ᠲᠠᠷᠢᠶᠠᠯᠠᠩ ᠤᠨ ᠬᠡᠷᠡᠭᠯᠡᠭᠡᠨ ᠤ ᠵᠦᠢᠯ ᠤᠨ ᠦᠨᠡᠨ ᠬᠤᠳᠠᠯ ᠢ ᠢᠯᠭᠠᠨ ᠲᠠᠨᠢᠬᠤ ᠠᠷᠭ᠎ᠠ
ᠨᠡᠶᠢᠲᠡᠯᠡᠭᠰᠡᠨ ᠴᠠᠭ᠄
2022/10/3
      ᠲᠠᠷᠢᠶᠠᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠬᠡᠷᠡᠭᠯᠡᠭᠡᠨ ᠤ ᠵᠦᠢᠯ ᠬᠤᠳᠠᠯᠳᠤᠨ ᠠᠪᠬᠤ ᠳᠠᠭᠠᠨ ᠦᠢᠯᠡᠳᠪᠦᠷᠢᠯᠡᠯ ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠬᠢᠵᠢᠭ ᠪᠠᠶᠢᠴᠠᠭᠠᠭᠰᠠᠨ ᠦᠨᠡᠮᠯᠡᠯ ᠤᠨ ᠨᠣᠮᠧᠷ᠂ ᠴᠡᠪᠡᠷ ᠠᠭᠤᠯᠤᠭᠳᠠᠴᠠ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠶᠠᠰᠤ ᠴᠢᠨᠠᠷ ᠤᠨ ᠭᠦᠢᠴᠡᠳᠬᠡᠯ ᠲᠤᠭ᠎ᠠ᠂ ᠦᠢᠯᠡᠳᠪᠦᠷᠢᠯᠡᠭᠰᠡᠨ ᠭᠠᠵᠠᠷ ᠪᠣᠯᠣᠨ ᠬᠠᠷᠢᠯᠴᠠᠬᠤ ᠠᠷᠭ᠎ᠠ ᠬᠡᠮᠵᠢᠶ᠎ᠡ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠭᠰᠠᠨ ᠲᠠᠷᠢᠶᠠᠨ ᠦᠷ᠎ᠡ ᠶᠢ ᠬᠤᠳᠠᠯᠳᠤᠨ ᠠᠪᠬᠤ ᠬᠡᠷᠡᠭᠲᠡᠢ᠃ ᠵᠢᠩᠬᠢᠨᠢ ᠦᠢᠯᠡᠳᠪᠦᠷᠢ ᠶᠢᠨ ᠦᠢᠯᠡᠳᠪᠦᠷᠢᠯᠡᠭᠰᠡᠨ ᠬᠢᠮᠢ ᠶᠢᠨ ᠪᠣᠷᠳᠣᠭᠤᠷ ᠪᠣᠯ ᠡᠩ ᠤᠨ ᠪᠠᠶᠢᠳᠠᠯ ᠳᠣᠣᠷ᠎ᠠ ᠦᠢᠯᠡᠳᠪᠦᠷᠢᠯᠡᠬᠦ ᠶᠢ ᠵᠥᠪᠰᠢᠶᠡᠷᠡᠭᠰᠡᠨ ᠦᠨᠡᠮᠯᠡᠯ᠂ ᠲᠠᠸᠠᠷ ᠤᠨ ᠲᠡᠮᠳᠡᠭ᠂ ᠬᠡᠷᠡᠭᠵᠢᠭᠦᠯᠬᠦ ᠪᠠᠷᠢᠮᠵᠢᠶ᠎ᠠ᠂ ᠳᠠᠩᠰᠠᠯᠠᠭᠰᠠᠨ ᠵᠥᠪᠰᠢᠶᠡᠷᠡᠯ ᠤᠨ ᠦᠨᠡᠮᠯᠡᠯ᠂ ᠦᠢᠯᠡᠳᠬᠦᠨ ᠤ ᠨᠡᠷᠡᠶᠢᠳᠦᠯ᠂ ᠰᠢᠮ᠎ᠡ ᠲᠡᠵᠢᠭᠡᠯ ᠤᠨ ᠠᠭᠤᠯᠤᠭᠳᠠᠴᠠ᠂ ᠴᠡᠪᠡᠷ ᠬᠦᠨᠳᠦ᠂ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ ᠵᠡᠷᠭᠡ ᠠᠭᠤᠯᠭ᠎ᠠ ᠲᠠᠢ ᠪᠠᠶᠢᠳᠠᠭ᠂ ᠬᠤᠳᠠᠯ ᠬᠠᠭᠤᠷᠮᠠᠭ ᠬᠢᠮᠢ ᠶᠢᠨ ᠪᠣᠷᠳᠣᠭᠤᠷ ᠤᠨ ᠪᠣᠭᠤᠳᠠᠯ ᠨᠢ ᠪᠦᠳᠦᠭᠦᠯᠢᠭ ᠪᠥᠭᠡᠳ ᠮᠡᠳᠡᠭᠡ ᠵᠠᠩᠭᠢ᠂ ᠲᠡᠮᠳᠡᠭ ᠨᠢ ᠭᠦᠢᠴᠡᠳ ᠪᠤᠰᠤ ᠪᠠᠶᠢᠳᠠᠭ᠃ ᠡᠭᠦᠨ ᠠᠴᠠ ᠭᠠᠳᠠᠨ᠎ᠠ᠂ ᠥᠩᠭᠡ ᠶᠢ ᠨᠢ ᠦᠵᠡᠵᠦ ᠪᠠᠶᠢᠭᠠᠳ ᠬᠢᠮᠢ ᠶᠢᠨ ᠪᠣᠷᠳᠣᠭᠤᠷ ᠤᠨ ᠦᠨᠡᠨ ᠬᠤᠳᠠᠯ ᠢ ᠢᠯᠭᠠᠵᠤ ᠪᠣᠯᠣᠨ᠎ᠠ᠄ ᠠᠽᠣᠲ ᠪᠣᠷᠳᠣᠭᠤᠷ ᠪᠣᠯᠣᠨ ᠴᠣᠬᠤᠢ ᠶᠢᠨ ᠠᠽᠣᠲ ᠠᠴᠠ ᠭᠠᠳᠠᠨ᠎ᠠ ᠪᠤᠰᠤᠳ ᠨᠢ ᠪᠦᠷ ᠴᠠᠭᠠᠨ ᠥᠩᠭᠡ ᠲᠠᠢ ᠪᠠᠶᠢᠳᠠᠭ᠂ ᠵᠠᠷᠢᠮ ᠨᠢ ᠰᠢᠷ᠎ᠠ ᠬᠦᠷᠡᠩ ᠥᠩᠭᠡᠲᠡᠢ ᠪᠤᠶᠤ ᠭᠦᠶᠦᠬᠡᠨ ᠥᠩᠭᠡᠲᠡᠢ ᠪᠠᠶᠢᠵᠤ᠂ ᠺᠠᠯᠢᠳᠤ ᠪᠣᠷᠳᠣᠭᠤᠷ ᠨᠢ ᠴᠠᠭᠠᠨ ᠥᠩᠭᠡᠲᠡᠢ ᠪᠤᠶᠤ ᠤᠯᠠᠭᠠᠨ ᠥᠩᠭᠡᠲᠡᠢ᠂ ᠹᠣᠰᠹᠣᠷ ᠪᠣᠷᠳᠣᠭᠤᠷ ᠤᠨ ᠣᠯᠠᠩᠬᠢ ᠨᠢ ᠦᠨᠡᠰᠦᠨ ᠥᠩᠭᠡᠲᠡᠢ ᠪᠠᠶᠢᠳᠠᠭ᠃ ᠲᠠᠷᠢᠶᠠᠴᠢᠳ ᠲᠠᠷᠢᠶᠠᠨ ᠦᠷ᠎ᠡ ᠬᠤᠳᠠᠯᠳᠤᠨ ᠠᠪᠬᠤ ᠳᠠᠭᠠᠨ ᠦᠢᠯᠡᠳᠬᠦᠨ ᠤ ᠲᠡᠮᠳᠡᠭ ᠢ ᠦᠵᠡᠬᠦ ᠬᠡᠷᠡᠭᠲᠡᠢ᠃ ᠤᠯᠤᠰ ᠤᠨ ᠲᠠᠷᠢᠶᠠᠨ ᠡᠮ ᠢ ᠳᠠᠩᠰᠠᠯᠠᠬᠤ ᠶᠢ ᠬᠠᠮᠢᠶᠠᠷᠬᠤ ᠰᠠᠯᠠᠭ᠎ᠠ ᠮᠥᠴᠢᠷ ᠲᠠᠷᠢᠶᠠᠨ ᠡᠮ ᠤᠨ ᠦᠢᠯᠡᠳᠬᠦᠨ ᠤ ᠲᠡᠮᠳᠡᠭ ᠲᠤ ᠲᠣᠳᠣᠷᠬᠠᠢ ᠲᠣᠭᠲᠠᠭᠠᠯ ᠲᠠᠢ ᠪᠠᠶᠢᠳᠠᠭ᠃ ᠪᠦᠷᠢᠨ ᠪᠦᠲᠦᠨ ᠲᠠᠷᠢᠶᠠᠨ ᠡᠮ ᠤᠨ ᠦᠢᠯᠡᠳᠬᠦᠨ ᠤ ᠲᠡᠮᠳᠡᠭ ᠪᠣᠯ ᠲᠠᠷᠢᠶᠠᠨ ᠡᠮ ᠤᠨ ᠨᠡᠷᠡᠶᠢᠳᠦᠯ᠂ ᠪᠠᠷᠢᠮᠵᠢᠶ᠎ᠠ᠂  ︽ᠭᠤᠷᠪᠠᠨ ᠦᠨᠡᠮᠯᠡᠯ︾ ︵ᠲᠠᠷᠢᠶᠠᠨ ᠡᠮ ᠤᠨ ᠳᠠᠩᠰᠠᠯᠠᠭᠰᠠᠨ ᠦᠨᠡᠮᠯᠡᠯ᠂ ᠦᠢᠯᠡᠳᠪᠦᠷᠢᠯᠡᠬᠦ ᠶᠢ ᠵᠥᠪᠰᠢᠶᠡᠷᠡᠭᠰᠡᠨ ᠦᠨᠡᠮᠯᠡᠯ᠂ ᠦᠢᠯᠡᠳᠬᠦᠨ ᠤ ᠪᠠᠷᠢᠮᠵᠢᠶ᠎ᠠ ᠶᠢᠨ ᠨᠣᠮᠧᠷ ᠵᠡᠷᠭᠡ︶ ᠂ ᠴᠡᠪᠡᠷ ᠬᠦᠨᠳᠦᠴᠡ ᠪᠤᠶᠤ ᠴᠡᠪᠡᠷ ᠠᠭᠤᠯᠤᠭᠳᠠᠴᠠ᠂ ᠦᠢᠯᠡᠳᠪᠦᠷᠢᠯᠡᠭᠰᠡᠨ ᠦᠢᠯᠡᠳᠪᠦᠷᠢ ᠶᠢᠨ ᠨᠡᠷ᠎ᠡ᠂ ᠬᠠᠶ᠋ᠢᠭ᠂ ᠰᠢᠤᠳᠠᠨ ᠨᠣᠮᠧᠷ ᠪᠣᠯᠣᠨ ᠤᠲᠠᠰᠤ᠂ ᠬᠡᠷᠡᠭᠯᠡᠬᠦ ᠲᠣᠳᠣᠷᠬᠠᠶᠢᠯᠠᠯᠲᠠ᠂ ᠠᠩᠬᠠᠷᠬᠤ ᠵᠦᠢᠯᠡᠰ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠤᠶᠤ ᠵᠥᠪᠰᠢᠶᠡᠷᠡᠭᠰᠡᠨ ᠳ᠋ᠤᠭᠠᠷ ᠵᠡᠷᠭᠡ ᠠᠭᠤᠯᠭ᠎ᠠ ᠪᠠᠭᠲᠠᠵᠤ ᠪᠠᠶᠢᠳᠠᠭ᠃
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ