠲᠠᠯ᠎ᠠ ᠨᠤᠲᠤᠭ ᠤᠨ ᠰᠣᠶᠣᠯ ᠪᠣᠯᠪᠠᠰᠤᠨ ᠤ ᠭᠡᠷᠡᠯ ᠭᠢᠯᠪᠠᠭ᠎ᠠ ᠶᠢ ᠪᠦᠭᠦ ᠤᠯᠤᠰ᠂ ᠴᠢᠨᠠᠭᠰᠢᠯᠠᠨ ᠪᠦᠭᠦ ᠳᠡᠯᠡᠬᠡᠢ ᠳᠤ ᠰᠠᠴᠤᠷᠠᠭᠤᠯᠵᠤ ᠪᠠᠶᠢᠳᠠᠭ ᠰᠠᠨ᠃   ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠤᠨ ᠬᠢᠨ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠪᠦᠭᠦ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢᠯᠡᠷᠬᠡᠢ ᠦᠷ᠎ᠡ ᠪᠦᠲᠦᠮᠵᠢ ᠣᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠨᠢᠭᠡᠴᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠠᠯᠬᠤᠮ ᠠᠯᠬᠤᠮ ᠢᠶᠠᠷ ᠥᠷᠭᠡᠳᠴᠦ᠂ ᠲᠡᠦᠬᠡ ᠶᠢᠨ ᠳᠤᠷᠠᠰᠬᠠᠯᠲᠤ ᠵᠦᠢᠯᠡᠰ ᠪᠣᠯᠣᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠨᠡᠩ ᠢᠯᠡᠭᠦᠦ ᠭᠦᠨᠵᠡᠭᠡᠶᠢᠷᠡᠭᠦᠯᠦᠨ᠂ ᠡᠯ᠎ᠡ ᠵᠦᠢᠯ ᠤᠨ ᠠᠵᠢᠯ ᠳᠠᠭᠠᠨ ᠢᠯᠠᠭᠤᠭᠰᠠᠨ ᠠᠮᠵᠢᠯᠲᠠ ᠣᠯᠵᠤ ᠪᠠᠶᠢᠨ᠎ᠠ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ