ᠶᠡᠭᠡ ᠳᠡᠭᠡᠳᠦ ᠰᠤᠷᠭᠠᠭᠤᠯᠢ ᠨᠤᠭᠤᠳ ᠡᠭᠦᠯᠡᠨ ᠬᠢᠴᠢᠶᠡᠯᠯᠡᠭᠡ ᠪᠠᠷ ᠵᠢᠭᠠᠨ ᠰᠤᠷᠭᠠᠯᠲᠠ ᠪᠠᠨ ᠦᠷᠭᠦᠯᠵᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/10/27
      ︽ᠤᠯᠠᠨ ᠤᠳᠠᠭᠠᠨ ᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠥᠩᠭᠡᠷᠡᠭᠡᠭᠡᠳ᠂ ᠪᠢᠳᠡ ᠳᠠᠭᠢᠨ ᠳᠠᠪᠲᠠᠨ ᠲᠤᠷᠰᠢᠵᠤ ᠵᠠᠳᠠᠯᠤᠨ ᠰᠤᠳᠤᠯᠵᠤ᠂ ᠵᠢᠭᠠᠨ ᠰᠤᠷᠭᠠᠬᠤ ᠠᠷᠭ᠎ᠠ ᠶᠢᠨ ᠲᠠᠯ᠎ᠠ ᠪᠠᠷ ᠮᠠᠰᠢ ᠣᠯᠠᠨ ᠰᠢᠨ᠎ᠡ ᠶᠢ ᠡᠭᠦᠳᠦᠭᠰᠡᠨ ᠠᠷᠭ᠎ᠠ ᠶᠢ ᠡᠭᠦᠯᠡᠨ ᠵᠢᠭᠠᠨ ᠰᠤᠷᠭᠠᠯᠲᠠ ᠳᠤ ᠬᠡᠷᠡᠭᠯᠡᠵᠦ ᠪᠠᠶᠢᠨ᠎ᠠ︾᠂ ︽ᠪᠢᠳᠡ ᠤᠯᠤᠰ ᠤᠨ ᠮᠦᠺᠧ ᠬᠢᠴᠢᠶᠡᠯ ᠤᠨ ᠡᠬᠢ ᠪᠠᠶᠠᠯᠢᠭ ᠤᠨ ᠤᠷᠢᠳᠴᠢᠯᠠᠨ ᠪᠡᠯᠡᠳᠬᠡᠭᠰᠡᠨ ᠡᠭᠦᠷᠭᠡ ᠪᠠᠷ ᠳᠠᠮᠵᠢᠭᠤᠯᠤᠨ ᠵᠢᠭᠠᠨ ᠰᠤᠷᠭᠠᠯᠲᠠ ᠶᠢᠨ ᠶᠠᠪᠤᠴᠠ ᠶᠢᠨ ᠬᠤᠪᠢᠷᠠᠯᠲᠠ ᠶᠢ ᠪᠡᠶᠡᠯᠡᠭᠦᠯᠵᠦ᠂ ︿ᠤᠷᠢᠳ ᠢᠶᠠᠷ ᠵᠢᠭᠠᠵᠤ ᠳᠠᠷᠠᠭ᠎ᠠ ᠨᠢ ᠰᠤᠷᠬᠤ﹀  ᠶᠢ  ︿ᠤᠷᠢᠳ ᠢᠶᠠᠷ ᠰᠤᠷᠤᠯᠴᠠᠵᠤ ᠳᠠᠷᠠᠭ᠎ᠠ ᠨᠢ ᠵᠢᠭᠠᠬᠤ﹀ ᠪᠣᠯᠭᠠᠨ ᠬᠤᠪᠢᠷᠠᠭᠤᠯᠵᠤ᠂ ᠰᠤᠷᠤᠬᠴᠢᠳ ᠤᠷᠢᠳ ᠢᠶᠠᠷ ᠡᠬᠢ ᠪᠠᠶᠠᠯᠢᠭ ᠪᠠ ᠰᠡᠳᠦᠪ ᠤᠨ ᠬᠥᠮᠥᠷᠭᠡ ᠶᠢ ᠠᠰᠢᠭᠯᠠᠨ ᠰᠤᠷᠤᠯᠴᠠᠨ ᠪᠣᠯᠪᠠᠰᠤᠷᠠᠵᠤ᠂ ᠳᠠᠷᠠᠭ᠎ᠠ ᠨᠢ ᠪᠠᠭᠰᠢ ᠠᠴᠠ ᠬᠢᠴᠢᠶᠡᠯ ᠳᠡᠭᠡᠷ᠎ᠡ ᠭᠤᠣᠯᠳᠠᠯᠭ᠎ᠠ ᠲᠠᠢ ᠰᠢᠷᠭᠠᠭᠠᠵᠤ᠂ ᠬᠠᠨᠳᠤᠯᠭᠠᠲᠤ ᠴᠢᠨᠠᠷᠲᠠᠢ ᠪᠠᠷ ᠲᠠᠶᠢᠯᠤᠮᠵᠢ ᠬᠢᠵᠦ᠂ ᠰᠦᠯᠵᠢᠶᠡᠨ ᠳᠡᠭᠡᠷ᠎ᠡ ᠶᠠᠷᠢᠯᠴᠠᠵᠤ ᠪᠤᠳᠤᠯ ᠰᠠᠨᠠᠯ ᠢᠶᠠᠨ ᠰᠣᠯᠢᠯᠴᠠᠬᠤ  ᠪᠠᠷ ᠲᠠᠮᠵᠢᠨ ᠮᠠᠲᠠᠭ ᠡᠭᠡᠳᠡᠷᠡᠭᠡᠨ ᠢ ᠨᠢ ᠳᠡᠶᠢᠯᠵᠦ ᠥᠭᠴᠦ ᠪᠠᠶᠢᠨ᠎ᠠ︾ ᠭᠡᠵᠦ ᠥᠪᠥᠷ ᠮᠣᠩᠭᠤᠯ  ᠤᠨ ᠶᠡᠭᠡ ᠰᠤᠷᠭᠠᠭᠤᠯᠢ ᠶᠢᠨ ᠭᠠᠳᠠᠭᠠᠳᠤ ᠬᠡᠯᠡᠨ ᠤ ᠳᠡᠭᠡᠳᠦ ᠰᠤᠷᠭᠠᠭᠤᠯᠢ ᠶᠢᠨ ᠪᠠᠭᠰᠢ ᠯᠢᠨ ᠶᠠᠩ ᠬᠡᠯᠡᠪᠡ᠃      ᠬᠢᠵᠢᠭ ᠤᠨ ᠪᠠᠶᠢᠳᠠᠯ ᠢ ᠪᠦᠲᠦᠮᠵᠢᠲᠡᠶ ᠠᠷᠭᠠᠴᠠᠭᠠᠵᠤ᠂ ᠵᠢᠭᠠᠨ ᠰᠤᠷᠭᠠᠯᠲᠠ ᠶᠢᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠣᠷᠣᠨ  ᠤ ᠡᠯ᠎ᠡ ᠶᠡᠭᠡ ᠳᠡᠭᠡᠳᠦ ᠰᠤᠷᠭᠠᠭᠤᠯᠢ ᠴᠠᠭ ᠲᠤᠬᠠᠢ  ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠢᠶ᠎ᠠ ᠪᠦᠬᠦᠢ ᠪᠠᠲᠤᠯᠠᠭ᠎ᠠ ᠶᠢᠨ ᠠᠵᠢᠯ ᠢ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠢᠴᠢᠶᠡᠯ ᠤᠨ ᠲᠠᠩᠬᠢᠮ ᠳᠠᠬᠢ ᠬᠢᠴᠢᠶᠡᠯ ᠵᠣᠭᠰᠣᠪᠠᠴᠤ ᠵᠢᠭᠠᠨ ᠰᠤᠷᠭᠠᠯᠲᠠ ᠪᠠᠨ ᠥᠯᠥ ᠵᠣᠬᠰᠣᠬᠤ᠂ ᠬᠢᠴᠢᠶᠡᠯ ᠤᠨ ᠲᠠᠩᠬᠢᠮ ᠳᠠᠬᠢ ᠬᠢᠴᠢᠶᠡᠯ ᠵᠣᠭᠰᠣᠭᠰᠠᠨ ᠴᠦ ᠰᠤᠷᠤᠯᠴᠠᠯᠭ᠎ᠠ ᠪᠠᠨ ᠥᠯᠥ ᠵᠣᠬᠰᠣᠬᠤ︾ ᠣᠶᠢᠯᠠᠭᠠᠭᠳᠠᠬᠤᠨ ᠢ ᠪᠠᠷᠢᠮᠲᠠᠯᠠᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠡᠬᠢᠯᠡᠭᠦᠯᠵᠦ᠂ ᠬᠢᠵᠢᠭ  ᠤᠨ ᠪᠠᠶᠢᠳᠠᠯ  ᠤᠨ ᠬᠤᠭᠤᠴᠠᠭᠠᠨ ᠳᠠᠬᠢ ᠵᠢᠭᠠᠨ ᠰᠤᠷᠭᠠᠯᠲᠠ ᠶᠢᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃    ᠰᠤᠷᠭᠠᠭᠤᠯᠢ ᠶᠢᠨ ᠨᠢᠭᠡᠳᠦᠯᠲᠡᠢ ᠪᠠᠶᠢᠷᠢᠯᠠᠭᠤᠯᠤᠯᠲᠠ ᠳᠣᠣᠷ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠯ᠎ᠡ ᠳᠡᠭᠡᠳᠦ ᠰᠤᠷᠭᠠᠭᠤᠯᠢ ᠶᠢᠨ ᠪᠠᠭᠰᠢ  ᠨᠠᠷ ᠥᠪᠡᠷ ᠥᠪᠡᠷ ᠤᠨ ᠣᠨᠴᠠᠭᠠᠢ ᠡᠷᠳᠡᠮ ᠢᠶᠠᠨ ᠭᠠᠶᠢᠬᠠᠭᠤᠯᠵᠠᠭᠠᠨ᠎ᠠ᠃ ︽ᠵᠠᠷᠢᠮ ᠰᠣᠷᠣᠬᠴᠢ ᠬᠢᠴᠢᠶᠡᠯ ᠤᠨ ᠲᠠᠩᠬᠢᠮ ᠳᠤ ᠪᠠᠭᠰᠢ ᠲᠠᠢ ᠪᠠᠨ ᠬᠠᠷᠢᠯᠴᠠᠬᠤ ᠠᠴᠠ ᠪᠠᠨ ᠡᠪ ᠦᠭᠡᠶᠢᠷᠬᠡᠳᠡᠭ ᠪᠠᠶᠢᠭᠰᠠᠨ ᠪᠣᠯ᠂ ᠰᠦᠯᠵᠢᠶᠡᠨ ᠳᠡᠭᠡᠷ᠎ᠡ ᠬᠠᠷᠢᠨ ᠡᠷᠡᠭᠡ ᠦᠭᠡᠢ ᠪᠣᠯᠵᠤ ᠴᠢᠯᠦᠭᠡᠲᠡᠢ ᠪᠠᠷ ᠰᠠᠨᠠᠭ᠎ᠠ ᠪᠠᠨ ᠢᠯᠡᠳᠬᠡᠨ᠎ᠡ᠃ ᠵᠢᠭᠠᠨ ᠰᠤᠷᠭᠠᠯᠲᠠ ᠶᠢᠨ ᠠᠬᠢᠴᠠ ᠶᠢᠨ ᠲᠠᠯ᠎ᠠ ᠪᠠᠷ᠂ ᠰᠤᠷᠤᠬᠴᠢᠳ ᠳᠡᠯᠭᠡᠴᠡ ᠳᠡᠭᠡᠷ᠎ᠡ ᠦᠰᠦᠭ ᠪᠢᠴᠢᠭᠦ᠂ ᠦᠭᠡ ᠭᠡᠯᠡᠭᠦ ᠵᠡᠷᠭᠡ ᠭᠡᠯᠪᠡᠷᠢ ᠪᠠᠷ ᠪᠠᠭᠰᠢ ᠶᠢᠨ ᠵᠢᠭᠠᠨ ᠰᠤᠷᠭᠠᠯᠲᠠ ᠶᠢᠨ ᠠᠬᠢᠴᠠ  ᠶᠢ ᠳᠠᠭᠠᠵᠦ ᠪᠠᠶᠢᠨ᠎ᠠ︾᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠪᠠᠭᠰᠢ ᠵᠢᠶᠣᠣ ᠶᠢᠩ ᠳ᠋ᠡ ᠡᠭᠦᠯᠡᠨ ᠬᠢᠴᠢᠶᠡᠯᠯᠡᠭᠡ ᠶᠢᠨ ᠠᠷᠭ᠎ᠠ ᠭᠡᠯᠪᠡᠷᠢ ᠪᠠᠨ ᠲᠠᠰᠤᠷᠠᠯᠲᠠ ᠦᠭᠡᠢ ᠥᠭᠡᠷᠡᠴᠢᠯᠡᠨ ᠰᠠᠶᠢᠵᠢᠷᠠᠭᠤᠯᠵᠤ᠂ ᠰᠤᠷᠤᠬᠴᠢᠳ ᠲᠤ ᠨᠠᠩ ᠰᠠᠶᠢᠨ ᠬᠢᠴᠢᠶᠡᠯ ᠤᠨ ᠲᠠᠩᠬᠢᠮ ᠤᠨ ᠪᠡᠶᠡᠴᠢᠯᠡᠭᠰᠡᠨ ᠲᠥᠷᠥᠭᠳᠡᠯ ᠣᠯᠭᠤᠬᠤ ᠪᠠᠷ ᠴᠢᠷᠮᠠᠶᠢᠵᠤ ᠪᠠᠶᠢᠨ᠎ᠠ᠃    ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠡᠬᠢᠨ ᠤ ᠦᠶ᠎ᠡ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ᠡᠯ᠎ᠡ ᠵᠢᠭᠠᠨ ᠰᠤᠷᠭᠠᠯᠲᠠ ᠶᠢᠨ ᠨᠢᠭᠡᠴᠢ ᠲᠠᠢ ᠪᠠᠨ ᠬᠠᠮᠲᠤᠷᠠᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠨᠢᠮᠪᠠᠢ ᠲᠣᠬᠢᠷᠠᠭᠤᠯᠵᠤ᠂ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠨᠢ ᠬᠢᠵᠢᠭ ᠤᠨ ᠪᠠᠶᠢᠳᠠᠯ ᠤᠨ ᠲᠤᠰᠬᠠᠢ ᠰᠡᠳᠦᠪᠲᠦ ᠬᠠᠮᠲᠤ ᠶᠢᠨ ᠬᠢᠴᠢᠶᠡᠯ ᠪᠡᠯᠡᠳᠬᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭ᠎ᠠ ᠤᠯᠤᠰ ᠲᠥᠷᠥ ᠶᠢᠨ ᠬᠠᠮ ᠬᠢᠴᠢᠶᠡᠯ ᠢ ᠰᠠᠶᠢᠲᠤᠷ ᠤᠷᠤᠪᠠ; ᠺᠤᠮᠫᠢᠦ᠋ᠲ᠋ᠧᠷ ᠪᠣᠯᠣᠨ ᠮᠡᠳᠡᠭᠡ ᠵᠠᠩᠭᠢ ᠶᠢᠨ ᠢᠨᠵᠧᠨᠧᠷᠢᠩ ᠤᠨ ᠳᠡᠭᠡᠳᠦ ᠰᠤᠷᠭᠠᠭᠤᠯᠢ ᠶᠢᠨ ᠪᠠᠭᠰᠢ ᠨᠠᠷ ᠬᠢᠴᠢᠶᠡᠯ ᠤᠨ ᠵᠢᠭᠠᠨ ᠰᠤᠷᠭᠠᠯᠲᠠ ᠳᠤ ᠬᠡᠷᠡᠭᠯᠡᠬᠦ ᠪᠠᠭᠠᠵᠢ ᠬᠡᠷᠡᠭᠰᠡᠯ ᠢ ᠦᠶᠯᠡᠳᠭᠦ᠂ ᠬᠢᠴᠢᠶᠡᠯ ᠣᠷᠣᠬᠤ ᠦᠭᠡ ᠬᠡᠯᠡᠨ ᠤ ᠠᠮᠢᠳᠤᠯᠢᠭ ᠴᠢᠨᠠᠷ ᠤᠨ ᠲᠠᠯ᠎ᠠ ᠪᠠᠷ ᠬᠦᠴᠦ ᠣᠷᠣᠭᠤᠯᠵᠤ᠂ ︽ᠬᠢᠴᠢᠶᠡᠯ ᠤᠨ ᠲᠠᠩᠬᠢᠮ ᠤᠨ ᠲᠥᠷᠥᠭᠳᠡᠯ︾ ᠢ ᠴᠢᠷᠮᠠᠶᠢᠨ ᠨᠡᠮᠡᠭᠳᠡᠭᠦᠯᠵᠡᠢ ᠁  ᠡᠯ᠎ᠡ ᠵᠢᠭᠠᠨ ᠰᠤᠷᠭᠠᠯᠲᠠ ᠶᠢᠨ ᠨᠢᠭᠡᠴᠢ᠂ ᠪᠠᠭᠰᠢ ᠪᠣᠯᠣᠨ ᠰᠤᠷᠤᠬᠴᠢᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠰᠦᠯᠵᠢᠶᠡᠨ ᠳᠡᠭᠡᠷᠡᠬᠢ ᠪᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠯᠠᠪᠳᠠᠭᠤᠨ ᠢᠶᠠᠷ ᠵᠣᠯᠭᠠᠭᠤᠯᠵᠤ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ  ᠪᠠᠶᠢᠨ᠎ᠠ᠃    10 ᠰᠠᠷ᠎ᠠ ᠶᠢᠨ 3  ᠤ ᠡᠳᠦᠷ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠪᠦᠭᠦ ᠲᠠᠯ᠎ᠠ ᠪᠠᠷ ᠰᠦᠯᠵᠢᠶᠡᠨ ᠳᠡᠭᠡᠷᠡᠬᠢ ᠬᠢᠴᠢᠶᠡᠯᠯᠡᠭᠡ ᠪᠠᠨ ᠡᠬᠢᠯᠡᠵᠦ᠂ ᠪᠦᠭᠦ ᠰᠤᠷᠭᠠᠭᠤᠯᠢ ᠶᠢᠨ 444 ᠪᠠᠭᠰᠢ 634 ᠲᠦᠷᠦᠯ ᠤᠨ ᠬᠢᠴᠢᠶᠡᠯ ᠤᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠢ ᠭᠦᠢᠴᠡᠳᠬᠡᠵᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠶᠠᠪᠤᠭᠳᠠᠭᠤᠯᠤᠭᠰᠠᠨ ᠠᠩᠭᠢ 1459 ᠪᠠᠶᠢᠵᠤ᠂ ᠰᠦᠯᠵᠢᠶᠡᠨ ᠳᠡᠭᠡᠷ᠎ᠡ ᠰᠤᠷᠤᠯᠴᠠᠵᠤ ᠪᠠᠶᠢᠭ᠎ᠠ ᠬᠥᠮᠥᠨ ᠤ ᠲᠤᠭ᠎ᠠ 15596 ᠳᠤ ᠬᠦᠷᠴᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ  ᠶᠢᠨ ᠦᠷ᠎ᠡ ᠪᠦᠲᠦᠮᠵᠢ  ᠨᠢ ᠥᠩᠭᠡᠷᠡᠭᠰᠡᠨ ᠤ ᠬᠢ ᠠᠴᠠ ᠨᠡᠯᠢᠶᠡᠳ ᠶᠡᠭᠡ ᠳᠡᠭᠡᠭᠰᠢᠯᠡᠪᠡ᠃    ᠬᠢᠵᠢᠭ ᠤᠨ  ᠬᠤᠭᠤᠴᠠᠭᠠᠨ ᠳᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠰᠢᠭᠤᠳ ᠨᠡᠪᠲᠡᠷᠡᠭᠦᠯᠬᠦ᠂ ᠰᠢᠩᠭᠡᠬᠡᠨ ᠨᠡᠪᠲᠡᠷᠡᠭᠦᠯᠬᠦ ᠵᠡᠷᠭᠡ ᠰᠦᠯᠵᠢᠶᠡᠨ ᠳᠡᠭᠡᠷ᠎ᠡ ᠬᠢᠴᠢᠶᠡᠯᠯᠡᠬᠦ ᠣᠯᠠᠨ ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠦᠢᠯᠡᠳᠦᠯᠭᠡ ᠶᠢᠨ ᠤᠷ᠎ᠠ ᠮᠡᠷᠭᠡᠵᠢᠯ ᠤᠨ ᠵᠢᠯᠤᠭᠤᠳᠬᠤ 21 ᠬᠢᠴᠢᠶᠡᠯ ᠢ ᠨᠡᠭᠡᠭᠡᠪᠡ᠂ ᠡᠭᠦᠨ ᠳᠤ ᠥᠪᠡᠰᠦᠪᠡᠨ ᠲᠣᠬᠢᠷᠠᠭᠤᠯᠤᠭᠰᠠᠨ 9 ᠬᠢᠴᠢᠶᠡᠯ᠂ ᠰᠦᠯᠵᠢᠶᠡᠨ ᠤ ᠡᠬᠢ ᠪᠠᠶᠠᠯᠢᠭ ᠢ ᠳᠠᠮᠵᠢᠭᠤᠯᠤᠨ ᠨᠡᠪᠲᠡᠷᠡᠭᠦᠯᠬᠦ 12 ᠬᠢᠴᠢᠶᠡᠯ ᠪᠠᠶᠢᠵᠤ᠂ 9 ᠳᠠᠳᠤᠯᠭ᠎ᠠ ᠶᠢᠨ ᠨᠢᠭᠡᠴᠢ ᠳᠤ ᠲᠠᠷᠬᠠᠵᠤ ᠪᠠᠶᠢᠭ᠎ᠠ᠂ 12 ᠲᠤᠰᠬᠠᠢ ᠮᠡᠷᠭᠡᠵᠢᠯ ᠤᠨ ᠨᠡᠶᠢᠲᠡ 1181 ᠰᠣᠷᠣᠬᠴᠢ ᠶᠢᠨ ᠲᠡᠭᠦᠰᠬᠦ ᠳᠠᠳᠤᠯᠭ᠎ᠠ ᠶᠢᠨ ᠰᠦᠯᠵᠢᠶᠡᠨ  ᠳᠡᠭᠡᠷᠡᠬᠢ ᠵᠢᠭᠠᠨ ᠰᠤᠷᠭᠠᠯᠲᠠ ᠶᠢ ᠴᠢᠨᠠᠭᠰᠢᠳᠠ ᠪᠠᠲᠤᠯᠠᠪᠠ᠃    ᠪᠠᠭᠰᠢ ᠰᠤᠷᠤᠬᠴᠢ ᠳᠤ ᠠᠪᠴᠤ ᠬᠡᠯᠡᠪᠡᠯ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠨᠢ ᠴᠥᠮ ᠨᠢᠭᠡ ᠤᠳᠠᠭ᠎ᠠ ᠶᠢᠨ ᠪᠣᠳᠠᠲᠤ ᠰᠢᠯᠭᠠᠯᠲᠠ ᠪᠣᠯᠣᠨ᠎ᠠ᠃ ᠬᠡᠳᠦᠶᠢᠪᠡᠷ ᠭᠡᠷ ᠲᠡᠭᠡᠨ ᠰᠠᠭᠤᠵᠤ ᠬᠢᠴᠢᠶᠡᠯᠯᠡᠵᠦ ᠪᠠᠶᠢᠨ᠎ᠠ ᠭᠡᠳᠡᠭ ᠪᠤᠯᠪᠠᠴᠤ ᠪᠠᠭᠰᠢ ᠨᠠᠷ ᠵᠢᠭᠠᠨ ᠰᠤᠷᠭᠠᠯᠲᠠ ᠪᠠᠨ ᠤᠬᠳᠤ ᠰᠤᠯᠠᠷᠠᠭᠤᠯᠤᠭᠰᠠᠨ ᠦᠭᠡᠢ᠂ ᠵᠢᠭᠠᠨ ᠰᠤᠷᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ ᠶᠢ ᠴᠢᠩᠭ᠎ᠠ ᠵᠢᠷᠤᠮᠯᠠᠨ᠂ ᠡᠭᠦᠷᠭᠡ ᠶᠢᠨ ᠬᠤᠪᠢᠶᠠᠷᠢᠯᠠᠯ᠂ ᠥᠪᠡᠷ ᠢ ᠪᠠᠨ ᠬᠠᠪᠰᠤᠷᠤᠨ ᠵᠢᠯᠤᠭᠤᠳᠬᠤ᠂ ᠳᠤᠭᠤᠶᠢᠯᠠᠩ ᠢᠶᠠᠷ ᠢᠶᠠᠨ ᠬᠠᠮᠵᠢᠯᠴᠠᠬᠤ ᠵᠡᠷᠭᠡ ᠭᠡᠯᠪᠡᠷᠢ ᠪᠠᠷ ᠳᠠᠮᠵᠢᠭᠤᠯᠤᠨ ᠰᠦᠯᠵᠢᠶᠡᠨ ᠤ ᠵᠢᠭᠠᠨ ᠰᠤᠷᠭᠠᠯᠲᠠ ᠶᠢᠨ ᠲᠥᠯᠥᠪᠯᠡᠭᠡ ᠪᠠ ᠵᠢᠭᠠᠬᠤ ᠲᠥᠰᠥᠯ ᠢᠶᠠᠨ ᠪᠠᠶᠠᠯᠢᠭᠵᠢᠭᠤᠯᠵᠤ᠂ ᠰᠤᠷᠤᠬᠴᠢᠳ ᠢ ᠰᠦᠯᠵᠢᠶᠡᠨ ᠳᠡᠭᠡᠷᠡᠬᠢ ᠬᠢᠴᠢᠶᠡᠯ ᠤᠨ ᠳᠤᠮᠳᠠ ᠰᠠᠨᠠᠭᠠᠴᠢᠯᠠᠭ᠎ᠠ ᠠᠴᠠ ᠪᠠᠨ ᠰᠤᠷᠤᠯᠴᠠᠬᠴᠢ᠂ ᠰᠦᠪᠡᠭᠴᠢᠯᠡᠭᠴᠢ ᠪᠤᠯᠬᠤ ᠶᠢ ᠬᠥᠲᠥᠯᠥᠨ ᠵᠢᠯᠣᠭᠤᠳᠪᠠ᠃ 
ᠢᠷᠡᠯᠲᠡ᠄ ᠳᠣᠮᠳᠠᠳᠣ ᠣᠯᠣᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ