ᠣᠲᠤᠭ ᠬᠤᠰᠢᠭᠤ ᠬᠢᠶ᠎ᠠ ᠪᠠᠭᠰᠢ ᠲᠣᠭᠤᠷᠢᠭ ᠲᠤ ᠠᠵᠢᠯᠯᠠᠵᠤ ᠰᠤᠷᠤᠯᠴᠠᠵᠤ ᠪᠠᠶᠢᠭ᠎ᠠ 454 ᠪᠠᠭᠰᠢ ᠰᠤᠷᠤᠭᠴᠢ ᠶᠢ ᠲᠤᠰᠬᠠᠢ ᠲᠡᠷᠭᠡ ᠪᠠᠷ ᠬᠦᠷᠭᠡᠪᠡ
ᠨᠡᠶᠢᠲᠡᠯᠡᠭᠰᠡᠨ ᠴᠠᠭ᠄
2022/10/27
     10 ᠰᠠᠷ᠎ᠠ ᠶᠢ 17 ᠤ ᠡᠳᠥᠷ᠂ ᠣᠲᠤᠭ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠨ ᠬᠢᠶ᠎ᠠ ᠪᠠᠭᠰᠢ ᠲᠣᠭᠤᠷᠢᠭ ᠲᠠᠢ ᠬᠠᠷᠢᠯᠴᠠᠵᠤ ᠵᠥᠪᠯᠡᠯᠴᠡᠭᠡᠳ᠂ ᠤᠯᠤᠰ ᠤᠨ ᠪᠠᠶᠠᠷ ᠤᠨ ᠠᠮᠠᠷᠠᠯᠲᠠ ᠪᠠᠷ ᠪᠤᠰᠤᠳ ᠭᠠᠵᠠᠷ ᠤᠳ ᠢᠶᠠᠷ ᠤᠴᠢᠵᠤ ᠦᠩᠭᠡᠷᠡᠭᠰᠡᠨ ᠦᠭᠡᠢ ᠵᠦᠪᠭᠡᠨ ᠣᠲᠤᠭ ᠬᠤᠰᠢᠭᠤᠨ ᠳᠤ ᠪᠠᠶᠢᠭᠰᠠᠨ ᠪᠠᠭᠰᠢ ᠰᠤᠷᠤᠭᠴᠢᠳ ᠢ ᠰᠤᠷᠭᠠᠭᠤᠯᠢ ᠳᠤᠨᠢ ᠬᠠᠷᠢᠭᠤᠯᠵᠤ ᠬᠢᠴᠢᠶᠡᠯ ᠰᠡᠷᠭᠦᠭᠡᠬᠦ ᠪᠠᠷ ᠪᠣᠯᠪᠠ᠃ ᠣᠲᠤᠭ ᠬᠤᠰᠢᠭᠤᠨ ᠤ ᠨᠠᠮ ᠵᠠᠰᠠᠭ ᠤᠨ ᠬᠢᠨ ᠡᠨᠡ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠲᠤᠰ ᠡᠭᠡᠯᠵᠢ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠶᠢ ᠪᠠᠬᠢᠵᠢᠭᠦᠯᠦ᠋ᠨ᠂ ᠬᠥᠮᠦᠨ ᠬᠠᠷ᠎ᠠ ᠶᠢᠨ ᠨᠡᠭᠦᠵᠦ ᠰᠢᠯᠵᠢᠬᠦ ᠶᠢ ᠠᠯᠢ ᠴᠢᠳᠠᠬᠤ ᠪᠠᠷ ᠪᠠᠭᠠᠰᠬᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠨ ᠳᠡᠯᠭᠡᠷᠡᠬᠦ ᠠᠶᠤᠯ ᠲᠦᠭᠰᠢᠭᠦᠷᠢ ᠶᠢ ᠪᠠᠭᠠᠰᠬᠠᠬᠤ ᠶᠢ ᠲᠤᠰᠠᠳᠠ᠂ ᠴᠠᠭᠳᠠᠭᠠᠨ ᠤ ᠲᠡᠷᠭᠡ ᠪᠠ ᠲᠤᠰᠬᠠᠢ ᠲᠡᠷᠭᠡ ᠲᠣᠮᠢᠯᠠᠨ ᠬᠢᠶ᠎ᠠ ᠪᠠᠭᠰᠢ ᠲᠣᠭᠤᠷᠢᠭ ᠲᠤ ᠠᠵᠢᠯᠯᠠᠵᠤ ᠰᠤᠷᠤᠯᠴᠠᠵᠤ ᠪᠠᠶᠢᠭ᠎ᠠ ᠪᠠᠭᠰᠢ ᠰᠤᠷᠤᠭᠴᠢᠳ ᠢ ᠬᠦᠷᠭᠡᠯᠭᠡᠬᠦ ᠪᠠᠷ ᠲᠤᠭᠳᠠᠪᠠ᠃  
2022-10-18-23d5bd512f-21c5-4b61-b14f-8f5467b2c9f5 (1).jpg
2022-10-18-241c17a7ed-0f6c-430b-8671-0c51e7789cdc.jpg
     ᠦᠳᠡ ᠶᠢ ᠬᠤᠶᠢᠨ᠎ᠠ ᠶᠢᠨ ᠬᠤᠶᠠᠷ ᠴᠠᠭ ᠲᠤ᠂ ᠬᠤᠲᠠ ᠶᠢ ᠰᠢᠭᠤᠳ ᠬᠠᠷᠢᠶᠠᠳᠤ ᠰᠤᠷᠭᠠᠭᠤᠯᠢ ᠪᠠ ᠬᠢᠶ᠎ᠠ ᠪᠠᠭᠰᠢ ᠲᠣᠭᠤᠷᠢᠭ ᠤᠨ ᠬᠠᠷᠢᠶᠠᠳᠤ ᠰᠤᠷᠭᠠᠭᠤᠯᠢ ᠳᠤ ᠠᠵᠢᠯᠯᠠᠵᠤ ᠰᠤᠷᠤᠯᠴᠠᠵᠤ ᠪᠠᠶᠢᠭ᠎ᠠ 454 ᠪᠠᠭᠰᠢ ᠰᠤᠷᠤᠭᠴᠢ 11 ᠲᠣᠮᠣ ᠰᠠᠭᠤᠳᠠᠯ ᠤᠨ ᠮᠠᠰᠢᠨ ᠳᠤ ᠰᠠᠭᠤᠭᠠᠳ ᠴᠠᠭᠳᠠᠭᠠᠨ ᠤ ᠲᠡᠷᠭᠡ ᠶᠢ ᠬᠠᠮᠠᠭᠠᠯᠠᠯᠲᠠ ᠳᠣᠣᠷ᠎ᠠ ᠣᠲᠤᠭ ᠬᠤᠰᠢᠭᠤ ᠠᠴᠠ ᠠᠯᠭᠤᠷᠬᠠᠨ ᠮᠣᠷᠳᠠᠯ᠎ᠠ᠃ ᠵᠠᠮ ᠲᠤᠵᠢ ᠡᠳᠡᠭᠡᠷ ᠲᠡᠷᠭᠡ ᠶᠢ ᠪᠢᠲᠡᠭᠦᠮᠵᠢᠯᠡᠨ ᠬᠠᠮᠢᠶᠠᠷᠴᠤ᠂ ᠦᠳᠡ ᠶᠢ ᠬᠤᠶᠢᠨ᠎ᠠ ᠶᠢᠨ ᠵᠢᠷᠭᠤᠭᠠᠨ ᠴᠠᠭ ᠬᠠᠭᠠᠰ ᠲᠤ ᠲᠡᠳᠡ ᠠᠮᠤᠷ ᠲᠦᠪᠰᠢᠨ ᠢᠶᠠᠷ ᠬᠢᠶ᠎ᠠ ᠪᠠᠭᠰᠢ ᠲᠣᠭᠤᠷᠢᠭ ᠲᠤ ᠬᠦᠷᠴᠦ ᠰᠤᠷᠭᠠᠭᠤᠯᠢ ᠳᠠᠭᠠᠨ ᠪᠤᠴᠠᠯ᠎ᠠ᠃    ︽ᠰᠤᠷᠭᠠᠭᠤᠯᠢ ᠠᠴᠠ ᠪᠢᠳᠡᠨ ᠢ 17 ᠤ ᠡᠳᠥᠷ ᠰᠤᠷᠭᠠᠭᠤᠯᠢ ᠳᠠᠭᠠᠨ ᠪᠤᠴᠠᠵᠤ ᠪᠣᠯᠤᠨ᠎ᠠ ᠭᠡᠵᠦ ᠮᠡᠳᠡᠭᠳᠡᠪᠡ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠠᠴᠠ ᠪᠤᠯᠤᠭᠠᠳ ᠪᠢᠳᠡ ᠬᠢᠶ᠎ᠠ ᠪᠠᠭᠰᠢ ᠲᠣᠭᠤᠷᠢᠭ ᠲᠤ ᠪᠤᠴᠠᠵᠤ ᠳᠡᠶᠢᠯᠬᠦ ᠦᠭᠡᠢ ᠪᠣᠯᠬᠤᠷ ᠪᠠᠷᠤᠭ ᠦᠷᠭᠦᠯᠵᠢᠯᠡᠨ ᠰᠦᠯᠵᠢᠶᠡᠨ ᠳᠡᠭᠡᠷ᠎ᠡ ᠬᠢᠴᠢᠶᠡᠯ ᠣᠷᠣᠬᠤ ᠪᠠᠶᠢᠬ᠎ᠠ ᠭᠡᠵᠦ ᠪᠣᠳᠣᠵᠤ ᠪᠠᠶᠢᠪᠠ᠂ ᠲᠡᠭᠡᠵᠤ ᠪᠠᠶᠢᠳᠠᠯ᠎ᠠ ᠬᠤᠰᠢᠭᠤᠨ ᠠᠴᠠ ᠨᠢᠭᠡᠳᠥᠯᠲᠡᠢ ᠲᠡᠷᠭᠡ ᠲᠣᠬᠢᠷᠠᠭᠤᠯᠤᠨ ᠪᠢᠳᠡᠨ ᠢ ᠰᠤᠷᠭᠠᠭᠤᠯᠢ ᠳᠤ ᠬᠦᠷᠭᠡᠬᠦ ᠭᠡᠰᠡᠨ ᠮᠡᠳᠡᠭᠳᠡᠯ ᠢ ᠲᠣᠰᠴᠠᠢ᠂ ᠤᠳᠤ ᠪᠢᠳᠡ ᠰᠦᠯᠵᠢᠶᠡᠨ ᠳᠡᠭᠡᠷ᠎ᠡ ᠬᠢᠴᠢᠶᠡᠯᠯᠡᠵᠤ ᠰᠤᠷᠤᠯᠴᠠᠯᠭ᠎ᠠ ᠶᠢ ᠨᠥᠯᠥ᠋ᠭᠡᠯᠡᠬᠦ ᠠᠴᠠ ᠠᠶᠤᠬᠤ ᠬᠡᠷᠡᠭ ᠦᠭᠡᠢ ᠪᠣᠯᠤᠯ᠎ᠠ︾ ᠭᠡᠵᠦ ᠰᠤᠷᠤᠭᠴᠢᠳ ᠬᠡᠯᠡᠵᠡᠭᠡᠨ᠎ᠡ᠃  
ᠢᠷᠡᠯᠲᠡ᠄ ᠣᠷᠳᠣᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ