ᠲᠡᠮᠦᠷ ᠵᠠᠮ ᠤᠨ 12306 APP ᠣᠯᠠᠨ ᠵᠣᠶᠢᠯ ᠤᠨ ᠰᠢᠨ᠎ᠡ ᠴᠢᠳᠠᠮᠵᠢ ᠲᠠᠢ ᠪᠣᠯᠪᠠ
ᠨᠡᠶᠢᠲᠡᠯᠡᠭᠰᠡᠨ ᠴᠠᠭ᠄
2022/10/28
                                   ᠣᠶᠢᠷ᠎ᠠ ᠳᠤ᠂ ᠲᠡᠮᠦᠷ ᠵᠠᠮ ᠤᠨ 12306 APP ᠳᠠᠬᠢᠨᠲᠠ ᠲᠠᠰ ᠳᠡᠪᠰᠢᠵᠦ᠂  ᠪᠠᠰᠠ ᠣᠯᠠᠨ ᠬᠡᠷᠡᠭᠯᠡᠭᠡᠨ ᠤ ᠴᠢᠳᠠᠮᠵᠢ ᠨᠡᠮᠡᠭᠳᠡᠵᠡᠢ᠂ ᠬᠠᠮᠲᠤ ᠪᠠᠷ ᠣᠶᠢᠯᠠᠭᠠᠶ᠎ᠠ︕                      ᠬᠤᠲᠠ ᠶᠢᠨ ᠨᠡᠷ᠎ᠡ ᠪᠠ ᠥᠷᠲᠡᠭᠡᠨ‌ᠨᠡᠷ᠎ᠡ ᠶᠢ ᠨᠠᠩ ᠲᠣᠳᠣᠷᠬᠠᠶ ᠪᠣᠯᠭᠠᠪᠠ            ᠲᠡᠮᠦᠷ ᠵᠠᠮ ᠤᠨ 12306 APP ᠶᠢᠨ ᠲᠡᠷᠢᠭᠦᠨ ᠬᠠᠭᠤᠳᠠᠰᠤᠨ ᠳᠤ ᠵᠣᠷᠢᠭᠰᠠᠨ ᠭᠠᠵᠠᠷ ᠢᠶᠠᠨ ᠪᠢᠴᠢᠵᠤ ᠣᠷᠣᠭᠤᠯᠪᠠᠯ ᠰᠢᠰᠲ᠋ᠧᠮ ᠳᠤ ᠨᠢ ᠠᠶᠠᠨᠳᠠᠭᠠᠨ ᠲᠡᠷᠭᠡᠨ ᠥᠷᠲᠡᠭᠡᠨ ᠤ ᠵᠢᠭᠰᠠᠭᠠᠯᠲᠠ ᠭᠠᠷᠴᠤ ᠢᠷᠡᠨ᠎ᠡ᠃                  ᠠᠶᠠᠯᠠᠯ ᠤᠨ ᠬᠠᠭᠤᠳᠠᠰᠤ ᠶᠢᠨ ᠠᠭᠤᠯᠭ᠎ᠠ ᠨᠠᠩ ᠪᠠᠶᠠᠯᠢᠭ ᠪᠣᠯᠪᠠ                 ᠠᠶᠠᠨᠴᠢᠳ ᠭᠠᠯᠲᠤ ᠲᠡᠷᠭᠡᠨ ᠪᠢᠯᠧᠲ ᠢ ᠬᠤᠳᠠᠯᠳᠤᠨ ᠠᠪᠤᠭᠰᠠᠨ ᠤ ᠳᠠᠷᠠᠭ᠎ᠠ᠂  ᠲᠡᠮᠦᠷ ᠵᠠᠮ ᠤᠨ 12306APP ᠶᠢᠨ ᠲᠡᠷᠢᠭᠦᠨ ᠬᠠᠭᠤᠳᠠᠰᠤᠨ ᠳᠤ ᠲᠣᠰ ᠬᠥᠮᠦᠨ ᠤ ᠠᠶᠠᠯᠠᠯ ᠤᠨ ᠮᠡᠳᠡᠭᠡ ᠵᠠᠩᠭᠢ ᠠᠶᠠᠨᠳᠠᠭᠠᠨ ᠢᠯᠡᠷᠡᠵᠦ᠂ ᠠᠶᠠᠨᠴᠢᠳ ᠪᠠᠰᠠ ᠨᠠᠩ ᠪᠠᠶᠠᠯᠢᠭ ᠠᠭᠤᠯᠭ᠎ᠠ ᠲᠠᠢ ᠶᠠᠪᠤᠵᠤ ᠰᠠᠭᠤᠬᠤ ᠣᠶᠢᠯᠡᠴᠢᠯᠡᠭᠡᠨ ᠤ ᠮᠡᠳᠡᠭᠡ ᠵᠠᠩᠭᠢ ᠶᠢ ᠣᠯᠵᠤ ᠦᠵᠡᠬᠦ ᠪᠣᠯᠤᠨ᠎ᠠ᠃                 ᠬᠤᠷᠠᠮᠳᠤᠯ ᠬᠤᠪᠢ ᠪᠠᠷ ᠢᠶᠠᠨ ᠦᠳᠡ ᠶᠢᠨ ᠬᠤᠭᠤᠯᠠ ᠰᠣᠯᠢᠵᠤ ᠪᠣᠯᠤᠨ᠎ᠠ      ᠲᠡᠮᠦᠷ ᠵᠠᠮ ᠤᠨ 12306 APP ᠨᠢ ᠲᠡᠷᠭᠡᠨ ᠳᠤ ᠰᠠᠭᠤᠭᠰᠠᠨ ᠬᠤᠪᠢ ᠬᠤᠷᠠᠮᠳᠤᠭᠤᠯᠬᠤ ᠰᠠᠭᠤᠷᠢᠨ‌‍ᠲ᠋ᠡᠭᠡᠷ᠎ᠡ ᠪᠠᠨ ︽ᠬᠤᠭᠤᠯᠠ ᠲᠤᠭᠲᠠᠬᠤ ᠬᠤᠪᠢ︾ ᠬᠤᠷᠠᠮᠳᠤᠭᠤᠯᠬᠤ ᠴᠢᠳᠠᠮᠵᠢ ᠨᠡᠮᠡᠭᠳᠡᠵᠡᠢ᠃                  ᠲᠦᠷ ᠴᠠᠭ ᠤᠨ ᠡᠯᠧᠺᠲᠷᠤᠨ ᠪᠡᠶ᠎ᠡ ᠶᠢᠨ ᠦᠨᠡᠮᠯᠡᠯ                  ᠭᠠᠯᠲᠤ ᠲᠡᠷᠭᠡᠨ ᠳᠤ ᠰᠠᠭᠤᠬᠤ ᠭᠡᠳ ᠪᠡᠶ᠎ᠡ ᠶᠢᠨ ᠦᠨᠡᠮᠯᠡᠯ ᠢᠶᠠᠨ ᠮᠠᠷᠳᠠᠭᠰᠠᠨ ᠪᠣᠯ ᠲᠡᠮᠦᠷ ᠵᠠᠮ ᠤᠨ 12306APP ︽ᠲᠦᠷ ᠴᠠᠭ ᠤᠨ ᠪᠡᠶ᠎ᠡ ᠶᠢᠨ ᠦᠨᠡᠮᠯᠡᠯ︾ ᠤᠨ ᠠᠰᠠᠭᠤᠳᠠᠯ ᠢ ᠲᠡᠷᠡ ᠲᠠᠷᠣᠢ ᠳᠤᠨᠢ ᠰᠢᠢᠳᠪᠣᠷᠢᠯᠡᠵᠤ ᠲᠡᠶᠢᠯᠣᠨ᠎ᠠ᠃      
ᠢᠷᠡᠯᠲᠡ᠄ ᠠᠷᠠᠳ ᠤᠨ ᠰᠦᠯᠵᠢᠶ᠎ᠡ