ᠸᠠᠩ ᠰᠢᠨ ᠢᠦᠢ ᠳᠠᠯᠠᠳ ᠬᠤᠰᠢᠭᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2022/10/24
      10 ᠰᠠᠷ ᠎ᠠ ᠶᠢᠨ 17᠎ ᠤ ᠡᠳᠦᠷ ᠠᠴᠠ 18᠎ ᠤ ᠡᠳᠦᠷ ᠪᠣᠯᠲᠠᠯ᠎ᠠ᠂ ᠬᠤᠲᠠ ᠶᠢᠨ ᠳᠡᠳ᠋ ᠳᠠᠷᠤᠭ᠎ᠠ ᠸᠠᠩ ᠰᠢᠨ‌ᠢᠦᠢ ᠳᠠᠯᠠᠳ ᠬᠤᠰᠢᠭᠤᠨ ᠤ ᠵᠡᠭᠡᠯᠢ ᠭᠤᠳᠤᠮᠵᠢ ᠶᠢᠨ ᠨᠡᠶᠢᠬᠡᠮ ᠳᠤᠭᠤᠷᠢᠭ᠂ ᠲᠤᠰᠠᠭᠠᠷᠯᠠᠬᠤ ᠪᠠᠭᠤᠳᠠᠯ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠴᠤ ᠪᠠᠶᠢᠴᠠᠭᠠᠪᠠ᠃

王新宇达旗.jpg

        ᠸᠠᠩ ᠰᠢᠨ ᠢᠦᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠪᠡᠷᠬᠡ 

ᠪᠠᠶᠢᠳᠠᠯ ᠤᠨ ᠡᠮᠦᠨ᠎ᠡ᠂ ︽ᠳᠥᠷᠪᠡᠨ ᠡᠷᠲᠡᠬᠡᠨ︾ ᠪᠣᠯᠣᠨ ︽ᠪᠠᠶᠢᠴᠠᠭᠠᠬᠤ ᠶᠣᠰᠤᠲᠠᠢ ᠶᠢ ᠨᠢ ᠪᠦᠬᠦᠨ ᠢ 

ᠪᠠᠶᠢᠴᠠᠭᠠᠬᠤ︾ ᠱᠠᠭᠠᠷᠳᠠᠯᠭ᠎ᠠ ᠶᠣᠰᠤᠭᠠᠷ᠂ ᠡᠷᠲᠡᠬᠡᠨ ᠢᠯᠡᠷᠡᠭᠦᠯᠵᠦ᠂ ᠲᠥᠷᠭᠡᠨ ᠢᠶᠠᠷ ᠰᠢᠢᠳᠪᠦᠷᠢᠯᠡᠬᠦ ᠬᠡᠷᠡᠭᠲᠡᠢ᠃

ᠨᠡᠶᠢᠬᠡᠮ ᠤᠨ ᠬᠠᠮᠢᠶᠠᠷᠤᠨ ᠡᠵᠡᠮᠰᠢᠯᠲᠡ ᠶᠢᠨ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠢ 

ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠮᠦᠰ ᠢ ᠴᠢᠩᠭ᠎ᠠ ᠬᠠᠮᠢᠶᠠᠷᠤᠨ ᠡᠵᠡᠮᠳᠡᠵᠦ᠂ ᠬᠢᠵᠢᠭ ᠤᠨ  ᠪᠠᠶᠢᠳᠠᠯ ᠢ 

ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠲᠥᠪᠯᠡᠷᠡᠭᠦᠯᠦᠨ

ᠲᠤᠰᠠᠭᠠᠷᠠᠯᠠᠬᠤ ᠴᠡᠭ ᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ᠂ ᠬᠤᠭ ᠨᠣᠪᠰᠢ ᠶᠢ

ᠴᠡᠪᠡᠷᠯᠡᠨ ᠲᠡᠭᠡᠭᠡᠪᠦᠷᠢᠯᠡᠬᠦ᠂ ᠣᠷᠴᠢᠨ ᠲᠣᠭᠤᠷᠢᠨ ᠢ ᠠᠷᠢᠭᠤᠳᠬᠠᠬᠤ᠂ ᠬᠦᠮᠦᠰ ᠢ ᠪᠢᠲᠡᠭᠦᠮᠵᠢᠯᠡᠨ ᠬᠠᠮᠢᠶᠠᠷᠬᠤ ᠵᠡᠷᠭᠡ ᠠᠵᠢᠯ ᠢ ᠬᠠᠮᠤᠭ ᠴᠢᠩᠭ᠎ᠠ

ᠪᠠᠷᠢᠮᠵᠢᠶ᠎ᠠ ᠪᠠᠷ ᠰᠠᠢᠲᠤᠷ ᠬᠢᠵᠦ᠂ ︽ᠪᠢᠲᠡᠭᠦᠮᠵᠢᠯᠡᠯᠲᠡ ᠶᠢ ᠡᠪᠳᠡᠬᠦ︾ ᠵᠡᠷᠭᠡ ᠦᠵᠡᠭᠳᠡᠯ ᠡᠭᠦᠰᠬᠦ ᠠᠴᠠ ᠡᠷᠡᠰ ᠳᠡᠪᠴᠢᠬᠦ ᠬᠡᠷᠡᠭᠲᠡᠢ᠃ ᠶᠠᠷᠢᠶ᠎ᠠ ᠬᠡᠯᠡᠯᠴᠡᠭᠡᠨ ᠤ 

ᠪᠠᠶᠢᠳᠠᠯ ᠢ ᠳᠡᠭᠡᠲᠦ ᠬᠡᠮᠵᠢᠶ᠎ᠡ ᠪᠠᠷ ᠠᠩᠬᠠᠷᠴᠤ᠂ ᠨᠡᠶᠢᠬᠡᠮ ᠤᠨ ᠬᠠᠯᠠᠮᠰᠢᠯ ᠠᠰᠠᠭᠤᠳᠠᠯ ᠳᠤ ᠴᠠᠭ ᠳᠠᠷᠤᠢ ᠳᠤᠨᠢ ᠬᠠᠷᠢᠭᠤ

ᠲᠤᠰᠬᠠᠯᠲᠠ ᠬᠢᠬᠦ ᠬᠡᠷᠡᠭᠲᠡᠢ ᠭᠡᠪᠡ᠃

ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠨᠡᠶᠢᠲᠡᠯᠡᠯ