ᠵᠢᠮᠢᠰ ᠤᠨ ᠮᠣᠳᠣᠨ ᠤ ᠬᠤᠷᠣᠬᠠᠢ ᠶᠢᠨ ᠬᠥᠨᠥᠭᠡᠯ ᠢ ᠲᠠᠷᠢᠶᠠᠨ ᠡᠮ ᠬᠡᠷᠡᠭᠯᠡᠬᠦ ᠦᠭᠡᠢ ᠰᠡᠷᠭᠡᠶᠢᠯᠡᠬᠦ ᠠᠷᠭ᠎ᠠ
ᠨᠡᠶᠢᠲᠡᠯᠡᠭᠰᠡᠨ ᠴᠠᠭ᠄
2022/10/22
   ᠡᠪᠡᠰᠦ ᠮᠣᠳᠣᠨ ᠤ ᠦᠨᠡᠰᠦ ᠪᠠᠷ ᠬᠤᠷᠣᠬᠠᠢ ᠠᠯᠠᠬᠤ ᠡᠪᠡᠰᠦ ᠮᠣᠳᠣᠨ ᠤ ᠦᠨᠡᠰᠦ ᠪᠠᠷ ᠰᠣᠩᠭᠢᠨ᠎ᠠ ᠶᠢᠨ  ᠢᠯᠠᠭ᠎ᠠ᠂ ᠦᠨᠳᠦᠰᠦᠨ ᠤ ᠥᠳᠥ᠂ ᠪᠠᠭᠠᠷᠠᠩ  ᠬᠤᠷᠣᠬᠠᠢ᠂ ᠴᠣᠬᠤ ᠵᠡᠷᠭᠡ ᠬᠤᠷᠣᠬᠠᠢ ᠶᠢ ᠰᠡᠷᠭᠡᠶᠢᠯᠡᠬᠦ ᠳᠤ ᠬᠡᠷᠡᠭᠯᠡᠨ᠎ᠡ᠃ ᠡᠭᠦᠨ ᠳᠤ ᠭᠤᠷᠪᠠᠨ ᠵᠦᠢᠯ ᠤᠨ ᠠᠷᠭ᠎ᠠ ᠪᠣᠢ᠄ ᠨᠢᠭᠡ ᠳᠤ᠂ ᠬᠥᠷᠥᠰᠥᠨ ᠳᠤ  ᠣᠷᠣᠭᠤᠯᠤᠨ᠎ᠠ᠂ ᠮᠦ ᠪᠦᠷᠢ ᠳᠤ 60  - 80 ᠵᠢᠩ ᠡᠪᠡᠰᠦ ᠮᠣᠳᠣᠨ ᠤ ᠦᠨᠡᠰᠦ ᠶᠢ ᠲᠠᠷᠢᠬᠤ ᠰᠤᠪᠠᠭ ᠲᠤ ᠣᠷᠣᠭᠤᠯᠪᠠᠯ ᠦᠨᠳᠦᠰᠦᠨ ᠤ ᠬᠥᠨᠥᠭᠡᠯᠳᠦ ᠬᠤᠷᠣᠬᠠᠢ ᠠᠴᠠ ᠰᠡᠷᠭᠡᠶᠢᠯᠡᠵᠦ ᠲᠡᠶᠢᠯᠥᠨ᠎ᠡ ︔ ᠬᠤᠶᠠᠷ ᠲᠤ᠂ ᠰᠢᠭᠤᠳ ᠰᠠᠴᠤᠨ᠎ᠠ᠂ ᠡᠪᠡᠰᠦ ᠮᠣᠳᠣᠨ ᠤ ᠦᠨᠡᠰᠦ ᠶᠢ  ᠨᠤᠨᠳᠠᠭᠯᠠᠵᠤ ᠥᠷᠯᠥᠭᠡ ᠰᠢᠭᠦᠳᠡᠷᠢ  ᠬᠠᠳᠠᠬᠤ ᠠᠴᠠ ᠡᠮᠦᠨ᠎ᠡ ᠬᠤᠷᠣᠬᠠᠶᠢᠲᠤᠭᠰᠠᠨ ᠬᠡᠰᠡᠭ ᠲᠤ ᠰᠦᠷᠴᠢᠨ᠎ᠡ᠂ ᠮᠦ  ᠪᠦᠷᠢ ᠳᠤ 2 - 4 ᠵᠢᠩ ᠡᠪᠡᠰᠦ ᠮᠣᠳᠣᠨ ᠤ ᠦᠨᠡᠰᠦ ᠶᠢ ᠬᠡᠷᠡᠭᠯᠡᠨ᠎ᠡ᠃             ᠨᠠᠪᠴᠢᠨ ᠲᠠᠮᠠᠬᠢ ᠪᠠᠷ ᠬᠤᠷᠣᠬᠠᠢ ᠠᠯᠠᠬᠤ ᠨᠠᠪᠴᠢᠨ ᠲᠠᠮᠠᠬᠢ ᠪᠠᠷ ᠬᠤᠷᠣᠬᠠᠢ ᠠᠯᠠᠬᠤ ᠳᠤ ᠡᠡ᠊ᠡᠭ ᠲᠡᠷᠢᠭᠦᠨ ᠳᠤ  ᠪᠠᠭᠠᠷᠠᠩ ᠬᠤᠷᠣᠬᠠᠢ᠂ ᠦᠮᠡᠬᠡᠢ ᠪᠢᠰ᠂  ᠢᠯᠠᠭᠠᠨ ᠤ ᠥᠳᠥ ᠵᠡᠷᠭᠡ ᠶᠢ ᠰᠡᠷᠭᠡᠶᠢᠯᠡᠬᠦ ᠪᠠ ᠵᠠᠰᠠᠬᠤ ᠳᠤ ᠬᠡᠷᠡᠭᠯᠡᠨ᠎ᠡ᠃  ᠨᠠᠶᠢᠷᠠᠭᠤᠯᠬᠤ ᠠᠴᠠ ᠡᠮᠦᠨ᠎ᠡ ᠬᠠᠶᠠᠭᠳᠠᠮᠠᠯ ᠨᠠᠪᠴᠢᠨ ᠲᠠᠮᠠᠬᠢ ᠪᠣᠯᠣᠨ ᠤᠰᠤ ᠶᠢ 1 ᠄ 40᠎ ᠶᠢᠨ ᠬᠠᠷᠢᠴᠠᠯ ᠢᠶᠠᠷ  ᠬᠡᠮᠵᠢᠵᠦ ᠪᠡᠯᠡᠳᠬᠡᠨ᠂ ᠤᠷᠢᠳ ᠢᠶᠠᠷ ᠲᠠᠮᠠᠬᠢᠨ ᠤ ᠨᠠᠪᠴᠢ ᠶᠢ ᠤᠷᠠᠵᠤ ᠬᠡᠮᠬᠡᠯᠦᠭᠡᠳ ᠳᠡᠭᠡᠷ᠎ᠡ ᠨᠢ 10 ᠬᠤᠪᠢ ᠶᠢᠨ   ᠪᠤᠴᠠᠯᠤᠭᠰᠠᠨ ᠤᠰᠤ ᠬᠢᠵᠦ ᠳᠡᠪᠲᠦᠭᠡᠨ᠂ ᠤᠰᠤ ᠨᠢ ᠨᠡᠯᠢᠶᠡᠳ ᠰᠢᠩᠭᠡᠵᠦ ᠥᠳᠬᠡᠨ ᠰᠢᠭᠦᠰᠦ ᠦᠭᠡᠢ ᠪᠣᠯᠬᠤ ᠦᠶᠡᠰ  ᠲᠠᠬᠢᠨ ᠲᠠᠮᠠᠬᠢᠨ ᠤ ᠨᠠᠪᠴᠢ ᠶᠢ  ᠰᠢᠭᠦᠵᠦ ᠭᠠᠷᠭᠠᠨ᠂ 4 ᠤᠳᠠᠭ᠎ᠠ ᠤᠰᠤ ᠬᠤᠯᠢᠵᠤ ᠱᠦᠷᠭᠦᠭᠡᠵᠦ ᠤᠬᠢᠶᠠᠭᠰᠠᠨ ᠤ  ᠲᠠᠷᠠᠭ᠎ᠠ ᠰᠢᠭᠠᠷᠤ ᠪᠠ ᠲᠠᠮᠠᠬᠢ ᠶᠢ ᠨᠢ ᠱᠦᠭᠦᠵᠦ ᠭᠠᠷᠭᠠᠨ᠂ ᠲᠠᠬᠢᠨ  ᠲᠤᠭ᠎ᠠ ᠶᠣᠰᠣᠭᠠᠷ ᠬᠤᠯᠢᠵᠤ ᠲᠠᠷᠢᠶᠠᠨ  ᠭᠠᠵᠠᠷ ᠲᠤ ᠰᠦᠷᠴᠢᠵᠦ ᠬᠤᠷᠣᠬᠠᠢ ᠶᠢ ᠰᠡᠷᠭᠡᠶᠢᠯᠡᠬᠦ ᠳᠤ ᠬᠡᠷᠡᠭᠯᠡᠨ᠎ᠡ᠃            ᠯᠠᠵᠤᠤ ᠪᠠᠷ ᠬᠤᠷᠣᠬᠠᠢ ᠠᠯᠠᠬᠤ 1 ᠵᠢᠩ ᠰᠢᠨ᠎ᠡ ᠰᠣᠷᠭᠤᠭ ᠯᠠᠵᠤᠤ ︵ᠬᠡᠳᠦᠢ ᠭᠤᠱᠤᠭᠤᠨ ᠪᠣᠯ ᠲᠡᠳᠦᠢ  ᠰᠠᠶᠢᠨ︶ ᠳᠡᠭᠡᠷ᠎ᠡ 30 - 40 ᠵᠢᠩ  ᠤᠰᠤ ᠨᠡᠮᠡᠵᠦ 10 - 15 ᠮᠢᠨᠦ᠋ᠲ ᠴᠢᠨᠠᠭᠠᠳ ᠰᠢᠭᠠᠷᠤ ᠶᠢ ᠨᠢ  ᠰᠢᠭᠦᠵᠦ ᠭᠠᠷᠭᠠᠨ ᠰᠢᠭᠦᠰᠦ ᠶᠢ ᠨᠢ ᠦᠯᠡᠳᠡᠭᠡᠵᠦ᠂ ᠬᠠᠯᠠᠭᠤᠨ ᠳᠡᠭᠡᠷ᠎ᠡ ᠨᠢ 0.2  ᠵᠢᠩ ᠬᠤᠪᠴᠠᠰᠤ ᠤᠬᠢᠶᠠᠬᠤ  ᠨᠤᠨᠳᠠᠭ ᠨᠡᠮᠡᠵᠦ᠂ ᠬᠥᠷᠥᠭᠰᠡᠡ ᠤ ᠰᠡᠭᠦᠯᠡᠷ ᠲᠠᠬᠢᠨ 2 ᠤᠭᠤᠲᠠ ᠵᠢᠶᠠ ᠮᠸᠢ ᠶᠢᠨ ᠳ᠋ᠢᠶᠠᠨ ︵嘉美金点︶   ᠲᠣᠬᠢᠷᠠᠭᠤᠯᠤᠭᠴᠢ ᠪᠠ 100 ᠵᠢᠩ ᠤᠰᠤ ᠨᠡᠮᠡᠵᠦ ᠵᠢᠭᠳᠡ ᠬᠤᠯᠢᠭᠠᠳ ᠰᠦᠷᠴᠢᠨ᠎ᠡ᠃ ᠡᠨᠡ ᠬᠦ ᠠᠷᠭ᠎ᠠ ᠨᠢ  ᠰᠢᠰᠢ ᠶᠢᠨ ᠮᠢᠩ ᠬᠤᠷᠣᠬᠠᠢ᠂ ᠲᠡᠯᠡᠭᠴᠢ  ᠬᠤᠷᠣᠬᠠᠢ᠂ ᠭᠤᠷᠪᠠᠨ ᠭᠤᠣᠯᠵᠢᠳᠠᠳᠣ ᠮᠢᠩ ᠡᠷᠪᠡᠬᠡᠢ᠂ ᠨᠠᠪᠴᠢᠨ  ᠬᠤᠮᠢᠭᠤᠷ ᠬᠤᠷᠣᠬᠠᠢ᠂ ᠪᠠᠭᠠᠷᠠᠩ ᠬᠤᠷᠣᠬᠠᠢ᠂ ᠤᠯᠠᠭᠠᠨ ᠠᠭᠠᠯᠵᠢ᠂ ᠰᠢᠷᠣᠢ ᠶᠢᠨ ᠬᠦᠷᠢ  ᠵᠡᠷᠭᠡ ᠡᠯ᠎ᠡ ᠵᠦᠢᠯ ᠤᠨ  ᠬᠥᠨᠥᠭᠡᠯᠳᠦ ᠬᠤᠷᠣᠬᠠᠢ ᠶᠢ ᠬᠦᠴᠦᠨ ᠲᠠᠢ ᠰᠡᠷᠭᠡᠶᠢᠯᠡᠬᠦ ᠪᠠ ᠠᠯᠠᠵᠤ ᠲᠡᠶᠢᠯᠥᠨ᠎ᠡ᠃             ᠰᠣᠩᠭᠢᠨ᠎ᠠ ᠰᠠᠷᠢᠮᠰᠠᠭ ᠢᠶᠠᠷ ᠬᠤᠷᠣᠬᠠᠢ ᠠᠯᠠᠬᠤ ᠰᠠᠷᠢᠮᠰᠠᠭ ᠪᠠ ᠪᠥᠭᠡᠷᠡᠩᠬᠡᠢ ᠰᠣᠩᠭᠢᠨ᠎ᠠ ᠶᠢ ᠲᠣᠰ ᠲᠣᠰ 20  ᠭᠷᠡᠮ ᠬᠤᠯᠢᠵᠤ ᠨᠢᠴᠠᠯᠤᠨ᠂ ᠰᠡᠶᠢᠮᠡᠬᠡᠢ  ᠪᠥᠰ ᠢᠶᠠᠷ ᠪᠠᠭᠯᠠᠵᠤ᠂ 20 ᠵᠢᠩ ᠣᠰᠣᠠ ᠳᠤ 24 ᠴᠠᠭ ᠳᠡᠪᠲᠦᠭᠡᠭᠰᠡᠨ ᠤ  ᠰᠡᠭᠦᠯᠡᠷ ᠲᠠᠬᠢᠨ ᠰᠡᠶᠢᠮᠡᠬᠡᠢ ᠪᠥᠰ ᠢ ᠠᠪᠴᠤ ᠭᠠᠷᠭᠠᠨ᠎ᠠ᠂ ᠲᠣᠰ ᠡᠮ ᠤᠨ  ᠰᠢᠩᠭᠡᠨ ᠢᠶᠠᠷ ᠴᠣᠬᠤ᠂ ᠪᠠᠭᠠᠷᠠᠩ  ᠬᠤᠷᠣᠬᠠᠢ᠂ ᠤᠯᠠᠭᠠᠨ ᠠᠭᠠᠯᠵᠢ ᠵᠡᠷᠭᠡ ᠬᠥᠨᠥᠭᠡᠯᠳᠦ ᠬᠤᠷᠣᠬᠠᠢ ᠶᠢ ᠰᠡᠷᠭᠡᠶᠢᠯᠡᠬᠦ ᠪᠠ ᠠᠯᠠᠬᠤ ᠳᠤ ᠬᠡᠷᠡᠭᠯᠡᠵᠦ ᠪᠣᠯᠣᠨ᠎ᠠ᠃            ᠭᠤᠯᠢᠷ ᠢᠶᠠᠷ ᠬᠤᠷᠣᠬᠠᠢ ᠠᠯᠠᠬᠤ 250 ᠭᠷᠡᠮ ᠪᠤᠭᠤᠳᠠᠢ ᠶᠢᠨ ᠭᠤᠯᠢᠷ ᠲᠤ 15 - 16 ᠵᠢᠩ ᠤᠰᠤ  ᠨᠡᠮᠡᠵᠦ ᠵᠢᠭᠤᠷᠠᠭᠠᠳ ᠭᠤᠣᠯ ᠦᠳᠡ ᠶᠢᠨ  12 ᠴᠠᠭ ᠤᠨ ᠦᠶ᠎ᠡ ᠪᠠᠷ ᠤᠯᠠᠭᠠᠨ ᠠᠭᠠᠯᠵᠢ ᠶᠢᠨ ᠬᠥᠨᠥᠭᠡᠯ ᠲᠠᠢ  ᠨᠠᠪᠴᠢᠨ ᠤ ᠠᠷᠤ ᠳᠤ ᠵᠢᠭᠳᠡ ᠰᠦᠷᠴᠢᠨ᠎ᠡ᠃ 10 ᠮᠢᠨᠦ᠋ᠲ ᠤᠨ ᠲᠠᠷᠠᠭ᠎ᠠ ᠤᠯᠠᠭᠠᠨ  ᠠᠭᠠᠯᠵᠢ ᠶᠢᠨ ᠬᠥᠯ ᠨᠢ  ᠭᠤᠯᠢᠷ ᠲᠠᠢ ᠨᠠᠭᠠᠯᠳᠤᠵᠤ ᠨᠠᠪᠴᠢᠨ ᠤ ᠠᠷᠤ ᠳᠤ ᠬᠠᠳᠠᠵᠣ ᠦᠬᠦᠬᠦ ᠪᠣᠯᠣᠨ᠎ᠠ᠃ ᠲᠣᠰ ᠠᠷᠭ᠎ᠠ ᠶᠢ ᠢᠳᠡᠰᠢᠨ  ᠨᠣᠭᠤᠭ᠎ᠠ᠂  ᠵᠢᠮᠢᠰ ᠤᠨ ᠮᠣᠳᠣ᠂ ᠬᠥᠪᠥᠩ ᠵᠡᠷᠭᠡ ᠲᠠᠷᠢᠮᠠᠯ ᠳᠤ ᠠᠳᠠᠯᠢᠬᠠᠨ ᠬᠡᠷᠡᠭᠯᠡᠵᠦ ᠲᠣᠬᠢᠷᠠᠨ᠎ᠠ᠃             ᠪᠠᠭ᠎ᠠ ᠰᠤᠳᠠ ᠪᠠᠷ ᠭᠡᠮ ᠬᠤᠷᠣᠬᠠᠢ ᠶᠢ ᠰᠡᠷᠭᠡᠶᠢᠯᠡᠬᠦ 0.2% ᠥᠳᠬᠡᠴᠡ ᠲᠠᠢ ᠪᠠᠭ᠎ᠠ ᠰᠤᠳᠠ ᠶᠢᠨ  ᠠᠭᠤᠰᠤᠮᠠᠯ᠂ ᠳᠠᠷᠤᠢ 0.2 ᠵᠢᠩ ᠪᠠᠭ᠎ᠠ ᠰᠤᠳᠠ  ᠳᠡᠭᠡᠷ᠎ᠡ 100 ᠵᠢᠩ ᠤᠰᠤ ᠬᠤᠯᠢᠵᠤ ᠵᠢᠭᠤᠷᠠᠭᠠᠳ ᠰᠦᠷᠴᠢᠨ᠎ᠡ᠂  ᠲᠣᠰ ᠨᠠᠶᠢᠷᠠᠯᠭ᠎ᠠ ᠨᠢ ᠥᠷᠭᠡᠰᠥᠳᠥ ᠬᠡᠮᠬᠡ᠂ ᠴᠠᠭᠠᠨ ᠨᠣᠭᠤᠭ᠎ᠠ ᠶᠢᠨ ᠴᠠᠭᠠᠨ  ᠲᠣᠭᠤᠰᠣᠲᠤ ᠭᠡᠮ᠂ ᠪᠣᠳᠣ ᠭᠡᠮ᠂  ᠴᠠᠭᠠᠨ ᠬᠥᠭᠡᠴᠦ ᠭᠡᠮ ᠵᠡᠷᠭᠡ ᠳᠤ ᠪᠦᠷ ᠨᠡᠯᠢᠶᠡᠳ ᠰᠠᠶᠢᠨ ᠦᠢᠯᠡᠳᠦᠯ ᠲᠠᠢ ᠪᠠᠶᠢᠵᠤ᠂ ᠰᠡᠷᠭᠡᠶᠢᠯᠡᠬᠦ ᠦᠷ᠎ᠡ ᠳ᠋ᠦᠩ ᠨᠢ   93.1%᠎ ᠳᠤ ᠬᠥᠷᠥᠨ᠎ᠡ᠃ ᠪᠠᠰᠠ ᠲᠤᠲᠤᠷᠭᠠᠨ ᠤ ᠬᠠᠯᠠᠭᠤᠨ ᠭᠡᠮ ᠢ ᠭᠤᠣᠯᠯᠠᠨ ᠵᠠᠰᠠᠵᠤ ᠲᠡᠶᠢᠯᠥᠨ᠎ᠡ᠂  ᠲᠤᠲᠤᠷᠭ᠎ᠠ ᠶᠢᠨ ᠬᠢᠵᠢᠭᠰᠢᠷᠡᠭᠦ ᠲᠠᠯᠬ᠎ᠠ ︵稲瘟 灵︶᠂ ᠭᠤᠷᠪᠠᠨ ᠴᠠᠭᠠᠷᠢᠭᠲᠤ ᠢᠮᠢᠳᠡᠽᠥᠯ ᠵᠡᠷᠭᠡ ᠲᠠᠢ  ᠬᠤᠯᠢᠵᠤ ᠬᠡᠷᠡᠭᠯᠡᠪᠡᠯ ᠦᠢᠯᠡᠳᠦᠯ ᠨᠢ ᠨᠡᠮᠡᠭᠳᠡᠬᠦ ᠪᠣᠯᠣᠨ᠎ᠠ᠃ ᠭᠡᠪᠡᠴᠦ ᠬᠦᠴᠢᠯᠯᠢᠭ ᠲᠠᠷᠢᠶᠠᠨ  ᠡᠮ ᠲᠠᠢ ᠬᠤᠯᠢᠵᠤ  ᠬᠡᠷᠡᠭᠯᠡᠵᠦ ᠪᠣᠯᠬᠤ ᠦᠭᠡᠢ᠃  
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ