ᠾᠧᠦ ᠴᠧᠩ ᠵᠢᠦᠢ ᠶᠢᠨ ᠴᠢᠯᠠᠭᠤᠨ ᠬᠤᠲᠠ ᠶᠢᠨ ᠪᠠᠭᠤᠷᠢ ︽ᠲᠤᠮᠲᠠᠲᠦ ᠤᠯᠤᠰ ᠤᠨ ᠬᠠᠭᠤᠴᠢ ᠰᠤᠳᠤᠯᠤᠯ︾  ᠤᠨ 4 ᠴᠢᠬᠤᠯᠠ ᠦᠷ᠎ᠡ ᠪᠦᠲᠦᠭᠡᠯ ᠤᠨ ᠨᠢᠭᠡ ᠪᠣᠯᠪᠠ
ᠨᠡᠶᠢᠲᠡᠯᠡᠭᠰᠡᠨ ᠴᠠᠭ᠄
2022/10/21
    ᠵᠣᠬᠢᠶᠠᠭᠴᠢ᠄ ᠰᠢᠶᠠᠩ ᠲᠤᠤ      2020 ᠣᠨ ᠤ 12 ᠰᠠᠷ᠎ᠠ ᠶᠢᠨ 29  ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠪᠡᠭᠡᠵᠢᠩ ᠬᠤᠲᠠ ᠳᠤ ︽ᠲᠤᠮᠲᠠᠲᠦ ᠤᠯᠤᠰ ᠤᠨ ᠬᠠᠭᠤᠴᠢ ᠰᠤᠳᠤᠯᠤᠯ︾  ᠤᠨ ᠴᠢᠬᠤᠯᠠ ᠲᠦᠷᠦᠯ ᠵᠦᠢᠯ ᠢ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠪᠠᠨ ᠥᠪᠥᠷ ᠮᠣᠩᠭᠤᠯ ᠤᠨ ᠾᠧᠦ ᠴᠧᠩ ᠵᠢᠦᠢ ᠶᠢᠨ ᠴᠢᠯᠠᠭᠤᠨ ᠬᠤᠲᠠ ᠶᠢᠨ ᠪᠠᠭᠤᠷᠢ᠂ ᠱᠠᠨᠳᠦ᠋ᠩ ᠤᠨ ᠲᠧᠩ ᠵᠧᠦ ᠶᠢᠨ ᠭᠠᠩ ᠱᠠᠩ ᠤᠨ ᠪᠠᠭᠤᠷᠢ᠂ ᠬᠤᠨᠠᠨ ᠤ ᠬᠤᠸᠠ ᠷᠦᠩ ᠤᠨ ᠴᠢ ᠰᠢᠩ ᠳ᠋ᠦᠨ ᠤ ᠪᠠᠭᠤᠷᠢ᠂ ᠬᠤᠨᠠᠨ ᠤ ᠯᠢ ᠰᠢᠶᠠᠨ ᠤ ᠰᠦᠨ ᠵᠢᠶᠠ ᠭᠠᠩ ᠤᠨ ᠪᠠᠭᠤᠷᠢ ᠵᠡᠷᠭᠡ 4 ᠬᠠᠭᠤᠴᠢ ᠰᠤᠳᠤᠯᠤᠯ ᠤᠨ ᠴᠢᠬᠤᠯᠠ ᠦᠷ᠎ᠡ ᠪᠦᠲᠦᠭᠡᠯ ᠢ ᠵᠠᠷᠯᠠᠭᠰᠠᠨ ᠪᠠᠶᠢᠨ᠎ᠠ᠃
6374615347295230839375066.jpg
    ᠾᠧᠦ ᠴᠧᠩ ᠵᠢᠦᠢ ᠶᠢᠨ ᠴᠢᠯᠠᠭᠤᠨ ᠬᠤᠲᠠ ᠶᠢᠨ ᠪᠠᠭᠤᠷᠢ ᠭᠦᠭᠡᠬᠤᠲᠠ ᠶᠢᠨ ᠴᠢᠩ ᠱᠦᠢ ᠾᠧ ᠰᠢᠶᠠᠨ ᠤ ᠾᠧᠦ ᠴᠧᠩ ᠵᠢᠦᠢ ᠲᠤᠰᠬᠤᠨ ᠳᠤ ᠪᠠᠶᠢᠷᠢᠯᠠᠳᠠᠭ᠃ ᠴᠢᠯᠠᠭᠤᠨ ᠬᠤᠲᠠ ᠨᠢ ᠪᠠᠷᠤᠭ 138 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠵᠡᠭᠦᠨᠰᠢ ᠪᠠᠷᠠᠭᠤᠨᠰᠢ ᠪᠠᠷᠤᠭ 1200 ᠮᠧᠲᠷ᠂ ᠡᠮᠦᠨᠡᠰᠢ ᠤᠮᠠᠷᠠᠰᠢ ᠪᠠᠷᠤᠭ 1150 ᠮᠧᠲᠷ ᠪᠠᠶᠢᠵᠤ᠂ ᠣᠳᠣᠬᠠᠨ ᠪᠤᠯᠲᠠᠯᠠᠭᠢ ᠮᠠᠨ ᠤ ᠣᠷᠣᠨ ᠤ ᠳᠤᠮᠳᠠ ᠡᠮᠦᠨ᠎ᠡ ᠬᠡᠰᠡᠭ ᠤᠨ ᠨᠢᠭᠡᠨᠲᠡ ᠮᠡᠳᠡᠭᠡᠳ ᠪᠠᠶᠢᠭ᠎ᠠ ᠬᠠᠮᠤᠭ ᠤᠨ ᠲᠣᠮᠣ ᠪᠠᠯᠠᠷ ᠡᠷᠲᠡᠨ ᠤ ᠬᠤᠲᠠ ᠪᠣᠯᠤᠭᠰᠠᠨ ᠶᠤᠮ᠃    ᠲᠤᠰ ᠬᠤᠲᠠ ᠨᠢ ᠬᠠᠯᠬᠠᠭ᠎ᠠ ᠬᠤᠲᠠ᠂ ᠭᠠᠳᠠᠷ ᠬᠤᠲᠠ᠂ ᠳᠣᠲᠣᠷ ᠬᠤᠲᠠ ᠪᠠᠷ ᠪᠦᠷᠢᠯᠳᠦᠵᠡᠢ᠃ 2019 ᠣᠨ ᠠᠴᠠ 2020 ᠣᠨ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠨᠢ ᠾᠧᠦ ᠴᠧᠩ ᠵᠢᠦᠢ ᠶᠢᠨ ᠴᠢᠯᠠᠭᠤᠨ ᠬᠤᠲᠠ ᠶᠢᠨ ᠬᠠᠯᠬᠠᠭ᠎ᠠ ᠬᠤᠲᠠ ᠶᠢᠨ ᠬᠡᠰᠡᠭ ᠲᠤ ᠬᠠᠭᠤᠴᠢ ᠰᠤᠳᠤᠯᠤᠯ ᠤᠨ ᠠᠭᠤᠳᠠᠯᠤᠯᠲᠠ ᠬᠢᠭᠰᠡᠨ ᠪᠠᠶᠢᠨ᠎ᠠ᠃ ᠲᠤᠰ ᠪᠠᠭᠤᠷᠢ ᠨᠢ ᠪᠣᠷᠣᠳᠣᠬᠤᠢ ᠶᠢᠨ ᠭᠠᠵᠠᠷ ᠣᠷᠣᠨ ᠪᠠ ᠲᠤᠮᠲᠠᠲᠦ ᠣᠷᠣᠨ ᠤ ᠰᠢᠶᠠ ᠤᠯᠤᠰ ᠱᠠᠩ ᠤᠯᠤᠰ ᠤᠨ ᠰᠣᠶᠣᠯ ᠤᠨ ᠬᠠᠷᠢᠴᠠᠭ᠎ᠠ ᠶᠢ ᠰᠤᠳᠤᠯᠬᠤ ᠳᠤ ᠬᠠᠭᠤᠴᠢ ᠰᠤᠳᠤᠯᠤᠯ ᠤᠨ ᠴᠢᠬᠤᠯᠠ ᠮᠠᠲ᠋ᠧᠷᠢᠶᠠᠯ ᠬᠠᠩᠭᠠᠭᠰᠠᠨ ᠪᠢᠯᠡ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ