ᠬᠢᠳᠠᠨ ᠯᠢᠶᠤᠤ ᠶᠢᠨ ᠭᠠᠶᠢᠬᠠᠮᠰᠢᠭ - ᠶᠧᠯᠢᠦᠢ ᠢᠦᠢ ᡁᠢ ᠶᠢᠨ ᠤᠡᠭᠭᠤᠨ
ᠨᠡᠶᠢᠲᠡᠯᠡᠭᠰᠡᠨ ᠴᠠᠭ᠄
2022/10/21
    ᠵᠣᠬᠢᠶᠠᠭᠴᠢ᠄ ᠰᠢᠶᠠᠩ ᠲᠤᠤ         ᠨᠠᠶᠢᠷᠠᠭᠤᠯᠤᠭᠴᠢ ᠶᠢᠨ ᠦᠭᠡ᠄ ᠮᠠᠨ ᠤ ᠣᠷᠣᠨ ᠬᠠᠭᠤᠴᠢ ᠰᠤᠳᠤᠯᠤᠯ ᠤᠨ ᠠᠵᠢᠯ ᠢ ᠬᠦᠨᠳᠦᠳᠬᠡᠨ ᠴᠢᠬᠤᠯᠠᠴᠢᠯᠠᠭᠰᠠᠭᠠᠷ ᠢᠷᠡᠭᠰᠡᠨ ᠶᠤᠮ᠃ ᠨᠡᠩ ᠴᠦ ᠮᠠᠨ ᠤ ᠣᠷᠣᠨ ᠤ ᠬᠠᠭᠤᠴᠢ ᠰᠤᠳᠤᠯᠤᠯ ᠤᠨ ᠲᠠᠯ᠎ᠠ ᠪᠠᠷ ᠬᠢ ᠠᠮᠵᠢᠯᠲᠠ ᠪᠦᠲᠦᠮᠵᠢ ᠶᠢ ᠭᠦᠢᠴᠡᠳ ᠢᠯᠡᠷᠡᠭᠦᠯᠦᠭᠰᠡᠨ 10 ᠶᠡᠭᠡ ᠢᠯᠡᠷᠡᠭᠦᠯᠦᠯᠲᠡ ᠨᠢ ᠪᠦᠭᠦ ᠤᠯᠤᠰ ᠤᠨ ᠴᠢᠬᠤᠯᠠ ᠶᠡᠭᠡ ᠬᠠᠭᠤᠴᠢ ᠰᠤᠳᠤᠯᠤᠯ ᠤᠨ ᠢᠯᠡᠷᠡᠭᠦᠯᠦᠯᠲᠡ᠂ ᠪᠦᠭᠦ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠪᠠᠷ ᠤᠷᠢᠳ ᠬᠤᠵᠢᠳ ᠦᠨᠡᠯᠡᠭᠳᠡᠵᠦ ᠥᠩᠭᠡᠷᠡᠭᠰᠡᠨ ᠪᠠᠶᠢᠨ᠎ᠠ᠃    ᠡᠳᠡᠭᠡᠷ ᠢᠯᠡᠷᠡᠭᠦᠯᠦᠯᠲᠡ ᠨᠢ ᠮᠠᠨ ᠤ ᠣᠷᠣᠨ ᠤ ᠦᠨᠳᠦᠰᠦᠲᠡᠨ ᠨᠦᠭᠦᠳ ᠤᠨ ᠲᠡᠦᠬᠡ ᠶᠢ ᠰᠤᠳᠤᠯᠬᠤ᠂ ᠤᠮᠠᠷᠠᠲᠤ ᠣᠷᠣᠨ ᠪᠠ ᠲᠤᠮᠲᠠᠳᠤ ᠣᠷᠣᠨ ᠤ ᠬᠠᠷᠢᠴᠠᠭ᠎ᠠ ᠶᠢ ᠰᠤᠳᠤᠯᠬᠤ᠂ ᠦᠨᠳᠦᠰᠦᠲᠡᠨ ᠨᠦᠭᠦᠳ ᠤᠨ ᠬᠤᠭᠤᠷᠤᠨᠲᠦᠭᠢ ᠬᠠᠷᠢᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠰᠤᠳᠤᠯᠬᠤ ᠵᠢᠴᠢ ᠮᠠᠨ ᠤ ᠤᠯᠤᠰ ᠤᠨ ᠡᠷᠲᠡᠨ ᠤ ᠦᠨᠳᠦᠰᠦᠲᠡᠨ ᠨᠦᠭᠦᠳ ᠪᠠ ᠳᠡᠯᠡᠬᠡᠢ ᠶᠢᠨ ᠡᠯ᠎ᠡ ᠤᠯᠤᠰ ᠤᠨ ᠦᠨᠳᠦᠰᠦᠲᠡᠨ ᠨᠦᠭᠦᠳ ᠤᠨ ᠬᠤᠭᠤᠷᠤᠨᠳᠤᠭᠢ ᠤᠯᠠᠮᠵᠢᠯᠠᠯᠲᠤ ᠨᠥᠬᠦᠷᠯᠡᠯ ᠢ ᠰᠤᠳᠤᠯᠬᠤ ᠳᠤ ᠪᠦᠷ ᠴᠢᠬᠤᠯᠠ ᠪᠣᠳᠠᠲᠤ ᠮᠠᠲ᠋ᠧᠷᠢᠶᠠᠯ ᠭᠡᠷᠡᠴᠢ ᠪᠠᠷᠢᠮᠲᠠ ᠪᠣᠯᠤᠭᠰᠠᠨ ᠶᠤᠮ᠃    ᠥᠨᠥᠳᠥᠷ ᠠᠴᠠ ᠡᠬᠢᠯᠡᠨ ︽ᠰᠣᠶᠣᠯ ᠤᠷᠠᠯᠢᠭ︾ ᠲᠤᠰᠬᠠᠢ ᠬᠡᠪᠯᠡᠯ ᠮᠠᠨ ᠤ ᠣᠷᠣᠨ ᠤ ᠬᠠᠭᠤᠴᠢ ᠰᠤᠳᠤᠯᠤᠯ ᠤᠨ ᠴᠢᠬᠤᠯᠠ ᠶᠡᠭᠡ ᠢᠯᠡᠷᠡᠭᠦᠯᠦᠯᠲᠡ ᠶᠢ ᠲᠠᠨᠢᠯᠴᠠᠭᠤᠯᠵᠤ᠂ ᠤᠩᠰᠢᠭᠴᠢᠳ ᠲᠠᠢ ᠪᠠᠨ ᠬᠠᠮᠲᠤ ᠪᠠᠷ ᠤᠮᠠᠷᠠᠲᠤ ᠶᠢᠨ ᠥᠨᠳᠦᠷᠯᠢᠭ ᠤᠨ ᠡᠷᠲᠡᠨ ᠤ ᠪᠣᠯᠪᠠᠰᠤᠨ ᠤ ᠲᠡᠦᠬᠡᠨ ᠬᠥᠭᠵᠢᠯᠲᠡ ᠶᠢᠨ ᠤᠯᠠ ᠮᠥᠷ ᠢ ᠬᠠᠶᠢᠬᠤ ᠪᠣᠯᠣᠨ᠎ᠠ᠃
6374371347315230122605388.jpg
     ᠶᠧᠯᠢᠦᠢ ᠢᠦᠢ ᡁᠢ ᠶᠢᠨ ᠤᠡᠭᠭᠤᠨ ᠪᠣᠯ 1992 ᠣᠨ ᠤ ᠪᠦᠭᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠶᠢᠨ ᠨᠢᠭᠡ ᠪᠣᠯᠣᠨ᠎ᠠ᠃ ᠲᠤᠰ ᠤᠡᠭᠭᠤᠨ ᠨᠢ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠠᠨᠰᠦ᠋ᠮ᠎ᠠ ᠰᠤᠮᠤᠨ ᠤ ᠭᠤᠷᠪᠠᠨᠬᠤᠰᠢᠭᠤ ᠭᠠᠴᠠᠭ᠎ᠠ ᠶᠢᠨ ᠴᠣᠭᠲᠤ ᠠᠭᠤᠯᠠᠨ ᠳᠤ ᠪᠠᠶᠢᠷᠢᠯᠠᠳᠠᠭ᠃ 1992 ᠣᠨ ᠪᠠ 1993 ᠣᠨ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡᠨ ᠳᠤᠷᠠᠰᠬᠠᠯᠲᠤ ᠵᠦᠢᠯ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ᠂ ᠤᠯᠠᠭᠠᠨᠬᠠᠳᠠ ᠬᠤᠲᠠ ᠶᠢᠨ ᠮᠦᠽᠧᠢ᠂ ᠠᠷᠤ ᠬᠤᠷᠴᠢᠨ ᠬᠤᠰᠢᠭᠤᠨ ᠤ ᠲᠡᠦᠬᠡᠨ ᠳᠤᠷᠠᠰᠬᠠᠯᠲᠤ ᠵᠦᠢᠯᠡᠰ ᠤᠨ ᠬᠠᠮᠢᠶᠠᠷᠤᠯᠲᠠ ᠶᠢᠨ ᠭᠠᠵᠠᠷ ᠬᠠᠮᠲᠤᠷᠠᠨ ᠲᠤᠰ ᠤᠡᠭᠭᠤᠨ ᠳᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠭᠰᠡᠨ ᠪᠠᠶᠢᠨ᠎ᠠ᠃    ᠲᠤᠰ ᠤᠡᠭᠭᠤᠨ ᠤ ᠰᠦᠷᠦᠭᠵᠢᠯ ᠨᠢ ᠪᠠᠷᠤᠭ 8 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠠᠶᠢᠵᠤ᠂ ᠨᠡᠶᠢᠳᠡ 20 ᠭᠠᠷᠤᠢ ᠤᠡᠭᠭᠤᠨ ᠲᠠᠷᠬᠠᠨ ᠪᠠᠶᠢᠷᠢᠰᠢᠵᠠᠢ᠃ ᠲᠤᠰ ᠤᠡᠭᠭᠤᠨ ᠳᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠵᠦ᠂ ᠢᠯᠡᠷᠡᠭᠦᠯᠦᠭᠰᠡᠨ ᠲᠡᠦᠬᠡᠨ ᠳᠤᠷᠠᠰᠬᠠᠯᠲᠤ ᠵᠦᠢᠯ ᠤᠳ ᠢ ᠨᠢ ᠰᠤᠳᠤᠯᠤᠨ ᠮᠠᠭᠠᠳᠯᠠᠬᠤ ᠪᠠᠷ ᠲᠠᠮᠵᠢᠵᠦ᠂ ᠬᠢᠳᠠᠨ ᠯᠢᠶᠤᠤ ᠶᠢᠨ ᠲᠡᠦᠬᠡ᠂ ᠴᠠᠭᠠᠰᠢᠯᠠᠪᠠᠯ ᠡᠷᠲᠡᠨ ᠤ ᠤᠮᠠᠷᠠᠲᠤ ᠶᠢᠨ ᠦᠨᠳᠦᠰᠦᠲᠡᠨ ᠤ ᠲᠡᠦᠬᠡᠨ ᠳᠡᠭᠡᠷ᠎ᠡ ᠣᠮᠲᠣᠭᠠᠶᠢᠯᠠᠵᠤ ᠪᠣᠯᠣᠰᠢ ᠦᠭᠡᠢ ᠴᠢᠬᠤᠯᠠ ᠨᠢᠭᠡᠨ ᠲᠡᠦᠬᠡᠨ ᠬᠥᠮᠥᠨ ᠶᠧᠯᠢᠦᠢ ᠢᠦᠢ ᡁᠢ ᠶᠢᠨ ᠡᠴᠢᠨ᠎ᠡ ᠨᠢᠭᠤᠴᠠᠭᠠᠢ ᠳᠦᠷᠢ ᠠᠭᠠᠵᠢᠮ ᠢᠶᠠᠷ ᠲᠣᠳᠣᠷᠠᠵᠤ ᠢᠷᠡᠯ᠎ᠡ ᠁
6374371349058084106833556.jpg
       ᠶᠧᠯᠢᠦᠢ ᠢᠦᠢ ᡁᠢ ᠭᠡᠭᠴᠢ ᠬᠡᠨ ᠪᠤᠢ      ᠶᠧᠯᠢᠦᠢ ᠢᠦᠢ ᡁᠢ ᠪᠣᠯ ᠬᠢᠳᠠᠨ ᠬᠠᠭᠠᠨ ᠤ ᠤᠭᠰᠠᠭ᠎ᠠ ᠶᠢᠨ ᠭᠡᠰᠢᠭᠦᠨ᠂ ᠶᠡᠭᠡ ᠲᠦᠰᠢᠮᠡᠯ᠂ ᠯᠢᠶᠤᠤ ᠲᠠᠶᠢᠽᠦ ᠶᠧᠯᠢᠦᠢ ᠠᠪᠤᠤᠵᠢ ᠶᠢᠨ ᠦᠶᠡᠯᠢᠳ ᠳᠡᠭᠦᠦ ᠪᠣᠯᠣᠨ᠎ᠠ᠃ ᠶᠧᠯᠢᠦᠢ ᠢᠦᠢ ᡁᠢ ᠦᠶᠡᠯᠢᠳ ᠠᠬ᠎ᠠ ᠶᠧᠯᠢᠦᠢ ᠠᠪᠤᠤᠵᠢ ᠪᠠᠨ ᠲᠠᠭᠠᠵᠦ ᠲᠠᠯ᠎ᠠ ᠨᠤᠲᠤᠭ ᠳᠡᠭᠡᠷ᠎ᠡ ᠡᠷᠡᠯᠬᠡᠭᠯᠡᠨ ᠪᠠᠶᠢᠯᠳᠤᠵᠤ᠂ ᠬᠢᠳᠠᠨ ᠤᠯᠤᠰ ᠪᠦᠧᠧᠬᠠᠢ ᠤᠯᠤᠰ ᠢ ᠡᠷᠬᠡᠰᠢᠶᠡᠭᠰᠡᠨ ᠤ ᠲᠠᠷᠠᠭ᠎ᠠ ᠳ᠋ᠦᠩ ᠳ᠋ᠠᠨ ᠤᠯᠤᠰ ᠢ ᠪᠠᠶᠢᠭᠤᠯᠵᠤ᠂ ᠶᠧᠯᠢᠦᠢ ᠢᠦᠢ ᡁᠢ ᠳ᠋ᠦᠩ ᠳ᠋ᠠᠨ ᠤᠯᠤᠰ ᠤᠨ ᠵᠦᠩ ᠲᠠᠢ ᠮᠤᠵᠢ ᠶᠢᠨ ᠪᠠᠷᠠᠭᠤᠨ ᠭᠠᠷ ᠤᠨ ᠳᠡᠳ᠋ ᠴᠧᠩᠰᠢᠶᠠᠩ ᠤᠨ ᠲᠤᠰᠢᠶᠠᠯ ᠢ ᠡᠭᠦᠷᠭᠡᠯᠡᠵᠡᠢ᠃ ᠳ᠋ᠦᠩ ᠳ᠋ᠠᠨ ᠤᠯᠤᠰ ᠤᠨ ᠤᠯᠤᠰ ᠤᠨ ᠸᠠᠩ ᠶᠧᠯᠢᠦᠢ ᠪᠧᠢ ᠬᠠᠭᠠᠨ ᠰᠠᠭᠤᠷᠢᠨ ᠢ ᠪᠤᠯᠢᠶᠠᠯᠳᠤᠵᠤ ᠳᠡᠶᠢᠯᠦᠭᠳᠡᠭᠡᠳ ᠠᠷᠭ᠎ᠠ ᠦᠭᠡᠢ ᠶᠠᠪᠤᠭᠰᠠᠨ ᠠᠴᠠ ᠬᠤᠶᠢᠰᠢ ᠶᠧᠯᠢᠦᠢ ᠢᠦᠢ ᡁᠢ ᠬᠡᠷᠡᠭ ᠳᠡᠭᠡᠷ᠎ᠡ ᠪᠠᠨ ᠳ᠋ᠦᠩ ᠳ᠋ᠠᠨ ᠤᠯᠤᠰ ᠤᠨ ᠨᠣᠶᠠᠷᠬᠠᠭᠴᠢ ᠪᠣᠯᠤᠭᠰᠠᠨ ᠪᠢᠯᠡ᠃ ᠵᠠᠰᠠᠭ ᠪᠠᠷᠢᠵᠤ ᠪᠠᠶᠢᠭᠰᠠᠨ ᠬᠤᠭᠤᠴᠠᠭᠠᠨ ᠳᠠᠭᠠᠨ ᠶᠧᠯᠢᠦᠢ ᠢᠦᠢ ᡁᠢ ᠤᠯᠤᠰ ᠲᠦᠷᠦ ᠶᠢᠨ ᠭᠠᠷᠮᠠᠭᠠᠢ ᠴᠢᠳᠠᠪᠤᠷᠢ ᠪᠠᠷ ᠢᠶᠠᠨ ᠳ᠋ᠦᠩ ᠳ᠋ᠠᠨ ᠤᠯᠤᠰ ᠤᠨ ᠲᠦᠷᠦ ᠪᠠᠶᠢᠳᠠᠯ ᠢ ᠲᠦᠪᠰᠢᠳᠬᠡᠵᠦ᠂ ᠤᠷᠢᠳ ᠬᠤᠵᠢᠳ ᠵᠡᠭᠦᠨ ᠭᠠᠷ ᠤᠨ ᠴᠧᠩᠰᠢᠶᠠᠩ᠂ ᠲᠠᠢ ᠸᠧᠢ᠂ ᠲᠠᠢ ᠹᠦ᠋ ᠵᠡᠷᠭᠡ ᠲᠤᠰᠢᠶᠠᠯ ᠳᠤ ᠪᠠᠶᠢᠵᠤ ᠥᠩᠭᠡᠷᠡᠵᠡᠢ᠃
6374371350507134343857472.jpg
     ᠯᠢᠶᠤᠤ ᠤᠯᠤᠰ ᠤᠨ ᠾᠦᠢ ᠲᠦᠩ ᠤᠨ ᠳᠥᠷᠪᠡᠳᠦᠭᠡᠷ ᠣᠨ᠂ ᠳᠠᠷᠤᠢ 941 ᠣᠨ ᠳᠤ᠂ ᠯᠢᠶᠤᠤ ᠤᠯᠤᠰ ᠤᠨ ᠬᠠᠭᠠᠨ ᠤ ᠣᠷᠳᠣᠨ ᠳᠤ ᠬᠡᠷᠬᠡᠮ ᠡᠷᠭᠦᠮᠵᠢᠯᠡᠬᠦ ᠶᠣᠰᠣᠯᠠᠯ ᠬᠢᠬᠦ ᠳᠤ᠂ ᠶᠧᠯᠢᠦᠢ ᠢᠦᠢ ᡁᠢ ᠨᠡᠶᠢᠰᠯᠡᠯ ᠳᠤ ᠣᠷᠣᠵᠤ ᠬᠠᠭᠠᠨ ᠲᠠᠢ ᠵᠣᠯᠭᠠᠬᠤ ᠵᠠᠪᠰᠢᠶᠠᠨ ᠢᠶᠠᠷ ᠳ᠋ᠦᠩ ᠳ᠋ᠠᠨ ᠤᠯᠤᠰ ᠤᠨ ᠵᠡᠭᠦᠨ ᠭᠠᠷ ᠤᠨ ᠳᠡᠳ᠋ ᠴᠧᠩᠰᠢᠶᠠᠩ ᠪᠦᠧᠧᠬᠠᠢ ᠶᠧᠯᠢᠦᠢ ᠰᠦᠶᠢᠨ ᠱᠠᠮᠰᠢᠵᠤ ᠬᠠᠤᠯᠢ ᠠᠴᠠ ᠵᠥᠷᠢᠴᠡᠭᠰᠡᠨ ᠬᠡᠷᠡᠭ ᠢ ᠮᠡᠳᠡᠭᠦᠯᠭᠦ ᠪᠠᠷ ᠪᠠᠵᠠᠭᠠᠵᠤ ᠪᠠᠶᠢᠵᠠᠢ᠃ ᠭᠡᠪᠡᠴᠦ ᠬᠠᠭᠠᠨ ᠤ ᠣᠷᠳᠣᠨ ᠠᠴᠠ ᠲᠤᠰ ᠬᠡᠷᠡᠭ ᠢ ᠡᠬᠢᠯᠡᠵᠦ ᠪᠠᠶᠢᠴᠠᠭᠠᠬᠤ ᠠᠴᠠ ᠡᠮᠦᠨ᠎ᠡ ᠶᠧᠯᠢᠦᠢ ᠢᠦᠢ ᡁᠢ 8 ᠰᠠᠷ᠎ᠠ ᠶᠢᠨ 11 ᠎ ᠤ ᠡᠳᠦᠷ 52 ᠨᠠᠰᠤᠲᠠᠢ ᠳᠠᠭᠠᠨ ᠨᠠᠰᠤ ᠪᠠᠷᠠᠭᠰᠠᠨ ᠶᠤᠮ᠃ ᠯᠢᠶᠤᠤ ᠤᠯᠤᠰ ᠤᠨ ᠾᠦᠢ ᠲᠦᠩ ᠤᠨ ᠲᠠᠪᠤᠳᠤᠭᠠᠷ ᠣᠨ᠂ ᠳᠠᠷᠤᠢ 942 ᠣᠨ ᠤ 3 ᠰᠠᠷ᠎ᠠ ᠶᠢᠨ 6 ᠎ ᠤ ᠡᠳᠦᠷ᠂ ᠶᠧᠯᠢᠦᠢ ᠢᠦᠢ ᡁᠢ ᠶᠢ ᠤᠲᠤ ᠶᠢᠨ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠬᠠᠨᠰᠦ᠋ᠮ᠎ᠠ ᠰᠤᠮᠤᠨ ᠤ ᠭᠤᠷᠪᠠᠨᠬᠤᠰᠢᠭᠤ ᠭᠠᠴᠠᠭᠠᠨ ᠤ ᠴᠣᠭᠲᠤ ᠠᠭᠤᠯᠠ ᠶᠢᠨ ᠡᠮᠦᠨ᠎ᠡ ᠬᠤᠷᠮᠣᠢ ᠳᠤ ᠣᠷᠣᠰᠢᠭᠤᠯᠤᠭᠰᠠᠨ ᠪᠠᠶᠢᠨ᠎ᠠ᠃   ᠤᠡᠭᠭᠤᠨ ᠠᠴᠠ ᠶᠠᠭᠤ ᠢᠯᠡᠷᠡᠭᠦᠯᠦᠭᠰᠡᠨ ᠪᠤᠢ     1992 ᠣᠨ ᠳᠤ ᠬᠠᠭᠤᠴᠢ ᠰᠤᠳᠤᠯᠤᠭᠠᠴᠢᠳ ᠴᠣᠭᠲᠤ ᠠᠭᠤᠯᠠᠨ ᠠᠴᠠ ᠶᠧᠯᠢᠦᠢ ᠢᠦᠢ ᡁᠢ ᠶᠢᠨ ᠤᠡᠭᠭᠤᠨ ᠢ ᠢᠯᠡᠷᠡᠭᠦᠯᠭᠦ ᠶᠢᠨ ᠬᠠᠮᠲᠤ᠂ ᠯᠢᠶᠤᠤ ᠤᠯᠤᠰ ᠤᠨ ᠤᠯᠤᠰ ᠲᠦᠷᠦ ᠠᠵᠤ ᠠᠬᠤᠢ᠂ ᠰᠣᠶᠣᠯ ᠤᠷᠠᠯᠢᠭ ᠵᠡᠷᠭᠡ ᠲᠠᠯ᠎ᠠ ᠪᠠᠷ ᠬᠢ ᠴᠢᠬᠤᠯᠠ ᠠᠮᠵᠢᠯᠲᠠ ᠶᠢ ᠳᠡᠯᠡᠬᠡᠢ ᠳ᠋ᠠᠬᠢᠨ᠎ᠠ ᠳᠡᠯᠭᠡᠨ ᠬᠠᠷᠠᠭᠤᠯᠤᠭᠰᠠᠨ ᠶᠤᠮ᠃     ᠶᠧᠯᠢᠦᠢ ᠢᠦᠢ ᡁᠢ ᠶᠢᠨ ᠤᠡᠭᠭᠤᠨ ᠲᠤᠭᠤᠰᠭ᠋᠎ᠠ ᠴᠢᠯᠠᠭᠤ ᠶᠢᠨ ᠪᠦᠲᠦᠴᠡ ᠲᠠᠢ᠃ ᠱᠠᠲᠤ ᠭᠡᠯᠪᠡᠷᠢ ᠲᠠᠢ ᠵᠠᠮ ᠢᠶᠠᠷ ᠳᠣᠲᠣᠭᠰᠢᠯᠠᠪᠠᠯ ᠳᠡᠭᠡᠭᠦᠷ ᠢᠶᠠᠨ ᠰᠢᠬᠠᠭᠤ᠂ ᠳᠣᠣᠭᠤᠷ ᠢᠶᠠᠨ ᠠᠭᠤᠵᠢᠭᠤ ᠪᠦᠲᠦᠴᠡ ᠲᠠᠢ ᠤᠡᠭᠭᠤᠨ ᠳᠤ ᠣᠷᠣᠨ᠎ᠠ᠃ ᠦᠷᠦᠵᠦ ᠱᠦᠷᠭᠦᠭᠡᠭᠰᠡᠨ ᠲᠣᠮᠣ ᠴᠢᠯᠠᠭᠤ ᠪᠠᠷ ᠤᠡᠭᠭᠤᠨ ᠤ ᠬᠠᠭᠠᠯᠭ᠎ᠠ ᠪᠤᠯᠭᠠᠵᠦ᠂ ᠬᠠᠭᠠᠯᠭᠠᠨ ᠳᠡᠭᠡᠷ᠎ᠡ ᠱᠢᠷᠦᠨ ᠤᠯᠠᠭᠠᠨ ᠥᠩᠭᠡ ᠪᠠᠷ ᠳᠡᠪᠢᠰᠬᠡᠷ ᠥᠩᠭᠡ ᠪᠤᠯᠭᠠᠵᠦ᠂ ᠮᠠᠨᠲᠠᠷᠸ᠎ᠠ ᠴᠡᠴᠡᠭ᠂ ᠭᠠᠷᠤᠳᠢ ᠰᠢᠪᠠᠭᠤ᠂ ᠰᠢᠷ᠎ᠠ ᠴᠡᠴᠡᠭ ᠵᠡᠷᠭᠡ ᠶᠢ ᠵᠢᠷᠤᠭᠰᠠᠨ ᠪᠠᠶᠢᠨ᠎ᠠ᠃
6374371352034006875455682.jpg
     ᠤᠡᠭᠭᠤᠨ ᠤ ᠬᠤᠩᠭᠢᠯ ᠪᠠ ᠴᠢᠬᠢᠨ ᠭᠡᠷ ᠢ ᠮᠥᠨ ᠴᠢᠯᠠᠭᠤᠨ ᠬᠠᠪᠲᠠᠰᠤ ᠪᠠᠷ ᠪᠦᠲᠦᠭᠡᠭᠰᠡᠨ ᠪᠠᠶᠢᠳᠠᠭ᠃ ᠠᠳᠡ ᠦᠨᠡᠨ ᠳᠡᠭᠡᠨ ᠴᠠᠭᠠᠨ ᠴᠣᠬᠤᠢ ᠪᠠᠷ ᠴᠣᠬᠤᠶᠢᠳᠠᠵᠤ᠂ ᠳᠡᠭᠡᠷ᠎ᠡ ᠨᠢ ᠨᠠᠷᠢᠯᠢᠭ ᠭᠤᠶᠤ ᠬᠠᠨ᠎ᠠ ᠶᠢᠨ ᠵᠢᠷᠤᠭ ᠵᠢᠷᠤᠭᠠᠰᠤᠲᠠᠢ ᠪᠠᠶᠢᠭᠰᠠᠨ ᠶᠤᠮ᠃ ᠭᠡᠪᠡᠴᠦ ᠣᠨ ᠵᠢᠯ ᠥᠩᠭᠡᠷᠡᠬᠦ ᠶᠢ ᠳᠠᠭᠠᠯᠳᠤᠨ ᠬᠠᠨ᠎ᠠ ᠶᠢᠨ ᠵᠢᠷᠤᠭ ᠨᠢ ᠪᠠᠯᠠᠷᠠᠨ ᠠᠷᠢᠯᠵᠤ᠂ ᠵᠦᠪᠭᠡᠨ ᠤᠡᠭᠭᠤᠨ ᠤ ᠣᠷᠣᠢ ᠶᠢᠨ ᠬᠡᠰᠡᠭ ᠲᠠᠬᠢ ᠲᠣᠭᠤᠷᠤᠤ ᠶᠢᠨ ᠵᠢᠷᠤᠭ ᠨᠢ ᠵᠣᠯ ᠢᠶᠠᠷ ᠦᠯᠡᠳᠡᠵᠡᠢ᠃ ᠤᠡᠭᠭᠤᠨ ᠤ ᠬᠤᠩᠭᠢᠯ ᠳᠤ᠂ ᠶᠧᠯᠢᠦᠢ ᠢᠦᠢ ᡁᠢ ᠶᠢᠨ ᠨᠢᠭᠡ ᠨᠠᠰᠦᠨ ᠤ ᠦᠢᠯᠡ ᠶᠠᠪᠤᠳᠠᠯ ᠢ ᠲᠡᠮᠳᠡᠭᠯᠡᠭᠰᠡᠨ ᠬᠥᠰᠢᠶᠡᠨ ᠪᠢᠴᠢᠭᠡᠰᠦ ᠶᠢ ᠲᠠᠯᠪᠢᠵᠤ᠂ ᠬᠥᠰᠢᠶᠡᠨ ᠪᠢᠴᠢᠭᠡᠰᠦ ᠶᠢᠨ ᠬᠤᠶᠠᠷ ᠲᠠᠯ᠎ᠠ ᠎ ᠳᠤᠨᠢ ᠵᠡᠭᠦᠨ ᠪᠠᠷᠠᠭᠤᠨ ᠬᠤᠶᠠᠷ ᠴᠢᠬᠢᠨ ᠭᠡᠷ ᠪᠠᠶᠢᠷᠢᠯᠠᠵᠠᠢ᠃     ᠤᠡᠭᠭᠤᠨ ᠤ ᠭᠤᠣᠯ ᠭᠡᠷ ᠳᠥᠷᠪᠡᠯᠵᠢᠨ ᠭᠡᠯᠪᠡᠷᠢ ᠲᠠᠢ᠂ ᠲᠣᠭᠤᠷᠢᠭ ᠣᠷᠣᠢ ᠲᠠᠢ᠂ ᠲᠦᠷᠪᠡᠨ ᠬᠠᠨ᠎ᠠ ᠪᠠ ᠤᠡᠭᠭᠤᠨ ᠤ ᠣᠷᠣᠢ ᠵᠢᠴᠢ ᠠᠪᠰᠠ ᠲᠠᠯᠪᠢᠬᠤ ᠬᠤᠶᠠᠷ ᠣᠷᠣ ᠶᠢ ᠪᠦᠷ ᠨᠣᠭᠤᠭᠠᠨ ᠥᠩᠭᠡ ᠲᠠᠢ ᠰᠢᠯ ᠲᠤᠭᠤᠰᠭ᠋᠎ᠠ ᠪᠠᠷ ᠵᠡᠷᠭᠡᠯᠡᠵᠦ ᠪᠦᠲᠦᠭᠡᠭᠰᠡᠨ ᠪᠠᠶᠢᠳᠠᠭ᠃ ᠬᠠᠭᠤᠴᠢ ᠰᠤᠳᠤᠯᠤᠯ ᠤᠨ ᠲᠤᠰᠬᠠᠢ ᠮᠡᠷᠭᠡᠵᠢᠯᠲᠡᠳ ᠤᠨ ᠵᠠᠳᠠᠯᠤᠭᠰᠠᠨ ᠢᠶᠠᠷ ᠲᠤᠰ ᠤᠡᠭᠭᠤᠨ ᠤ ᠭᠤᠣᠯ ᠭᠡᠷ ᠤᠨ ᠬᠤᠶᠢᠲᠤ ᠬᠠᠨ᠎ᠠ ᠶᠢᠨ ᠳᠣᠣᠷᠠᠬᠢ ᠠᠪᠰᠠ ᠨᠢ ᠶᠧᠯᠢᠦᠢ ᠢᠦᠢ ᡁᠢ ᠶᠢᠨ ᠪᠠᠶᠢᠵᠤ᠂ ᠵᠡᠭᠦᠨ ᠬᠠᠨ᠎ᠠ ᠶᠢᠨ ᠳᠣᠣᠷᠠᠬᠢ ᠠᠪᠰᠠ ᠨᠢ ᠲᠡᠭᠦᠨ ᠤ ᠬᠠᠲᠤᠨ ᠤ ᠬᠢᠨᠢ ᠪᠣᠯᠣᠨ᠎ᠠ᠃ ᠤᠡᠭᠭᠤᠨ ᠤ ᠵᠡᠭᠦᠨ ᠴᠢᠬᠢᠨ ᠭᠡᠷ ᠲᠤᠨᠢ ᠡᠯ᠎ᠡ ᠵᠦᠢᠯ ᠤᠨ ᠱᠠᠭᠠᠵᠠᠩ ᠸᠠᠭᠠᠷ ᠤᠨ ᠰᠠᠪᠠ ᠬᠡᠷᠡᠭᠰᠡᠯ ᠢ ᠰᠠᠲᠠᠭᠠᠯᠠᠨ ᠣᠷᠣᠰᠢᠭᠤᠯᠵᠤ᠂ ᠪᠠᠷᠠᠭᠤᠨ ᠴᠢᠬᠢᠨ ᠭᠡᠷ ᠲᠤᠨᠢ ᠲᠡᠷᠭᠡ ᠮᠣᠷᠢᠨ ᠤ ᠪᠠᠭᠠᠵᠢ ᠬᠡᠷᠡᠭᠰᠡᠯ ᠢ ᠰᠠᠲᠠᠭᠠᠯᠠᠨ ᠣᠷᠣᠰᠢᠭᠤᠯᠵᠠᠢ᠃     ᠲᠤᠰ ᠤᠡᠭᠭᠤᠨ ᠠᠴᠠ ᠠᠯᠲᠠ ᠮᠥᠩᠭᠦᠨ ᠵᠠᠰᠠᠯ᠂ ᠱᠠᠭᠠᠵᠠᠩ ᠰᠠᠪᠠ᠂ ᠲᠣᠷᠭ᠎ᠠ ᠲᠤᠷᠲᠤᠩ᠂ ᠬᠦᠷᠡᠯ ᠵᠡᠪᠰᠡᠭ᠂ ᠲᠡᠮᠦᠷ ᠵᠡᠪᠰᠡᠭ᠂ ᠮᠣᠳᠣᠨ ᠬᠡᠷᠡᠭᠰᠡᠯ ᠪᠠ ᠬᠠᠰ᠂ ᠮᠠᠨᠤ᠂ ᠪᠣᠯᠣᠷ᠂ ᠬᠤᠪᠠ ᠶᠢᠨ ᠵᠠᠰᠠᠯ ᠵᠢᠮᠰᠡᠭ ᠵᠡᠷᠭᠡ ᠶᠢ ᠢᠯᠡᠷᠡᠭᠦᠯᠦᠭᠰᠡᠨ ᠪᠠᠶᠢᠨ᠎ᠠ᠃ ᠡᠳᠡᠭᠡᠷ ᠲᠡᠦᠬᠡᠨ ᠳᠤᠷᠠᠰᠬᠠᠯᠲᠤ ᠵᠦᠢᠯᠡᠰ ᠨᠢ ᠨᠠᠷᠢᠯᠢᠭ ᠭᠤᠶᠤ ᠬᠢᠴᠡ ᠤᠷᠠᠯᠠᠯ ᠢᠶᠠᠷ ᠢᠶᠠᠨ ᠬᠠᠭᠤᠴᠢ ᠰᠤᠳᠤᠯᠤᠭᠠᠴᠢᠳ ᠤᠨ ᠠᠩᠬᠠᠷᠤᠯ ᠢ ᠲᠠᠲᠠᠭᠰᠠᠨ ᠶᠤᠮ᠂ ᠢᠯᠠᠩᠭᠤᠶ᠎ᠠ ᠠᠯᠲᠠ ᠪᠠᠷ ᠭᠦᠪᠡᠭᠡᠯᠡᠭᠰᠡᠨ ᠮᠥᠩᠭᠦᠨ ᠪᠤᠲᠤᠩ᠂ ᠴᠠᠭᠠᠨ ᠱᠠᠭᠠᠵᠠᠩ ᠤᠨ ᠯᠣᠩᠬᠤ ᠵᠡᠷᠭᠡ ᠨᠢ ᠬᠠᠮᠤᠭ ᠠᠴᠠ ᠠᠯᠳᠠᠷᠲᠠᠢ᠂ ᠬᠠᠮᠤᠭ ᠠᠴᠠ ᠦᠨ᠎ᠡ ᠴᠡᠨ᠎ᠡ ᠲᠠᠢ ᠪᠠᠶᠢᠳᠠᠭ᠃
6374371353364663905021812.jpg
     ᠶᠠᠮᠠᠷ ᠰᠤᠳᠤᠯᠭᠠᠨ ᠤ ᠦᠨ᠎ᠡ ᠦᠷᠳᠡᠭ ᠲᠠᠢ ᠪᠤᠢ     ᠨᠠᠷᠢᠯᠢᠭ ᠵᠣᠬᠢᠮᠵᠢᠲᠠᠢ ᠪᠦᠲᠦᠴᠡ ᠪᠠ ᠨᠠᠷᠢᠯᠢᠭ ᠭᠤᠶᠤ ᠵᠠᠰᠠᠯ ᠴᠢᠮᠡᠭᠯᠡᠯ ᠨᠢ ᠲᠤᠰ ᠤᠡᠭᠭᠤᠨ ᠢ ᠶᠠᠭ ᠯᠡ ᠭᠠᠵᠠᠷ ᠳᠣᠣᠷᠠᠬᠢ ᠤᠷᠲᠤ ᠬᠠᠷᠰᠢ ᠮᠡᠲᠦ ᠪᠣᠯᠭᠠᠵᠠᠢ᠃ ᠨᠡᠩ ᠴᠦ ᠤᠡᠭᠭᠤᠨ ᠤ ᠬᠠᠨ᠎ᠠ ᠪᠠ ᠣᠷᠣᠢ ᠶᠢ ᠰᠢᠯ ᠲᠤᠭᠤᠰᠭ᠋᠎ᠠ ᠪᠠᠷ ᠴᠢᠮᠡᠭᠯᠡᠭᠰᠡᠨ ᠨᠢ ᠶᠧᠯᠢᠦᠢ ᠢᠦᠢ ᡁᠢ ᠶᠢᠨ ᠤᠡᠭᠭᠤᠨ ᠢ ᠤᠷᠢᠳᠤ ᠢᠯᠡᠷᠡᠭᠦᠯᠦᠭᠰᠡᠨ ᠯᠢᠶᠤᠤ ᠤᠯᠤᠰ ᠤᠨ ᠤᠡᠭᠭᠤᠨ ᠳᠤ ᠭᠠᠷᠤᠭ᠎ᠠ ᠦᠭᠡᠢ ᠡᠷᠬᠢᠮᠰᠦᠭ ᠭᠤᠸ᠎ᠠ ᠪᠤᠯᠭᠠᠬᠰᠠᠨ ᠶᠤᠮ᠃     ᠶᠧᠯᠢᠦᠢ ᠢᠦᠢ ᡁᠢ ᠶᠢᠨ ᠤᠡᠭᠭᠤᠨ ᠤ ᠠᠯᠲᠠᠨ ᠡᠳ᠋ᠯᠡᠯ ᠬᠡᠷᠡᠭᠰᠡᠯ ᠢ ᠰᠠᠪᠠ ᠬᠡᠷᠡᠭᠰᠡᠯ ᠪᠠ ᠵᠠᠰᠠᠯ ᠵᠢᠮᠰᠡᠭ ᠭᠡᠵᠦ ᠬᠤᠶᠠᠷ ᠠᠩᠭᠢᠯᠠᠵᠤ ᠪᠤᠯᠲᠠᠭ᠃ ᠮᠥᠩᠭᠦᠨ ᠡᠳ᠋ᠯᠡᠯ ᠢ ᠤᠷᠠᠯᠠᠯ ᠬᠢᠴᠡ ᠪᠠᠷ ᠨᠢ ᠠᠯᠲᠠᠨ ᠴᠡᠴᠡᠭ ᠲᠠᠢ ᠮᠥᠩᠭᠦᠨ ᠬᠡᠷᠡᠭᠰᠡᠯ᠂ ᠲᠤᠩᠭᠠᠮᠠᠯ ᠠᠯᠲᠠ ᠪᠠᠷ ᠴᠡᠴᠡᠭ ᠰᠢᠭᠢᠳᠬᠡᠭᠰᠡᠨ ᠮᠥᠩᠭᠦᠨ ᠡᠳ᠋ᠯᠡᠯ ᠪᠠ ᠮᠥᠩᠭᠦᠨ ᠡᠳ᠋ᠯᠡᠯ ᠭᠡᠬᠦ ᠭᠤᠷᠪᠠᠨ ᠲᠦᠷᠦᠯ ᠳᠤ ᠬᠤᠪᠢᠶᠠᠵᠤ ᠪᠣᠯᠣᠨ᠎ᠠ᠃ ᠤᠡᠭᠭᠤᠨ ᠠᠴᠠ ᠪᠠᠰᠠ ᠲᠡᠮᠦᠷ ᠬᠡᠷᠡᠭᠰᠡᠯ᠂ ᠱᠠᠭᠠᠵᠠᠩ ᠬᠡᠷᠡᠭᠰᠡᠯ᠂ ᠬᠠᠰ᠂ ᠮᠠᠨᠤ᠂ ᠲᠣᠷᠭ᠎ᠠ ᠲᠤᠷᠲᠤᠩ ᠵᠡᠷᠭᠡ ᠵᠦᠢᠯᠡᠰ ᠢ ᠢᠯᠡᠷᠡᠭᠦᠯᠵᠡᠢ᠃ ᠡᠳᠡᠭᠡᠷ ᠪᠣᠳᠠᠰ ᠤᠨ ᠤᠷᠠᠯᠠᠯ ᠬᠢᠴᠡ ᠨᠢ ᠨᠠᠷᠢᠯᠢᠭ ᠪᠠᠶᠢᠵᠤ᠂ ᠲᠡᠦᠬᠡᠨ ᠳᠤᠷᠠᠰᠬᠠᠯᠲᠤ ᠵᠦᠢᠯᠡᠰ ᠤᠨ ᠳᠣᠲᠣᠷᠠᠬᠢ ᠤᠭᠢ ᠪᠣᠳᠠᠰ ᠭᠡᠵᠦ ᠬᠡᠯᠡᠵᠦ ᠪᠤᠯᠬᠤ ᠶᠤᠮ᠃     ᠤᠡᠭᠭᠤᠨ ᠠᠴᠠ ᠢᠯᠡᠷᠡᠭᠦᠯᠦᠭᠰᠡᠨ ᠲᠡᠦᠬᠡᠨ ᠳᠤᠷᠠᠰᠬᠠᠯᠲᠤ ᠵᠦᠢᠯᠡᠰ ᠤᠨ ᠳᠣᠲᠣᠷ᠎ᠠ ᠬᠢᠳᠠᠨ ᠦᠨᠳᠦᠰᠦᠲᠡᠨ ᠪᠠ ᠰᠢᠶᠠᠨᠪᠢ ᠦᠨᠳᠦᠰᠦᠲᠡᠨ ᠤ ᠬᠠᠷᠢᠴᠠᠭ᠎ᠠ ᠬᠤᠯᠪᠤᠭ᠎ᠠ ᠶᠢᠨ ᠭᠡᠷᠡᠴᠢ ᠪᠠᠷᠢᠮᠲᠠ ᠪᠣᠯᠤᠭᠰᠠᠨ ᠤᠡᠭᠭᠤᠨ ᠤ ᠪᠢᠴᠢᠭᠡᠰᠦ ᠨᠢ ᠰᠣᠶᠣᠯ ᠰᠤᠳᠤᠯᠭᠠᠨ᠂ ᠲᠡᠦᠬᠡ ᠰᠤᠳᠤᠯᠭᠠᠨ ᠤ ᠴᠢᠬᠤᠯᠠ ᠦᠨ᠎ᠡ ᠦᠷᠳᠡᠭ ᠲᠠᠢ ᠪᠠᠶᠢᠳᠠᠭ᠃ ᠡᠨᠡ ᠬᠦ ︽ᠬᠢᠳᠠᠨ ᠤᠯᠤᠰ ᠤᠨ ᠳ᠋ᠦᠩ ᠵᠢᠩ ᠲᠠᠢ ᠹᠦ᠋ ᠰᠢᠶᠠᠩ ᠭᠦᠩ ᠤᠨ ᠤᠡᠭᠭᠤᠨ ᠤ ᠪᠢᠴᠢᠭᠡᠰᠦ︾ ᠭᠡᠮᠡᠭᠦ ᠤᠡᠭᠭᠤᠨ ᠤ ᠬᠥᠰᠢᠶᠡᠨ ᠪᠢᠴᠢᠭᠡᠰᠦᠨ ᠳᠡᠭᠡᠷ᠎ᠡ᠂ 1210 ᠦᠰᠦᠭ ᠢᠶᠠᠷ ᠯᠢᠶᠤᠤ ᠤᠯᠤᠰ ᠤᠨ ᠬᠠᠭᠠᠨ ᠤ ᠤᠳᠤᠮ ᠤᠭᠰᠠᠭ᠎ᠠ ᠵᠢᠴᠢ ᠶᠧᠯᠢᠦᠢ ᠢᠦᠢ ᡁᠢ ᠶᠢᠨ ᠨᠢᠭᠡ ᠨᠠᠰᠤ ᠶᠢ ᠲᠣᠪᠴᠢᠯᠠᠨ ᠲᠠᠨᠢᠯᠴᠠᠭᠤᠯᠤᠭᠰᠠᠨ ᠪᠠᠶᠢᠨ᠎ᠠ᠃ ᠡᠨᠡ ᠬᠦ ᠪᠢᠴᠢᠭᠡᠰᠦ ᠳᠤ ᠲᠡᠦᠬᠡ ᠶᠢᠨ ᠰᠤᠷᠠᠭ ᠵᠠᠩᠭᠢ ᠡᠯᠪᠡᠭ ᠠᠭᠤᠯᠤᠭᠳᠠᠵᠤ᠂ ᠬᠢᠳᠠᠨ ᠦᠨᠳᠦᠰᠦᠲᠡᠨ ᠪᠣᠯ ᠮᠠᠨ ᠤ ᠤᠯᠤᠰ ᠤᠨ ᠤᠮᠠᠷᠠᠲᠤ ᠶᠢᠨ ᠲᠠᠯ᠎ᠠ ᠨᠤᠲᠤᠭ ᠤᠨ ᠨᠡᠭᠦᠳᠡᠯᠴᠢᠨ ᠦᠨᠳᠦᠰᠦᠲᠡᠨ ᠤ ᠨᠢᠭᠡ ᠮᠥᠨ ᠪᠥᠭᠡᠳ ᠰᠢᠶᠠᠨᠪᠢ ᠶᠢᠨ ᠢᠦᠢ ᠸᠧᠨ ᠠᠶᠢᠮᠠᠭ ᠤᠨ ᠬᠤᠶᠢᠴᠢ ᠦᠶ᠎ᠡ ᠪᠤᠯᠬᠤ ᠶᠢ ᠭᠡᠷᠡᠴᠢᠯᠡᠭᠰᠡᠨ ᠪᠠᠶᠢᠨ᠎ᠠ᠃
6374371354561999251546370.jpg
      ᠶᠧᠯᠢᠦᠢ ᠢᠦᠢ ᡁᠢ ᠶᠢᠨ ᠤᠡᠭᠭᠤᠨ ᠳᠤ ᠰᠠᠲᠠᠭᠠᠯᠠᠨ ᠣᠷᠣᠰᠢᠭᠤᠯᠤᠭᠰᠠᠨ ᠶᠡᠭᠡ ᠬᠡᠮᠵᠢᠶᠡᠨ ᠤ ᠨᠠᠷᠢᠯᠢᠭ ᠭᠤᠶᠤ ᠪᠣᠳᠠᠰ ᠠᠴᠠ ᠪᠢᠳᠡ ᠯᠢᠶᠤᠤ ᠤᠯᠤᠰ ᠤᠨ ᠲᠤᠮᠲᠠᠲᠦ ᠶᠢᠨ ᠦᠨᠳᠦᠰᠦᠲᠡᠨ ᠤ ᠤᠯᠠᠨ ᠡᠰᠢᠲᠦ ᠨᠢᠭᠡ ᠴᠣᠭᠴᠠᠵᠢᠭᠰᠠᠨ ᠰᠣᠶᠣᠯ ᠤᠨ ᠪᠠᠶᠢᠷᠢᠰᠢᠯ ᠤᠨ ᠪᠦᠷᠢᠯᠳᠦᠯ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠶᠢ ᠦᠵᠡᠵᠦ ᠭᠠᠷᠴᠤ ᠪᠤᠯᠬᠤ ᠶᠤᠮ᠃ ᠤᠯᠠᠨ ᠵᠦᠢᠯ ᠤᠨ ᠰᠣᠶᠣᠯ ᠤᠨ ᠰᠣᠯᠢᠯᠴᠠᠭ᠎ᠠ᠂ ᠮᠦᠷᠭᠦᠯᠲᠦᠭᠡᠨ ᠪᠠ ᠠᠭᠤᠰᠤᠯᠴᠠᠯ ᠨᠢ ᠬᠢᠳᠠᠨ ᠤ ᠨᠡᠶᠢᠭᠡᠮ ᠤᠨ ᠤᠯᠠᠨ ᠡᠰᠢᠴᠢᠯᠡᠵᠦ ᠨᠢᠭᠡ ᠴᠣᠭᠴᠠᠵᠢᠭᠰᠠᠨ ᠰᠣᠶᠣᠯ ᠤᠨ ᠬᠥᠭᠵᠢᠯᠲᠡ ᠶᠢᠨ ᠣᠨᠴᠠᠯᠢᠭ ᠢ ᠪᠤᠢ ᠪᠤᠯᠭᠠᠵᠦ᠂ ᠡᠷᠲᠡᠨ ᠤ ᠤᠮᠠᠷᠠᠲᠤ ᠶᠢᠨ ᠦᠨᠳᠦᠰᠦᠲᠡᠨ ᠨᠦᠭᠦᠳ ᠤᠨ ᠰᠣᠶᠣᠯ ᠤᠨ ᠰᠭᠠᠤᠷᠢ ᠶᠢ ᠪᠠᠬᠢᠵᠢᠭᠦᠯᠵᠡᠢ᠃ ᠡᠶᠢᠨ ᠬᠦ ᠶᠧᠯᠢᠦᠢ ᠢᠦᠢ ᡁᠢ ᠶᠢᠨ ᠤᠡᠭᠭᠤᠨ ᠨᠢ 1992 ᠣᠨ ᠳᠤ ᠪᠦᠭᠦ ᠤᠯᠤᠰ ᠤᠨ ᠠᠷᠪᠠᠨ ᠶᠡᠭᠡ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠪᠠᠷ ᠦᠨᠡᠯᠡᠭᠳᠡᠵᠦ᠂ 1996 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠦᠨᠡᠯᠡᠭᠳᠡᠵᠦ᠂ 2001 ᠣᠨ ᠳᠤ ᠲᠦᠷᠦ ᠶᠢᠨ ᠶᠠᠪᠤᠳᠠᠯ ᠤᠨ ᠬᠤᠷᠢᠶᠠᠨ ᠤ ᠪᠦᠭᠦ ᠤᠯᠤᠰ ᠤᠨ ᠲᠠᠪᠤᠳᠤᠭᠠᠷ ᠪᠦᠯᠦᠭ ᠤᠨ ᠤᠯᠤᠰ ᠤᠨ ᠴᠢᠬᠤᠯᠠ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠪᠣᠯᠤᠭᠰᠠᠨ ᠪᠠᠶᠢᠨ᠎ᠠ᠃     ᠣᠶᠢᠷ᠎ᠠ ᠶᠢᠨ ᠵᠢᠯ ᠠᠴᠠ᠂ ᠪᠦᠭᠦ ᠤᠯᠤᠰ ᠤᠨ ᠡᠯ᠎ᠡ ᠭᠠᠵᠠᠷ ᠤᠨ ᠲᠡᠦᠬᠡᠨ ᠳᠤᠷᠠᠰᠬᠠᠯᠲᠤ ᠵᠦᠢᠯᠡᠰ ᠤᠨ ᠲᠤᠰᠬᠠᠢ ᠮᠡᠷᠭᠡᠵᠢᠯᠲᠡᠳ ᠪᠠ ᠶᠠᠫᠤᠨ᠂ ᠠᠩᠭ᠍ᠯᠢ᠂ ᠠᠮᠧᠷᠢᠺᠠ᠂ ᠭᠧᠷᠮᠠᠨ᠂ ᠺᠠᠨᠠᠳᠠ᠂ ᠺᠤᠷᠢᠶᠠ ᠵᠡᠷᠭᠡ ᠭᠠᠳᠠᠭᠠᠳᠤ ᠤᠯᠤᠰ ᠤᠨ ᠵᠢᠭᠤᠯᠴᠢᠯᠠᠬᠰᠠᠳ ᠰᠤᠷᠠᠭ ᠲᠤᠭᠤᠯᠤᠨ ᠠᠷᠤ ᠬᠤᠷᠴᠢᠨ ᠳᠤ ᠬᠦᠷᠦᠯᠴᠡᠨ ᠢᠷᠡᠵᠡᠭᠡᠵᠦ᠂ ᠡᠨᠡ ᠬᠦ ᠤᠡᠭᠭᠤᠨ ᠤ ᠲᠡᠦᠬᠡ ᠰᠣᠶᠣᠯ ᠤᠨ ᠲᠠᠯ᠎ᠠ ᠪᠠᠷ ᠣᠶᠢᠯᠠᠭᠠᠵᠤ ᠰᠤᠳᠤᠯᠬᠤ ᠪᠣᠯᠵᠠᠢ᠃ ᠤᠮᠠᠷᠠᠲᠤ ᠶᠢᠨ ᠲᠠᠯ᠎ᠠ ᠨᠤᠲᠤᠭ ᠲᠤ ᠮᠢᠩᠭᠠᠭᠠᠳ ᠵᠢᠯ ᠨᠠᠮ ᠬᠡᠪᠲᠡᠭᠰᠡᠨ ᠲᠤᠰ ᠤᠡᠭᠭᠤᠨ ᠨᠢ ᠤᠲᠤ ᠨᠢᠭᠡᠨᠲᠡ ᠵᠢᠭᠤᠯᠴᠢᠯᠠᠯ᠂ ᠬᠠᠭᠤᠴᠢ ᠰᠤᠳᠤᠯᠤᠯ᠂ ᠰᠣᠶᠣᠯ ᠢᠷᠭᠡᠨᠰᠢᠯ ᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠡᠬᠢ ᠪᠠᠶᠠᠯᠢᠭ ᠤᠨ ᠨᠥᠭᠡᠴᠡ ᠬᠦᠴᠦᠨ ᠲᠠᠢ ᠭᠠᠵᠠᠷ ᠪᠣᠯᠤᠭᠰᠠᠨ ᠪᠢᠯᠡ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ