ᠴᠧᠨ ᠱᠤᠸᠠᠨ ᠵᠦ ᠬᠢᠭᠡᠳ ᠱᠤᠭᠤᠮᠠᠯ ᠤᠷᠠᠯᠢᠭ ᠤᠨ ︽ᠳᠠᠨᠠᠪᠠᠯ︾
ᠨᠡᠶᠢᠲᠡᠯᠡᠭᠰᠡᠨ ᠴᠠᠭ᠄
2022/10/21
     ᠵᠣᠬᠢᠶᠠᠭᠴᠢ᠄ ᠰᠢᠦ ᠬᠤᠸᠠ    ᠴᠧᠨ ᠱᠤᠸᠠᠨ ᠵᠦ᠂ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠳᠤ ᠨᠤᠲᠤᠭ ᠲᠠᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠱᠤᠭᠤᠮᠠᠯ ᠰᠡᠶᠢᠯᠦᠮᠡᠯ ᠤᠨ ᠰᠠᠯᠪᠤᠷᠢ ᠶᠢᠨ ᠡᠷᠭᠢᠯᠡᠭᠴᠢ᠂ ᠥᠪᠥᠷ ᠮᠣᠩᠭᠤᠯ ᠤᠨ ᠱᠤᠭᠤᠮᠠᠯ ᠰᠡᠶᠢᠯᠦᠮᠡᠯ ᠤᠨ ᠰᠤᠳᠤᠯᠭᠠᠨ ᠤ ᠨᠡᠶᠢᠭᠡᠮᠯᠢᠭ ᠤᠨ ᠨᠠᠷᠢᠨ ᠪᠢᠴᠢᠭ ᠤᠨ ᠳᠡᠳ᠋ ᠳᠠᠷᠤᠭ᠎ᠠ᠃ ᠲᠡᠭᠦᠨ ᠤ ᠱᠤᠭᠤᠮᠠᠯ ᠤᠨ ᠪᠦᠲᠦᠭᠡᠯ ︽ᠴᠡᠴᠡᠭ ᠤᠨ ᠬᠡᠯᠲᠡᠰᠲᠦ ᠪᠣᠷᠣᠭᠠᠨ︾  ᠨᠢ 37 ᠳ᠋ᠤᠭᠠᠷ ᠬᠤᠭᠤᠴᠠᠭᠠᠨ ᠤ ᠶᠠᠫᠤᠨ ᠤ ᠪᠦᠭᠦ ᠤᠯᠤᠰ ᠤᠨ ᠱᠤᠭᠤᠮᠠᠯ ᠤᠨ ᠦᠵᠡᠰᠭᠦᠯᠡᠩ ᠳᠤ ᠰᠣᠩᠭᠤᠬᠳᠠᠵᠤ︔ ᠪᠦᠲᠦᠭᠡᠯ ︽ᠨᠠᠭᠤᠷ︾  ᠨᠢ 58 ᠳ᠋ᠤᠭᠠᠷ ᠬᠤᠭᠤᠴᠠᠭᠠᠨ ᠤ ᠤᠺᠠᠶᠠᠮᠠ ᠶᠢᠨ ᠤᠷᠠᠨ ᠵᠢᠷᠤᠭ ᠤᠨ ᠦᠵᠡᠰᠭᠦᠯᠡᠩ ᠳᠤ ᠰᠣᠩᠭᠤᠭᠳᠠᠵᠤ ᠬᠤᠲᠠ ᠶᠢᠨ ᠳᠠᠷᠤᠭ᠎ᠠ ᠶᠢᠨ ᠱᠠᠩᠨᠠᠯ ᠢ ᠲᠤᠰᠪᠠ︔ ᠪᠦᠲᠦᠭᠡᠯ ︽ᠰᠦᠬᠡ ᠶᠢᠨ ᠰᠡᠷᠡᠯ︾  ᠨᠢ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢᠨ ᠤᠷᠠᠨ ᠵᠢᠷᠤᠭ ᠤᠨ ᠦᠵᠡᠰᠭᠦᠯᠡᠩ ᠤᠨ ᠭᠤᠷᠪᠠᠳᠤᠭᠠᠷ ᠳᠡᠰ ᠤᠨ ᠱᠠᠩᠨᠠᠯ ᠢ ᠭᠦᠷᠳᠡᠵᠤ; ᠪᠦᠲᠦᠭᠡᠯ ︽ᠡᠮᠨᠢᠭ ᠰᠤᠷᠭᠠᠭᠰᠠᠨ︾  ᠨᠢ ᠥᠪᠡᠷᠲᠡᠭᠡᠨ ᠵᠠᠰᠠᠬᠤ ᠣᠷᠣᠨ ᠤ ᠱᠤᠭᠤᠮᠠᠯ ᠤᠨ ᠰᠤᠳᠤᠯᠭᠠᠨ ᠤ ᠨᠡᠶᠢᠭᠡᠮᠯᠢᠭ ᠤᠨ ᠣᠨ ᠤ ᠦᠵᠡᠰᠭᠦᠯᠡᠩ ᠳᠤ ᠰᠣᠩᠭᠤᠭᠳᠠᠭᠰᠠᠨ ᠪᠠ ᠬᠤᠶᠠᠳᠤᠭᠠᠷ ᠲᠡᠰ ᠤᠨ ᠱᠠᠩᠨᠠᠯ ᠬᠦᠷᠲᠡᠵᠡᠢ ᠁
6373343101590005238097630.jpg
   2007 ᠣᠨ ᠠᠴᠠ ᠨᠠᠭᠠᠰᠢ ᠲᠡᠭᠦᠨ ᠤ ᠤᠯᠠᠨ ᠱᠤᠭᠤᠮᠠᠯ ᠤᠨ ᠪᠦᠲᠦᠭᠡᠯ ᠨᠢ ᠥᠪᠡᠷᠲᠡᠭᠡᠨ ᠵᠠᠰᠠᠬᠤ ᠣᠷᠣᠨ ᠪᠠ ᠪᠦᠭᠦ ᠤᠯᠤᠰ ᠤᠨ ᠲᠣᠮᠣ ᠬᠡᠪᠴᠢᠶᠡᠨ ᠤ ᠤᠷᠠᠨ ᠵᠢᠷᠤᠭ ᠤᠨ ᠦᠵᠡᠰᠭᠦᠯᠡᠩ ᠳᠤ ᠰᠣᠩᠭᠤᠭᠳᠠᠭᠰᠠᠨ ᠪᠥᠭᠡᠳ ᠢᠯᠠᠩᠭᠤᠶ᠎ᠠ ᠲᠡᠭᠦᠨ ᠤ ᠪᠦᠲᠦᠭᠡᠯ ︽ᠳᠠᠨᠠᠪᠠᠯ - ᠰᠠᠯᠤᠯᠲᠠ︾  ᠨᠢ 2017 ᠣᠨ ᠳᠤ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠤᠢ ᠶᠢᠨ ᠰᠢᠨ᠎ᠡ ᠬᠥᠮᠥᠨ ᠰᠢᠨ᠎ᠡ ᠪᠦᠲᠦᠭᠡᠯ ᠤᠨ ᠦᠵᠡᠰᠭᠦᠯᠡᠩ ᠤᠨ ᠰᠢᠯᠢᠳᠡᠭ ᠱᠠᠩᠨᠠᠯ ᠢ ᠬᠦᠷᠲᠡᠵᠦ᠂ 2019 ᠣᠨ ᠤ 3 ᠰᠠᠷ᠎ᠠ ᠳᠤ᠂ ︽ᠳᠤᠮᠳᠠᠳᠤ ᠤᠯᠤᠰ ᠤᠨ ᠪᠡᠭᠡᠵᠢᠩ ᠤᠨ ᠣᠯᠠᠨ ᠤᠯᠤᠰ ᠤᠨ ᠤᠷᠠᠨ ᠵᠢᠷᠤᠭ ᠤᠨ ᠬᠤᠣᠰ ᠵᠢᠯ ᠤᠨ ᠦᠵᠡᠰᠭᠦᠯᠡᠩ︾  ᠳᠤ ᠰᠣᠩᠭᠤᠭᠳᠠᠵᠤ᠂ 9 ᠰᠠᠷ᠎ᠠ ᠳᠤᠨᠢ ᠪᠣᠯᠤᠭᠰᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠤᠷᠠᠨ ᠵᠢᠷᠤᠭ ᠤᠨ ᠪᠦᠲᠦᠭᠡᠯ ᠤᠨ ᠦᠵᠡᠰᠭᠦᠯᠡᠩ ᠳᠤ ᠰᠣᠩᠭᠤᠭᠳᠠᠵᠤ᠂ ᠲᠤᠰ ᠵᠢᠯ ᠤᠨ 12 ᠰᠠᠷ᠎ᠠ ᠳᠤ᠂ ᠲᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠠᠴᠠ ᠲᠡᠭᠦᠨ ᠤ ᠲᠤᠰ ᠪᠦᠲᠦᠭᠡᠯ ᠢ ᠬᠤᠷᠢᠶᠠᠨ ᠬᠠᠳᠠᠭᠠᠯᠠᠭᠰᠠᠨ ᠦᠨᠡᠮᠯᠡᠯ ᠥᠭᠭᠦᠭᠰᠡᠨ ᠪᠠᠶᠢᠨ᠎ᠠ᠃
6373343112066244292791827.jpg
     ︽ᠳᠠᠨᠠᠪᠠᠯ︾᠂ ᠳᠡᠭᠡᠷ᠎ᠡ ᠵᠠᠭᠤᠨ ᠤ ᠡᠬᠢ ᠪᠠᠷ ᠵᠣᠬᠢᠶᠠᠭᠳᠠᠵᠤ ᠲᠠᠭᠤᠯᠠᠬᠳᠠᠬᠠᠰᠠᠨ ᠡᠨᠡ ᠳᠠᠭᠤᠤ ᠨᠢ ᠳᠠᠨᠠᠪᠠᠯ ᠬᠡ ᠬᠡ᠂ ᠵᠢᠨᠰᠢᠶᠠᠩ ᠠᠩᠭ᠎ᠠ ᠶᠢᠨ ᠴᠡᠪᠡᠷ ᠠᠷᠢᠭᠤᠨ ᠬᠠᠶᠢᠷ᠎ᠠ ᠳᠤᠷᠠᠯᠠᠯ ᠤᠨ ᠦᠯᠢᠭᠡᠷᠲᠦ ᠳᠠᠭᠤᠤ ᠪᠠᠶᠢᠵᠤ᠂ ᠠᠶ᠎ᠠ ᠶᠢᠨ ᠰᠠᠶᠢᠬᠠᠨ ᠦᠭᠡ ᠶᠢᠨ ᠭᠤᠴᠣ ᠪᠠᠷ ᠢᠶᠠᠨ᠂ ᠡᠷᠬᠡ ᠴᠢᠯᠦᠭᠡᠲᠦ ᠢᠨᠠᠭ ᠳᠤᠷᠠᠯᠠᠯ ᠢ ᠲᠡᠮᠡᠴᠡᠭᠰᠡᠨ ᠠᠷᠢᠭᠤᠨ ᠴᠡᠪᠡᠷ ᠡᠭᠡᠯ ᠪᠣᠷᠣᠭᠵᠢᠭᠤᠨ ᠦᠵᠡᠯ ᠰᠠᠨᠠᠭ᠎ᠠ ᠶᠢ ᠢᠯᠡᠳᠬᠡᠭᠰᠡᠨ ᠢᠶᠠᠷ ᠢᠶᠠᠨ ᠣᠨ ᠤᠯᠠᠷᠢᠨ ᠳᠠᠭᠤᠯᠠᠭᠳᠠᠭᠰᠠᠭᠠᠷ ᠢᠷᠡᠭᠰᠡᠨ ᠪᠠᠶᠢᠨ᠎ᠠ᠃ ᠥᠨᠥ᠂ ᠠᠷᠠᠳ ᠤᠨ ᠳᠠᠭᠤᠤ ︽ᠳᠠᠨᠠᠪᠠᠯ︾  ᠨᠢ ᠴᠧᠨ ᠱᠤᠸᠠᠨ ᠵᠦ ᠶᠢᠨ ᠤᠷᠠᠨ ᠭᠠᠷ ᠢᠶᠠᠷ ᠥᠭᠡᠷ᠎ᠡ ᠨᠢᠭᠡ ᠵᠦᠢᠯ ᠤᠨ ᠤᠷᠠᠯᠢᠭ ᠤᠨ ᠭᠡᠯᠪᠡᠷᠢ ᠪᠠᠷ ᠠᠮᠢᠯᠠᠭᠳᠠᠨ᠂ ᠳᠠᠬᠢᠨᠲᠠ ᠬᠥᠮᠥᠨ ᠤ ᠰᠡᠳᠬᠢᠯ ᠢ ᠳᠣᠭᠳᠣᠯᠤᠭᠤᠯᠤᠯ᠎ᠠ᠃
6373343113838370001479106.jpg
         ᠬᠥᠮᠥᠨ ᠠᠷᠠᠳ ᠤᠨ ᠢᠶᠠᠨ ᠳᠤᠮᠳᠠ ᠤᠯᠠᠨ ᠵᠢᠯ ᠢᠶᠠᠷ ᠳᠠᠭᠤᠯᠠᠭᠳᠠᠨ ᠢᠷᠡᠭᠰᠡᠨ ᠠᠷᠠᠳ ᠤᠨ ᠳᠠᠭᠤᠤ ︽ᠳᠠᠨᠠᠪᠠᠯ︾  ᠨᠢ ᠳᠠᠨᠠᠪᠠᠯ ᠪᠠ ᠵᠢᠨᠰᠢᠶᠠᠩ ᠤᠨ ᠠᠷᠢᠭᠤᠨ ᠴᠠᠶᠢᠯᠭᠠᠨ ᠢᠨᠠᠭ ᠬᠠᠶᠢᠷ᠎ᠠ ᠶᠢᠨ ᠦᠯᠢᠭᠡᠷ ᠢᠶᠠᠷ ᠢᠶᠠᠨ ᠬᠡᠴᠢᠨᠡᠨ ᠤᠯᠠᠨ ᠬᠥᠮᠥᠨ ᠤ ᠰᠡᠳᠬᠢᠯ ᠤᠨ ᠬᠥᠪᠴᠢ ᠶᠢ ᠭᠦᠨᠳᠡᠵᠤ ᠪᠢᠯᠡ᠃ ᠡᠨᠡ ᠳᠠᠭᠤᠤ ᠶᠢ ᠰᠤᠨᠤᠰᠬᠤ ᠪᠦᠷᠢ᠂ ᠲᠡᠷᠡ ᠬᠤᠶᠠᠷ ᠤᠨ ᠦᠶᠡᠷᠬᠡᠵᠦ ᠳᠠᠰᠤᠯᠴᠠᠭᠰᠠᠨ ᠶᠠᠪᠤᠴᠠ᠂ ᠰᠠᠯᠵᠤ ᠬᠠᠭᠠᠴᠠᠭᠰᠠᠨ ᠭᠤᠨᠢᠭ᠂ ᠲᠠᠭᠢᠨ ᠠᠭᠤᠯᠵᠠᠭᠰᠠᠨ ᠪᠠᠶᠠᠷ ᠪᠠᠭ᠋ᠠᠳᠤᠯ ᠵᠡᠷᠭᠡ ᠨᠢ ᠲᠠᠷᠢᠬᠢᠨ ᠳᠤ ᠮᠢᠨᠢ ᠤᠷᠭᠤᠨ ᠢᠷᠡᠬᠦ‍ ᠰᠢᠭ᠃ ᠭᠡᠬᠦ ᠳᠡᠭᠡᠨ᠂ ᠴᠠᠭ ᠦᠶ᠎ᠡ ᠶᠢᠨ ᠣᠷᠤᠭ᠎ᠠ ᠪᠤᠰᠬᠠᠭ᠎ᠠ᠂ ᠥᠩᠭᠡᠷᠡᠭᠰᠡᠨ ᠨᠡᠶᠢᠭᠡᠮ ᠤᠨ ᠬᠠᠭᠤᠴᠢᠨ ᠶᠣᠰᠣ ᠵᠡᠷᠭᠡ ᠤᠯᠠᠨ ᠲᠠᠯ᠎ᠠ ᠶᠢᠨ ᠰᠢᠯᠲᠠᠭᠠᠨ ᠠᠴᠠ ᠪᠣᠯᠵᠤ ᠬᠤᠶᠠᠷ ᠬᠥᠮᠥᠨ ᠤ ᠴᠡᠪᠡᠷ ᠠᠷᠢᠭᠤᠨ ᠢᠨᠠᠭ ᠬᠠᠶᠢᠷ᠎ᠠ ᠨᠢ ᠭᠤᠨᠢᠭᠲᠤ ᠳ᠋ᠦᠩ ᠢᠶᠠᠷ ᠲᠡᠭᠦᠰᠦᠭᠰᠡᠨ ᠨᠢ ᠨᠠᠳᠠ ᠶᠢ ᠥᠪᠡᠷ ᠤᠨ ᠡᠷᠬᠡ ᠦᠭᠡᠢ ᠭᠤᠨᠢᠭᠯᠠᠯ᠂ ᠬᠠᠷᠠᠮᠰᠠᠯ ᠁ ᠬᠠᠴᠢᠨ ᠳᠣᠭᠳᠣᠯᠤᠯ ᠳᠤ ᠤᠨᠠᠭᠠᠳᠠᠭ᠃ ᠪᠤᠳᠤᠪᠠᠯ᠂ ᠳᠠᠨᠠᠪᠠᠯ ᠠᠷᠭ᠎ᠠ ᠪᠤᠰᠤ ᠠᠯᠪᠠᠨ ᠤ ᠴᠡᠷᠢᠭ ᠲᠤ ᠮᠣᠷᠳᠠᠬᠤ ᠪᠣᠯᠤᠭᠰᠠᠨ ᠳᠤ ᠵᠢᠨᠰᠢᠶᠠᠩ ᠮᠣᠷᠳᠠᠭᠤᠯᠬᠤ ᠪᠠᠷ ᠢᠷᠠᠵᠤ ᠳᠠᠨᠠᠪᠠᠯ ᠯᠤᠭ᠎ᠠ ᠠᠭᠤᠯᠵᠠᠭᠰᠠᠨ ᠲᠡᠷᠡ ᠮᠥᠴᠡ ᠶᠢᠨ ᠰᠠᠯᠵᠤ ᠶᠠᠳᠠᠭᠰᠠᠨ ᠰᠡᠳᠬᠢᠯᠭᠡ ᠨᠢ ᠯᠠᠪᠲᠠᠢ ᠬᠤᠶᠠᠷ ᠬᠥᠮᠥᠨ ᠤ ᠰᠡᠳᠬᠢᠯ ᠳᠤ ᠮᠥᠩᠬᠡᠯᠡᠨ ᠦᠯᠡᠳᠡᠭᠰᠡᠨ ᠭᠱᠠᠨ ᠪᠠᠶᠢᠵᠤ ᠲᠠᠭᠠᠷᠠᠨ᠎ᠠ᠃ ᠡᠶᠢᠨ ᠭᠦ᠋᠂ ᠪᠢ ︽ᠳᠠᠨᠠᠪᠠᠯ - ᠰᠠᠯᠤᠯᠲᠠ︾ ᠭᠡᠬᠦ ᠪᠦᠲᠦᠭᠡᠯ ᠢ ᠵᠣᠬᠢᠶᠠᠨ ᠪᠦᠲᠦᠭᠡᠬᠦ ᠳᠡᠭᠡᠨ ᠶᠠᠭ ᠡᠨᠡ ᠬᠦ ᠮᠥᠴᠡ ᠶᠢ ᠰᠣᠩᠭᠤᠵᠤ᠂ ᠬᠤᠶᠠᠷ ᠬᠥᠮᠥᠨ ᠢ ᠪᠦᠳᠦᠭᠦᠨ ᠴᠢᠯᠠᠭᠤᠨ ᠳᠤ ᠨᠢᠭᠡ ᠴᠣᠭᠴᠠ ᠪᠣᠯᠭᠠᠨ ᠱᠤᠭᠤᠵᠤ᠂ ᠲᠡᠭᠢᠨ ᠮᠠᠰᠢ ᠳᠥᠭᠦᠮᠬᠡᠨ ᠬᠡᠳᠦᠨ ᠵᠢᠷᠤᠭᠠᠰᠤ ᠪᠠ ᠤᠭᠠᠯᠵᠠ ᠪᠠᠷ ᠤᠷᠠᠯᠠᠵᠤ᠂ ᠲᠡᠷᠡ ᠬᠤᠶᠠᠷ ᠤᠨ ᠴᠢᠩ ᠦᠨᠡᠨᠴᠢ ᠬᠠᠶᠢᠷ᠎ᠠ ᠰᠡᠳᠬᠢᠯᠭᠡ ᠶᠢ ᠢᠯᠡᠳᠬᠡᠬᠦ ᠶᠢ ᠵᠣᠷᠢᠭᠰᠠᠨ ᠶᠤᠮ᠃
    6373343116310813724259352.jpg
      ᠴᠧᠨ ᠱᠤᠸᠠᠨ ᠵᠦ 1996 ᠣᠨ ᠠᠴᠠ ᠲᠤᠰᠬᠠᠢ ᠱᠤᠭᠤᠮᠠᠯ ᠰᠡᠶᠢᠯᠦᠮᠡᠯ ᠤᠨ ᠤᠷᠠᠯᠢᠭ ᠢ ᠰᠤᠷᠴᠤ᠂ ᠵᠣᠬᠢᠶᠠᠨ ᠪᠦᠲᠦᠭᠡᠭᠰᠡᠨ ᠠᠴᠠ ᠨᠠᠭᠠᠰᠢ᠂ ᠱᠤᠭᠤᠮᠠᠯ ᠤᠷᠠᠯᠢᠭ ᠢ ᠪᠠᠭᠲᠠᠭᠠᠭᠰᠠᠨ ᠶᠠᠮᠠᠷᠪᠠ ᠨᠢᠭᠡ ᠵᠦᠢᠯ ᠤᠨ ᠤᠷᠠᠯᠢᠭ ᠤᠨ ᠪᠦᠲᠦᠭᠡᠯ ᠢ ᠵᠠᠪᠠᠯ ᠥᠪᠡᠷ ᠤᠨ ᠰᠡᠳᠬᠢᠯ ᠵᠢᠷᠦᠬᠡᠨ ᠤ ᠤᠭ ᠠᠴᠠ ᠪᠠᠨ ᠣᠷᠭᠢᠯᠤᠭᠰᠠᠨ ᠬᠠᠶᠢᠷ᠎ᠠ ᠰᠡᠳᠬᠢᠯᠭᠡ ᠪᠠᠷ ᠣᠴᠢᠵᠤ ᠵᠣᠬᠢᠶᠠᠨ ᠪᠦᠲᠦᠭᠡᠬᠦ ᠬᠡᠷᠡᠭᠲᠡᠢ᠂ ᠥᠪᠡᠷ ᠢ ᠪᠠᠨ ᠳᠣᠭᠳᠣᠯᠤᠭᠤᠯᠵᠤ ᠴᠢᠳᠠᠮᠠᠨᠵᠢᠨ ᠰᠠᠶ᠋ᠢ ᠪᠤᠰᠤᠳ ᠢ ᠳᠣᠭᠳᠣᠯᠤᠭᠤᠯᠵᠤ ᠴᠢᠳᠠᠳᠠᠭ᠂ ᠤᠷᠠᠯᠢᠭ ᠤᠨ ᠤᠭ ᠰᠠᠨᠠᠭ᠎ᠠ ᠪᠣᠯ ᠰᠡᠳᠬᠢᠯᠭᠡ ᠶᠢ ᠢᠯᠡᠳᠬᠡᠳᠡᠭ ᠭᠡᠬᠦ ᠵᠣᠬᠢᠶᠠᠨ ᠪᠦᠲᠦᠭᠡᠯᠭᠡ ᠶᠢᠨ ︽ᠪᠠᠲᠤᠶᠣᠰᠤ︾  ᠶᠢ ᠭᠤᠶᠢᠪᠢᠰᠢ ᠦᠭᠡᠢ ᠦᠨᠡᠮᠰᠢᠭᠰᠡᠭᠡᠷ ᠢᠷᠡᠭᠰᠡᠨ ᠶᠤᠮ᠃ ᠲᠡᠷᠡ ᠪᠠᠷ᠂ ᠲᠠᠸᠠᠷᠴᠢᠯᠠᠯᠲᠠ ᠶᠢᠨ ᠶᠡᠭᠡ ᠣᠷᠴᠢᠨ ᠵᠢᠴᠢ ᠥᠪᠥᠷ ᠮᠣᠩᠭᠤᠯ ᠤᠨ ᠤᠷᠠᠯᠢᠭ ᠤᠨ ᠤᠷᠤᠰᠬᠠᠯ ᠳᠤᠮᠳᠠ ᠢᠮᠠᠭᠲᠠ ᠥᠪᠡᠷ ᠢ ᠪᠠᠨ ᠪᠠᠷᠢᠮᠲᠠᠯᠠᠵᠤ᠂ ᠰᠣᠬᠤᠷ ᠪᠠᠯᠠᠢ ᠪᠠᠷ ᠪᠤᠰᠤᠳ ᠢ ᠲᠠᠭᠠᠬᠤ ᠦᠭᠡᠢ᠂ ᠰᠠᠯᠬᠢᠨ ᠤ ᠠᠶ᠎ᠠ ᠪᠠᠷ ᠨᠠᠶᠢᠭᠤᠬᠤ ᠦᠭᠡᠢ ᠪᠠᠷ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠶ᠋ᠯᠡᠳᠦᠯᠭᠡ ᠳᠤᠮᠳᠠ ᠪᠠᠨ ᠲᠠᠰᠤᠷᠠᠯᠳᠠ ᠦᠭᠡᠢ ᠥᠪᠡᠷ ᠬᠢ ᠳᠡᠭᠡᠨ ᠪᠡᠷᠬᠡ ᠰᠡᠳᠦᠪ ᠲᠤᠯᠭᠠᠵᠤ᠂ ᠡᠳᠡᠭᠡᠷ ᠪᠡᠷᠬᠡ ᠰᠡᠳᠦᠪ ᠤᠳ ᠢ ᠳᠠᠪᠠᠭ᠋ᠤ ᠳᠤᠮᠳᠠ ᠪᠠᠨ ᠬᠠᠶᠢᠷ᠎ᠠ ᠰᠡᠳᠬᠢᠯᠭᠡ ᠶᠢᠨ ᠢᠯᠡᠷᠡᠭᠦᠯᠦᠯ ᠪᠠ ᠤᠷᠠᠯᠢᠭ ᠤᠨ ᠭᠡᠯᠪᠡᠷᠢ ᠶᠢᠨ ᠲᠤᠷᠰᠢᠯᠭ᠎ᠠ ᠶᠢ ᠭᠦᠨ᠎ᠡ ᠬᠤᠷᠠᠮᠳᠤᠭᠤᠯᠵᠤ᠂ ᠲᠠᠰᠤᠷᠠᠯᠳᠠ ᠦᠭᠡᠢ ᠪᠣᠭᠤᠮᠲᠠ ᠳᠠᠪᠠᠵᠤ᠂ ᠲᠠᠰᠤᠷᠠᠯᠳᠠ ᠦᠭᠡᠢ ᠪᠠᠷ ᠥᠪᠡᠷ ᠢ ᠪᠠᠨ ᠢᠯᠠᠭᠰᠠᠨ ᠢᠶᠠᠷ ᠪᠣᠳᠠᠭᠠᠯᠢ ᠰᠢᠨᠵᠢᠲᠦ ᠤᠷᠠᠯᠢᠭ ᠤᠨ ᠬᠡᠪ ᠨᠠᠮᠪᠠ ᠪᠠᠨ ᠠᠭᠠᠵᠢᠮ ᠢᠶᠠᠷ ᠪᠦᠷᠢᠯᠳᠦᠭᠦᠯᠦᠭᠰᠡᠨ ᠪᠠ ᠡᠨᠡ ᠬᠦ ᠬᠡᠪ ᠨᠠᠮᠪᠠ ᠨᠢ ᠤᠯᠠᠮ ᠢᠶᠠᠷ ᠲᠣᠳᠣᠷᠠᠵᠤ ᠢᠷᠡᠭᠰᠡᠨ ᠪᠠᠶᠢᠨ᠎ᠠ᠃ ᠡᠨᠡ ᠪᠣᠯ ᠠᠵᠢᠯ ᠨᠢᠭᠡᠲᠡᠨ ᠤ ᠬᠢᠨᠢ ᠴᠧᠨ ᠱᠤᠸᠠᠨ ᠵᠦ ᠵᠢᠴᠢ ᠲᠡᠭᠦᠨ ᠤ ᠤᠷᠠᠯᠢᠭ ᠤᠨ ᠪᠦᠲᠦᠭᠡᠯ ᠳᠤ ᠥᠭᠭᠦᠭᠰᠡᠨ ᠦᠨᠡᠯᠡᠯᠲᠡ᠃
    6373343118207484853231415.jpg
     ᠥᠪᠥᠷ ᠮᠣᠩᠭᠤᠯ ᠳᠤ ᠲᠦᠷᠦᠵᠤ ᠥᠰᠦᠭᠰᠡᠨ ᠴᠧᠨ ᠱᠤᠸᠠᠨ ᠵᠦ ᠶᠢᠨ ᠵᠢᠷᠦᠬᠡ ᠰᠡᠳᠬᠢᠯ ᠪᠠ ᠴᠢᠰᠤᠨ ᠳᠤ ᠡᠨᠡ ᠨᠤᠲᠤᠭ ᠤᠨ ᠪᠠᠶᠢᠭᠠᠯᠢ ᠣᠷᠴᠢᠨ᠂ ᠥᠪ ᠰᠣᠶᠣᠯ ᠨᠢ ᠨᠡᠪᠲᠡ ᠰᠢᠩᠭᠡᠭᠰᠡᠨ ᠲᠡᠳᠦᠢ ᠦᠭᠡᠢ ᠴᠠᠭ ᠢᠮᠠᠭᠲᠠ ᠲᠡᠭᠦᠨ ᠢ ᠳᠣᠭᠳᠣᠯᠤᠭᠤᠯᠵᠤ᠂ ᠵᠣᠬᠢᠶᠠᠨ ᠪᠦᠲᠦᠭᠡᠯᠭᠡ ᠶᠢᠨ ᠬᠢᠨᠢ ᠠᠭᠤᠳᠠᠯᠤᠭᠠᠳ ᠪᠠᠷᠠᠰᠢ ᠦᠭᠡᠢ ᠰᠡᠳᠦᠪ ᠮᠠᠲ᠋ᠧᠷᠢᠶᠠᠯ ᠨᠢ ᠪᠣᠯᠵᠤ ᠪᠠᠶᠢᠳᠠᠭ᠃ ᠲᠡᠭᠦᠨ ᠤ ᠭᠡᠯᠡᠭᠦ ᠪᠠᠷ᠂ ᠬᠤᠷᠴᠢᠨ ᠠᠷᠠᠳ ᠤᠨ ᠳᠠᠭᠤᠤ ᠨᠢ ᠪᠠᠶᠠᠷᠯᠠᠬᠤ ᠳᠠᠭᠠᠨ ᠪᠠᠶᠠᠷᠯᠠᠵᠤ᠂ ᠬᠠᠶᠢᠷᠠᠯᠠᠬᠤ ᠳᠠᠭᠠᠨ ᠬᠠᠶᠢᠷᠠᠯᠠᠵᠤ᠂ ᠬᠤᠷᠣᠰᠬᠤ ᠳᠠᠭᠠᠨ ᠬᠤᠷᠣᠰᠳᠠᠭ ᠦᠨᠡᠨ ᠰᠡᠳᠬᠢᠯᠭᠡ ᠠᠴᠠ ᠤᠨᠳᠤᠷᠤᠬᠰᠠᠨ ᠠᠶ᠎ᠠ ᠪᠣᠯᠬᠤᠷ ᠡᠴᠢᠨ᠎ᠡ ᠭᠠᠶᠢᠬᠠᠮᠰᠢᠭᠲᠠᠢ ᠤᠷᠠᠯᠢᠭ ᠤᠨ ᠮᠥᠩᠬᠡ ᠶᠢᠨ ᠠᠮᠢᠯᠠᠯ ᠤᠨ ᠬᠦᠴᠦᠨ ᠲᠠᠢ ᠪᠠᠶᠢᠳᠠᠭ ᠲᠠᠢ ᠠᠳᠠᠯᠢ ᠪᠠᠷ ᠮᠣᠩᠭᠤᠯ ᠦᠨᠳᠦᠰᠦᠲᠡᠨ ᠤ ᠤᠷᠠᠨ ᠵᠣᠬᠢᠶᠠᠯ᠂ ᠠᠷᠠᠳ ᠤᠨ ᠦᠯᠢᠭᠡᠷ ᠲᠤᠮᠤᠭ ᠵᠡᠷᠭᠡ ᠨᠢ ᠴᠥᠮ ᠦᠨᠳᠦᠰᠦᠲᠡᠨ ᠤ ᠰᠣᠶᠣᠯ ᠤᠷᠠᠯᠢᠭ ᠤᠨ ᠡᠷᠳᠡᠨᠢᠰ ᠤᠨ ᠰᠠᠩ ᠮᠥᠨ᠂ ᠲᠡᠭᠦᠨ ᠤ ᠳᠣᠲᠣᠷ᠎ᠠ ᠠᠪᠤᠭᠠᠳ ᠪᠠᠷᠠᠰᠢ ᠦᠭᠡᠢ ᠠᠭᠤᠳᠠᠯᠤᠭᠠᠳ ᠳᠠᠭᠤᠰᠤᠰᠢ ᠦᠭᠡᠢ ᠡᠬᠢ ᠪᠠᠶᠠᠯᠢᠭ ᠨᠢᠭᠤᠭᠳᠠᠵᠤ ᠪᠠᠶᠢᠨ᠎ᠠ᠃ ᠨᠢᠭᠡᠨ ᠱᠤᠭᠤᠮᠠᠯᠴᠢᠨ ᠪᠣᠯᠤᠭᠰᠠᠨ ᠤ ᠬᠤᠪᠢ ᠳᠤ᠂ ᠡᠳᠡᠭᠡᠷ ᠰᠣᠶᠣᠯ ᠤᠨ ᠤᠭᠢ ᠲᠠᠯᠠᠰᠲᠤ ᠪᠠᠨ ᠥᠭᠡᠷ᠎ᠡ ᠨᠢᠭᠡᠨ ᠤᠷᠠᠯᠢᠭ ᠤᠨ ᠭᠡᠯᠪᠡᠷᠢ ᠪᠠᠷ ᠢᠯᠡᠷᠡᠭᠦᠯᠭᠦ ᠪᠣᠯ ᠲᠡᠭᠦᠨ ᠤ ᠡᠭᠦᠷᠭᠡ ᠪᠠ ᠬᠠᠷᠢᠭᠤᠴᠠᠯᠭ᠎ᠠ᠃
6373343120109999075716804.jpg
     ᠡᠶᠢᠨ ᠭᠦ᠋᠂ ᠴᠧᠨ ᠱᠤᠸᠠᠨ ᠵᠦ ᠥᠪᠡᠷ ᠤᠨ ᠱᠤᠭᠤᠮᠠᠯ ᠤᠨ ᠪᠦᠲᠦᠭᠡᠯ ︽ᠰᠦᠬᠡ ᠶᠢᠨ ᠰᠡᠷᠡᠯ︾  ᠢᠶᠠᠨ ᠲᠤᠩ ᠨᠠᠨᠳᠢᠩᠨᠠᠳᠠᠭ᠃ ᠮᠡᠳᠡᠭᠡᠵᠢ᠂ ︽ᠰᠦᠬᠡ ᠶᠢᠨ ᠰᠡᠷᠡᠯ︾ ᠪᠣᠯ ᠠᠷᠠᠳ ᠤᠨ ᠳᠤᠮᠳᠠᠬᠢ ᠮᠣᠷᠢᠨ ᠬᠤᠭᠤᠷ ᠤᠨ ᠲᠤᠬᠠᠢ ᠲᠤᠮᠤᠭ ᠦᠯᠢᠭᠡᠷ᠄ ᠰᠦᠬᠡ ᠶᠢᠨ ᠰᠡᠳᠬᠢᠯ ᠤᠨ ᠬᠠᠶᠢᠷᠠᠲᠠᠢ ᠰᠡᠷᠡᠯ ᠨᠢ ᠸᠠᠩ ᠨᠣᠶᠠᠨ ᠳᠤ ᠲᠣᠭᠤᠭᠳᠠᠵᠤ ᠡᠵᠡᠷᠬᠡᠭᠳᠡᠭᠰᠡᠨ ᠤ ᠲᠠᠷᠠᠭ᠎ᠠ᠂ ᠰᠦᠬᠡ ᠠᠷᠭ᠎ᠠ ᠪᠤᠰᠤ ᠰᠡᠷᠡᠯ ᠮᠣᠷᠢ ᠪᠠᠨ ᠸᠠᠩ ᠨᠣᠶᠠᠨ ᠳᠤ ᠥᠭᠭᠦᠭᠡᠳ ᠭᠡᠷ ᠲᠡᠭᠡᠨ ᠬᠠᠷᠢᠯ᠎ᠠ᠃ ᠭᠡᠲᠡᠯ᠎ᠡ᠂ ᠰᠡᠷᠡᠯ ᠮᠣᠷᠢ ᠨᠢ ᠶᠠᠭᠠᠬᠢᠭᠰᠠᠨ ᠴᠤ ᠸᠠᠩ ᠨᠣᠶᠠᠨ ᠤ ᠰᠠᠨᠠᠭ᠎ᠠ ᠶᠢ ᠲᠠᠭᠠᠬᠤ ᠦᠭᠡᠢ ᠡᠵᠡᠨ ᠤ ᠪᠠᠨ ᠬᠤᠶᠢᠨ᠎ᠠ ᠠᠴᠠ ᠲᠡᠮᠡᠦᠯᠦᠨ᠎ᠡ ᠭᠡᠵᠦ ᠬᠡᠨ ᠰᠠᠨᠠᠨᠠᠮ᠂ ᠰᠠᠨᠠᠭᠰᠠᠨ ᠳᠠᠭᠠᠨ ᠬᠦᠷᠴᠦ ᠳᠡᠶᠢᠯᠦᠭᠰᠡᠨ ᠦᠭᠡᠢ ᠬᠠᠷᠭᠢᠰ ᠸᠠᠩ ᠬᠥᠮᠥᠨ ᠲᠣᠮᠢᠯᠠᠵᠤ ᠳᠤᠲᠠᠭᠠᠵᠤ ᠳᠠᠪᠬᠢᠭᠰᠠᠨ ᠰᠡᠷᠡᠯ ᠮᠣᠷᠢᠨ ᠤ ᠬᠤᠶᠢᠨ᠎ᠠ ᠠᠴᠠ ᠲᠦᠮᠡᠨ ᠵᠡᠪᠡ ᠮᠢᠩᠭᠠᠨ ᠰᠤᠮᠤ ᠪᠠᠷ ᠬᠠᠷᠪᠤᠭᠤᠯᠪᠠ᠃ ᠲᠦᠮᠡᠨ ᠵᠡᠪᠡ ᠮᠢᠩᠭᠠᠨ ᠰᠤᠮᠤ ᠶᠢ ᠰᠢᠪᠲᠤᠯᠵᠤ᠂ ᠪᠦᠭᠦ ᠪᠡᠶ᠎ᠡ ᠨᠢ ᠰᠢᠷᠬ᠎ᠠ ᠲᠠᠢ ᠰᠡᠷᠡᠯ ᠨᠢ ᠥᠪᠡᠷ ᠤᠨ ᠡᠵᠡᠨ ᠰᠦᠬᠡ ᠶᠢᠨ ᠳᠡᠷᠭᠡᠳᠡ ᠪᠤᠴᠠᠨ ᠢᠷᠡᠵᠤ᠂ ᠡᠵᠡᠨ ᠤ ᠪᠠᠨ ᠡᠪᠦᠷ ᠲᠤ ᠡᠴᠦᠰ ᠤᠨ ᠠᠮᠢᠰᠬᠤᠯ ᠢᠶᠠᠨ ᠬᠤᠷᠢᠶᠠᠭᠰᠠᠨ ᠪᠠᠶᠢᠨ᠎ᠠ ᠁ ᠴᠧᠨ ᠱᠤᠸᠠᠨ ᠵᠦ ᠶᠢᠨ ᠱᠤᠭᠤᠮᠠᠯ ︽ᠰᠦᠬᠡ ᠶᠢᠨ ᠰᠡᠷᠡᠯ︾  ᠨᠢ ᠨᠢᠭᠡᠨ ᠲᠣᠮᠣ ᠭᠤᠷᠪᠠᠯᠵᠢᠨ ᠭᠡᠯᠪᠡᠷᠢ ᠪᠠᠷ ᠰᠦᠬᠡ ᠶᠢᠨ ᠪᠡᠶ᠎ᠡ ᠳᠦᠭᠦᠷᠡᠩ ᠵᠡᠪᠡ ᠲᠠᠢ ᠳᠤᠲᠠᠭᠠᠵᠤ ᠢᠷᠡᠭᠰᠡᠨ ᠬᠠᠶᠢᠷᠠᠲᠠᠢ ᠰᠡᠷᠡᠯ ᠤᠨ ᠢᠶᠠᠨ ᠬᠦᠵᠦᠭᠦᠨ ᠠᠴᠠ ᠲᠡᠪᠡᠷᠢᠵᠦ ᠡᠮᠭᠡᠨᠢᠨ ᠵᠣᠪᠠᠵᠤ ᠪᠠᠶᠢᠭ᠎ᠠ ᠪᠠᠶᠢᠳᠠᠯ ᠢ ᠱᠤᠭᠤᠭᠠᠳ ᠮᠣᠷᠢ ᠪᠠ ᠬᠥᠮᠥᠨ ᠤ ᠬᠤᠭᠤᠷᠤᠨᠳᠤᠭᠢ ᠴᠢᠩ ᠦᠨᠡᠨᠴᠢ ᠬᠠᠶᠢᠷ᠎ᠠ ᠰᠡᠳᠬᠢᠯᠭᠡ ᠶᠢ ᠪᠢᠯᠬᠠᠮ᠎ᠠ ᠴᠠᠯᠭᠢᠮ᠎ᠠ ᠢᠯᠡᠷᠡᠭᠦᠯᠦᠭᠰᠡᠨ ᠪᠠᠶᠢᠨ᠎ᠠ᠃ ᠰᠡᠷᠡᠯ ᠮᠣᠷᠢ ᠶᠢᠨ ᠨᠢᠯᠪᠤᠰᠤ ᠬᠤᠷᠠᠭᠰᠠᠨ ᠨᠢᠳᠦ ᠶᠢᠨ ᠭᠤᠨᠢᠭᠲᠤ ᠬᠠᠷᠠᠴᠠ ᠵᠢᠴᠢ ᠲᠡᠭᠦᠨ ᠤ ᠪᠡᠶ᠎ᠡ ᠳᠤ ᠰᠢᠭᠢᠳᠦᠭᠰᠡᠨ ᠰᠤᠮᠤ ᠶᠢ ᠱᠤᠭᠤᠵᠤ ᠪᠦᠲᠦᠭᠡᠬᠦ ᠦᠶ᠎ᠡ ᠳᠤ ᠴᠧᠨ ᠱᠤᠸᠠᠨ ᠵᠦ ᠶᠢᠨ ᠰᠡᠳᠬᠢᠯ ᠴᠤ ᠰᠦᠬᠡ ᠠᠴᠠ ᠳᠤᠲᠠᠭᠤ ᠦᠭᠡᠢ ᠵᠣᠪᠠᠭᠰᠠᠨ ᠪᠠᠶᠢᠵᠤ ᠮᠡᠳᠡᠨ᠎ᠡ᠃     ᠤᠯᠠᠨ ᠬᠥᠮᠥᠨ ᠨᠠᠳᠠ ᠠᠴᠠ᠂ ᠲᠠ ᠱᠤᠭᠤᠮᠠᠯ ᠤᠷᠠᠯᠢᠭ ᠤᠷᠤᠯᠳᠤᠵᠤ ᠬᠤᠷᠢᠭᠠᠳ ᠵᠢᠯ ᠪᠣᠯᠵᠤ ᠪᠠᠶᠢᠨ᠎ᠠ᠂ ᠶᠠᠫᠤᠨ ᠤᠯᠤᠰ ᠲᠤ ᠴᠤ ᠤᠯᠠᠨ ᠵᠢᠯ ᠰᠤᠷᠤᠯᠴᠠᠵᠤ ᠬᠤᠯᠠ ᠶᠠᠪᠤᠵᠤ ᠶᠡᠭᠡ ᠶᠢ ᠦᠵᠡᠯ᠎ᠡ᠂ ᠭᠡᠲᠡᠯ᠎ᠡ ᠲᠠᠨ ᠤ ᠱᠤᠭᠤᠮᠠᠯ ᠤᠨ ᠵᠣᠬᠢᠶᠠᠨ ᠪᠦᠲᠦᠭᠡᠯᠭᠡ ᠴᠢᠨᠢ ᠶᠡᠷᠦ ᠠᠴᠠ ᠮᠣᠩᠭᠤᠯ ᠦᠨᠳᠦᠰᠦᠲᠡᠨ ᠤ ᠲᠡᠦᠬᠡ ᠰᠣᠶᠣᠯ ᠠᠴᠠ ᠰᠠᠯᠵᠤ ᠴᠢᠳᠠᠬᠤ ᠦᠭᠡᠢ ᠪᠠᠶᠢᠨ᠎ᠠ᠂ ᠡᠨᠡ ᠨᠢ ᠭᠡᠳᠤ ᠢᠪᠴᠤᠤ ᠰᠡᠳᠬᠢᠬᠦᠢ ᠪᠢᠰᠢ ᠤᠤ ᠭᠡᠵᠦ ᠠᠰᠠᠭᠤᠳᠠᠭ᠃ ᠦᠨᠡᠨ ᠳᠡᠭᠡᠨ ᠶᠠᠭ ᠡᠰᠡᠷᠭᠦ᠂ ᠪᠢ ᠬᠤᠯᠠ ᠶᠠᠪᠤᠵᠤ ᠶᠡᠭᠡ ᠶᠢ ᠦᠵᠡᠭᠰᠡᠨ ᠠᠴᠠ ᠰᠠᠶ᠋ᠢ ᠪᠢᠳᠡ ᠥᠪᠡᠷ ᠤᠨ ᠦᠨᠳᠦᠰᠦᠲᠡᠨ ᠤ ᠪᠠᠨ ᠰᠣᠶᠣᠯ ᠤᠨ ᠤᠭᠢ ᠰᠣᠳᠣ ᠶᠢ ᠠᠭᠤᠳᠠᠯᠵᠤ ᠪᠠᠶᠢᠬᠤ ᠪᠠᠷ ᠲᠤᠶᠢᠯ ᠤᠨ ᠬᠦᠷᠦᠯᠴᠡᠬᠦ ᠦᠭᠡᠢ ᠪᠠᠶᠢᠨ᠎ᠠ ᠭᠡᠳᠡᠭ ᠢᠶᠠᠨ ᠮᠡᠳᠡᠯ᠎ᠡ᠃ ᠠᠶᠢᠯ ᠠᠴᠠ ᠡᠷᠢᠬᠦ ᠪᠠᠷ ᠠᠪᠳᠠᠷ᠎ᠠ ᠠᠴᠠ ᠪᠠᠨ ᠡᠷᠢ ᠭᠡᠵᠦ᠂ ᠮᠠᠨ ᠤ ᠥᠪᠡᠷ ᠤᠨ ᠠᠪᠳᠠᠷ᠎ᠠ ᠳᠣᠲᠣᠷ᠎ᠠ ᠴᠢᠨᠢ ᠦᠨᠡᠯᠡᠰᠢ ᠦᠭᠡᠢ ᠬᠤᠪᠣᠷ ᠠᠯᠳᠠ ᠡᠷᠳᠡᠨᠢᠰ ᠪᠠᠶᠢᠨ᠎ᠠ᠃ ᠪᠢᠳᠡ ᠥᠪᠡᠷ ᠤᠨ ᠦᠨᠳᠦᠰᠦᠲᠡᠨ ᠤ ᠪᠠᠨ ᠰᠣᠶᠣᠯ ᠤᠨ ᠤᠭᠢ ᠲᠠᠯᠠᠰᠲᠤ ᠪᠠᠨ ᠵᠠᠪᠠᠯ ᠭᠦᠢᠴᠡᠳ ᠠᠭᠤᠳᠠᠯᠵᠤ᠂ ᠤᠯᠠᠮᠵᠢᠯᠠᠨ ᠦᠯᠡᠳᠡᠭᠡᠬᠦ ᠬᠡᠷᠡᠭᠲᠡᠢ᠃ ᠪᠢᠳᠡ ᠥᠪᠡᠷ ᠲᠡᠭᠡᠨ ᠦᠨᠳᠦᠰᠦᠲᠡᠨ ᠤ ᠪᠠᠨ ᠲᠡᠦᠬᠡ ᠰᠣᠶᠣᠯ ᠢᠶᠠᠨ ᠰᠠᠶᠢᠲᠤᠷ ᠮᠡᠳᠡᠮᠡᠨᠵᠢᠨ ᠰᠠᠶ᠋ᠢ ᠪᠤᠰᠤᠳ ᠲᠤ ᠮᠡᠳᠡᠭᠦᠯᠵᠦ ᠴᠢᠳᠠᠨ᠎ᠠ᠂ ᠲᠠᠨᠢᠭᠤᠯᠵᠤ ᠴᠢᠳᠠᠨ᠎ᠠ᠃ ᠡᠨᠡ ᠪᠣᠯ ᠮᠠᠨ ᠤ ᠡᠨᠡ ᠨᠢᠭᠡ ᠦᠶ᠎ᠡ ᠶᠢᠨ ᠬᠥᠮᠥᠰ ᠤᠨ ᠵᠠᠪᠠᠯ ᠬᠢᠬᠦ ᠴᠢᠬᠤᠯᠠᠲᠠᠢ ᠲᠡᠦᠬᠡᠲᠦ ᠡᠭᠦᠷᠭᠡ ᠬᠠᠷᠢᠭᠤᠴᠠᠯᠭ᠎ᠠ ᠮᠥᠨ᠃
6373343122332043533629308.jpg
     ᠡᠨᠡ ᠪᠣᠯ ᠴᠧᠨ ᠱᠤᠸᠠᠨ ᠵᠦ ᠶᠢᠨ ᠬᠤᠷᠢ ᠭᠠᠷᠤᠢ ᠵᠢᠯ ᠤᠨ ᠲᠤᠷᠰᠢᠬᠢ ᠱᠤᠭᠤᠮᠠᠯ ᠤᠷᠠᠯᠢᠭ ᠤᠨ ᠵᠣᠬᠢᠶᠠᠨ ᠪᠦᠲᠦᠭᠡᠯᠭᠡ ᠨᠢ ᠶᠡᠷᠦ ᠠᠴᠠ ᠮᠣᠩᠭᠤᠯ ᠦᠨᠳᠦᠰᠦᠲᠡᠨ ᠤ ᠲᠡᠦᠬᠡ ᠰᠣᠶᠣᠯ ᠠᠴᠠ ᠵᠠᠶᠢᠳᠠᠭᠰᠠᠨ ᠦᠭᠡᠢ ᠬᠠᠲᠠᠭᠤ ᠪᠠᠷᠢᠮᠲᠠᠯᠠᠯ ᠵᠢᠴᠢ ᠲᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠠᠴᠠ ᠲᠡᠭᠦᠨ ᠤ ︽ᠳᠠᠨᠠᠪᠠᠯ - ᠰᠠᠯᠤᠯᠲᠠ︾  ᠶᠢ ᠨᠢ ᠬᠤᠷᠢᠶᠠᠨ ᠬᠠᠳᠠᠭᠠᠯᠠᠭᠰᠠᠨ ᠤ ᠬᠢᠨᠢ ᠴᠠᠭᠠᠨᠠᠬᠢ ᠤᠴᠢᠷ ᠪᠠᠶᠢᠵᠤ ᠲᠠᠭᠠᠷᠠᠨ᠎ᠠ᠃ ᠲᠤᠮᠳᠠᠳᠤ ᠤᠯᠤᠰ ᠤᠨ ᠤᠷᠠᠨ ᠵᠢᠷᠤᠭ ᠤᠨ ᠣᠷᠳᠣᠨ ᠤ ᠬᠤᠷᠢᠶᠠᠨ ᠬᠠᠳᠠᠭᠠᠯᠠᠳᠠᠭ ᠪᠦᠲᠦᠭᠡᠯ ᠳᠤ ᠪᠣᠳᠠᠲᠠᠢ ᠨᠠᠷᠢᠨ ᠪᠠᠷᠢᠮᠵᠢᠶ᠎ᠠ ᠭᠡᠵᠦ ᠦᠭᠡᠢ᠂ ᠭᠡᠬᠦ ᠳᠡᠭᠡᠨ ᠵᠠᠪᠠᠯ ᠤᠷᠠᠯᠢᠭ ᠤᠨ ᠭᠤᠸ᠎ᠠ ᠰᠠᠶᠢᠬᠠᠨ ᠤ ᠦᠷᠳᠡᠭ ᠢᠶᠠᠷ ᠥᠨᠳᠥᠷ᠂ ᠵᠣᠬᠢᠶᠠᠨ ᠪᠦᠲᠦᠭᠡᠯᠭᠡ ᠶᠢᠨ ᠪᠦᠲᠦᠭᠡᠯᠴᠢ ᠴᠢᠨᠠᠷ ᠪᠠ ᠪᠣᠳᠠᠭᠠᠯᠢ ᠰᠢᠨᠵᠢ ᠲᠠᠢ ᠪᠥᠭᠡᠳ ᠬᠤᠷᠴᠠ ᠲᠣᠳᠣ ᠣᠷᠣᠨ ᠪᠦᠰᠡᠲᠦ ᠴᠢᠨᠠᠷ ᠪᠠ ᠦᠨᠳᠦᠰᠦᠲᠡᠨ ᠤ ᠣᠨᠴᠠᠯᠢᠭ ᠢᠶᠠᠷ ᠲᠣᠪᠣᠶᠢᠮ᠎ᠠ᠂ ᠬᠤᠷᠢᠶᠠᠨ ᠬᠠᠳᠠᠭᠠᠯᠠᠬᠤ ᠦᠷᠳᠡᠭ ᠪᠦᠬᠦᠢ ᠪᠦᠲᠦᠭᠡᠯ ᠪᠠᠶᠢᠬᠤ ᠬᠡᠷᠡᠭᠲᠡᠢ᠃    ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠷᠠᠨ ᠵᠢᠷᠤᠭ ᠤᠨ ᠳᠡᠭᠡᠳᠦ ᠰᠤᠷᠭᠠᠭᠤᠯᠢ ᠶᠢᠨ ᠪᠠᠭᠰᠢ ᠪᠤᠤ ᠭᠦᠢ ᠶᠢᠩ ᠠᠴᠠ᠂ ᠴᠧᠨ ᠱᠤᠸᠠᠨ ᠵᠦ ᠶᠢᠨ ᠣᠶᠢᠷ᠎ᠠ ᠶᠢᠨ ᠵᠢᠯ ᠤᠳ ᠤᠨ ᠵᠣᠬᠢᠶᠠᠨ ᠪᠦᠲᠦᠭᠡᠭᠰᠡᠨ ᠪᠦᠲᠦᠭᠡᠯ ᠨᠢ ᠤᠤᠭᠠᠯ ᠰᠣᠶᠣᠯ ᠤᠨ ᠬᠠᠮᠤᠭ ᠤᠨ ᠠᠩᠬᠠᠨ ᠤ ᠪᠠᠶᠢᠳᠠᠯ ᠳᠤ ᠪᠤᠴᠠᠵᠤ᠂ ᠲᠡᠷᠡ ᠪᠠᠷ ᠡᠷᠳᠡᠮᠲᠡᠨ ᠬᠥᠮᠥᠨ ᠤ ᠣᠪᠣᠷ ᠢᠶᠠᠷ ᠮᠣᠩᠭᠤᠯ ᠦᠨᠳᠦᠰᠦᠲᠡᠨ ᠤ ᠲᠡᠦᠬᠡ᠂ ᠰᠣᠶᠣᠯ ᠢᠷᠭᠡᠨᠰᠢᠯ᠂ ᠱᠠᠰᠢᠨ ᠰᠤᠷᠲᠠᠬᠤᠨ ᠵᠡᠷᠭᠡ ᠰᠣᠶᠣᠯ ᠤᠨ ᠭᠦᠨ ᠳᠠᠪᠬᠤᠷᠭ᠎ᠠ ᠶᠢᠨ ᠠᠭᠤᠯᠬᠤᠨ ᠬᠢᠭᠡᠳ ᠤᠯᠠᠮᠵᠢᠯᠠᠯᠲᠤ ᠱᠤᠭᠤᠮᠠᠯ ᠤᠷᠠᠯᠢᠭ ᠤᠨ ᠣᠨᠴᠠᠯᠢᠭ ᠢ ᠬᠠᠯᠠᠰᠢᠷᠠᠯ ᠦᠭᠡᠢ ᠰᠢᠮᠳᠠᠨ ᠰᠤᠳᠤᠯᠵᠤ᠂ ᠲᠡᠭᠦᠨ ᠤ ᠳᠣᠲᠣᠷ᠎ᠠ ᠠᠴᠠ ᠲᠠᠰᠤᠷᠠᠯᠳᠠ ᠦᠭᠡᠢ ᠰᠢᠮ᠎ᠡ ᠲᠡᠵᠢᠭᠡᠯ ᠭᠥᠷᠳᠡᠭᠰᠡᠨ ᠢᠶᠠᠷ᠂ ᠾᠦᠩᠨᠦ ᠶᠢᠨ ᠬᠦᠷᠡᠯ ᠱᠤᠭᠤᠮᠠᠯ᠂ ᠴᠢᠯᠠᠭᠤᠨ ᠬᠥᠮᠥᠨ ᠵᠡᠷᠭᠡ ᠪᠠᠯᠠᠷ ᠡᠷᠲᠡᠨ ᠤ ᠪᠡᠶᠡᠲᠦ ᠤᠷᠠᠯᠢᠭ ᠨᠢ ᠲᠡᠭᠦᠨ ᠤ ᠪᠦᠲᠦᠭᠡᠯ ᠳᠣᠲᠣᠷ᠎ᠠ ᠴᠥᠮ ᠳᠠᠬᠢᠨᠲᠠ ᠤᠳᠤ ᠦᠶ᠎ᠡ ᠶᠢᠨ ᠭᠤᠸ᠎ᠠ ᠰᠠᠶᠢᠬᠠᠨ ᠤ ᠢᠯᠡᠷᠡᠭᠦᠯᠦᠯ ᠢᠶᠠᠨ ᠣᠯᠣᠭᠰᠠᠨ ᠪᠠᠶᠢᠨ᠎ᠠ᠂ ᠭᠡᠬᠦ ᠳᠡᠭᠡᠨ ᠶᠠᠭ ᠡᠳᠡᠭᠡᠷ ᠪᠦᠭᠦᠨ ᠨᠢ ᠲᠡᠭᠦᠨ ᠤ ᠥᠨᠥᠳᠥᠷ ᠤᠨ ᠡᠭᠡᠯ ᠠᠴᠠ ᠣᠨᠳᠣᠣ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠪᠠᠶᠢᠬᠤ ᠶᠢᠨ ᠠᠨᠢᠰᠤ ᠪᠣᠯᠣᠨ᠎ᠠ ᠭᠡᠵᠦ ᠦᠨᠡᠯᠡᠭᠰᠡᠨ ᠶᠤᠮ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ