ᠮᠣᠳᠣ ᠲᠠᠷᠢᠬᠤ ᠳᠤ ᠠᠷᠠᠴᠢᠯᠠᠯᠲᠠ ᠬᠠᠮᠠᠭᠠᠯᠠᠯᠲᠠ ᠶᠢ ᠥᠷᠭᠦᠯᠵᠢ ᠶᠢᠨ ᠴᠢᠨᠠᠷᠲᠠᠢ ᠬᠢᠬᠦ ᠴᠢᠬᠤᠯᠠᠲᠠᠢ
ᠨᠡᠶᠢᠲᠡᠯᠡᠭᠰᠡᠨ ᠴᠠᠭ᠄
2022/10/4
      ᠵᠢᠯ ᠪᠦᠷᠢ ᠶᠢᠨ ᠤᠷᠢᠬᠠᠨ ᠬᠠᠪᠤᠷ ᠰᠠᠭᠠᠲᠠᠬᠤ ᠶᠢ ᠳᠠᠭᠠᠯᠳᠤᠨ ᠡᠬᠡ ᠨᠤᠲᠤᠭ ᠤᠨ ᠡᠯ᠎ᠡ ᠭᠠᠵᠠᠷ ᠲᠤ ᠮᠣᠳᠣ ᠲᠠᠷᠢᠵᠣ ᠨᠣᠭᠤᠭᠠᠷᠠᠭᠤᠯᠬᠤ ᠠᠵᠢᠯ ᠰᠦᠷ  ᠳᠠᠯᠠᠶᠢᠴᠠᠲᠠᠢ ᠥᠷᠨᠢᠳᠡᠭ᠃ ᠲᠡᠭᠡᠪᠡᠯ ᠲᠠᠷᠢᠴᠢᠬᠠᠭᠠᠳ ᠪᠠᠰᠠ ᠠᠷᠠᠴᠢᠯᠠᠵᠤ ᠬᠠᠮᠠᠭᠠᠯᠠᠬᠤ ᠶᠢ ᠥᠷᠭᠦᠯᠵᠢ ᠶᠢᠨ ᠴᠢᠨᠠᠷᠲᠠᠢ ᠰᠠᠶᠢᠲᠤᠷ ᠬᠢᠬᠦ ᠨᠢ ᠴᠢᠬᠤᠯᠠ ᠠᠴᠠ  ᠴᠢᠬᠤᠯᠠ ᠠᠵᠢᠯ ᠪᠣᠯᠬᠤ ᠶᠤᠮ᠂ ᠢᠩᠭᠢᠮᠡᠨᠵᠢᠨ ᠰᠠᠶ᠋ᠢ ᠵᠢᠯ ᠵᠢᠯ ᠤᠨ ᠳᠠᠷᠢᠭᠰᠠᠨ ᠮᠣᠳᠣᠨ ᠤ ᠡᠳᠡᠭᠡᠷᠡᠯᠲᠡ ᠶᠢ ᠪᠠᠲᠤᠯᠠᠵᠤ ᠴᠢᠳᠠᠨ᠎ᠠ᠃           ᠨᠣᠭᠤᠭᠠᠨ ᠥᠩᠭᠡ ᠪᠣᠯ ᠲᠠᠯ᠎ᠠ ᠨᠤᠲᠤᠭ ᠤᠨ ᠬᠡᠷᠡᠯᠳᠦ ᠰᠤᠪᠤᠳ ᠪᠣᠯᠬᠤ ᠣᠷᠳᠣᠰ ᠤᠨ ᠳᠡᠪᠢᠰᠬᠡᠷ ᠥᠩᠭᠡ ᠪᠣᠯᠬᠤ ᠮᠥᠷᠲᠡᠭᠡᠨ ᠮᠥᠨ ᠴᠥ ᠮᠠᠨ ᠤ ᠬᠤᠳᠠ ᠶᠢᠨ ᠬᠥᠭᠵᠢᠯᠲᠡ ᠶᠢᠨ ᠴᠢᠬᠤᠯᠠ ᠨᠥᠬᠦᠴᠡᠯ ᠪᠠ ᠬᠤᠶᠢᠨᠠᠬᠢ ᠬᠥᠳᠡᠯᠭᠡᠭᠦ ᠬᠦᠴᠦᠨ ᠪᠠᠶᠢᠵᠤ᠂ ᠣᠷᠳᠣᠰ ᠤᠨ ᠬᠥᠭᠵᠢᠯᠲᠡ ᠨᠢ ᠴᠥ ᠢᠮᠠᠭᠲᠠ ᠪᠣᠬᠢᠷᠳᠤᠯ  ᠦᠭᠡᠢ ᠬᠥᠭᠵᠢᠯᠲᠡ ᠶᠢᠨ ᠣᠨᠣᠯᠵᠢᠭᠤᠨ ᠢ ᠪᠠᠷᠢᠮᠲᠠᠯᠠᠵᠤ ᠪᠠᠶᠢᠳᠠᠭ᠃ ᠭᠡᠪᠡᠴᠦ ᠪᠣᠳᠠᠲᠤ ᠠᠬᠤᠢ ᠶᠢᠨ ᠳᠤᠮᠳᠠ ᠪᠠᠰᠠ ᠵᠠᠷᠢᠮ ᠦᠵᠡᠭᠳᠡᠯ ᠢ ᠣᠮᠲᠣᠭᠠᠶᠢᠯᠠᠵᠤ ᠪᠣᠯᠬᠤ ᠦᠭᠡᠢ᠂ ᠣᠨᠴᠠ ᠵᠠᠷᠢᠮ ᠭᠠᠵᠠᠷ ᠲᠤ ᠨᠣᠭᠤᠭᠠᠷᠠᠭᠤᠯᠤᠯᠲᠠ ᠶᠢ ᠠᠷᠠᠴᠢᠯᠠᠵᠤ ᠬᠠᠮᠠᠭᠠᠯᠠᠬᠤ ᠦᠵᠡᠯ ᠤᠬᠠᠮᠰᠠᠷ ᠪᠠᠭᠤᠷᠠᠢ ᠪᠠᠶᠢᠵᠤ᠂ ᠮᠣᠳᠣ ᠪᠠᠨ  ᠳᠠᠷᠢᠭᠰᠠᠨ ᠤ ᠲᠠᠷᠠᠭ᠎ᠠ ᠲᠤᠰᠬᠠᠢ ᠮᠡᠷᠭᠡᠵᠢᠯ ᠤᠨ ᠬᠠᠮᠢᠶᠠᠷᠤᠯᠲᠠ ᠳᠤᠲᠠᠮᠠᠭ ᠠᠴᠠ ᠪᠣᠯᠵᠤ ᠬᠡᠰᠡᠭ ᠮᠣᠳᠣᠳ ᠨᠢ ᠬᠤᠪᠠᠭ᠋ᠠᠶᠢᠷᠠᠨ ᠦᠬᠦᠵᠦ ᠪᠣᠢ᠂ ᠡᠭᠦᠨ ᠠᠴᠠ  ᠭᠠᠳᠠᠨ᠎ᠠ ᠣᠷᠭᠤᠭ᠎ᠠ ᠮᠣᠳᠣ ᠶᠢ ᠬᠤᠬᠢᠷᠠᠭᠤᠯᠬᠤ  ︽ᠪᠣᠯᠪᠠᠰᠤᠨ ᠪᠤᠰᠤ︾ ᠠᠵᠢᠯᠯᠠᠭ᠎ᠠ ᠣᠯᠠᠠ ᠢᠯᠡᠷᠡᠵᠦ᠂ ᠵᠠᠷᠢᠮ ᠨᠢ ᠮᠣᠳᠣᠨ ᠳᠡᠭᠡᠷ᠎ᠡ  ︽ᠦᠬᠡᠷ ᠢᠯᠢᠳᠦ︾  ᠨᠠᠭᠠᠵᠤ᠂ ᠮᠣᠳᠣᠨ ᠠᠴᠠ ᠤᠲᠠᠰᠤ ᠲᠠᠳᠠᠠ ᠬᠥᠨᠳᠡᠯᠡᠨ ᠪᠢᠴᠢᠭᠡᠰᠦ ᠡᠯᠭᠦᠵᠦ ᠴᠥ ᠪᠣᠢ᠂ ᠵᠠᠷᠢᠮ ᠨᠢ ᠮᠠᠯ ᠬᠤᠢ ᠪᠠᠨ ᠬᠠᠮᠢᠶᠠᠷᠬᠤ ᠦᠭᠡᠢ ᠠᠴᠠ ᠪᠣᠯᠵᠤ  ᠣᠷᠭᠤᠭ᠎ᠠ ᠮᠣᠳᠣᠨ ᠤ ᠳᠤᠷᠤᠰᠤ ᠶᠢ ᠬᠡᠮᠡᠯᠢᠨ ᠳᠠᠷᠢᠭᠰᠠᠨ ᠮᠣᠳᠣᠳ ᠢ ᠬᠥᠨᠥᠭᠡᠵᠦ ᠴᠥ ᠪᠣᠢ᠂ ᠡᠳᠡᠭᠡᠷ ᠠᠵᠢᠯᠯᠠᠭ᠎ᠠ ᠨᠢ ᠴᠥᠮ ᠮᠣᠳᠣᠨ ᠤ ᠤᠷᠭᠤᠯᠲᠠ ᠪᠠ ᠠᠮᠢ ᠨᠠᠰᠤ ᠶᠢ ᠬᠤᠬᠢᠷᠠᠭᠤᠯᠬᠤ ᠪᠣᠯᠣᠯᠴᠠᠭ᠎ᠠ ᠲᠠᠢ᠃ ᠡᠶᠢᠮᠦ ᠠᠴᠠ ᠪᠢᠳᠠ ᠬᠠᠪᠤᠷ ᠤᠨ ᠤᠯᠠᠷᠢᠯ ᠳᠤ ᠮᠣᠳᠣ ᠲᠠᠷᠢᠬᠤ ᠠᠵᠢᠯᠯᠠᠭ᠎ᠠ ᠶᠢ ᠶᠡᠭᠡ ᠪᠠᠷ ᠥᠷᠨᠢᠭᠦᠯᠬᠦ ᠶᠢᠨ ᠬᠠᠮᠲᠤ ᠪᠠᠰᠠ ᠨᠡᠩ ᠴᠥ ᠠᠷᠭ᠎ᠠ ᠪᠥᠬᠦᠨ ᠢ ᠰᠦᠪᠡᠭᠴᠢᠯᠡᠵᠦ᠂ ᠣᠯᠠᠠ ᠲᠠᠯ᠎ᠠ ᠪᠠᠷ ᠬᠦᠴᠦᠯᠡᠵᠦ᠂ ᠮᠣᠳᠣ ᠳᠠᠷᠢᠭᠰᠠᠨ ᠤ ᠳᠠᠷᠠᠭᠠᠬᠢ  ᠬᠠᠮᠢᠶᠠᠷᠤᠯᠲᠠ ᠶᠢ ᠴᠢᠩᠭᠠᠳᠬᠠᠬᠤ ᠴᠢᠬᠤᠯᠠᠲᠠᠢ᠃ ᠲᠠᠷᠢᠴᠢᠬᠠᠭᠠᠳ ᠬᠠᠮᠢᠶᠠᠷᠬᠤ ᠦᠭᠡᠢ ᠪᠠᠶᠢᠵᠤ ᠪᠣᠯᠬᠤ ᠦᠭᠡᠢ᠂ ᠮᠣᠳᠣ ᠪᠠᠨ ᠲᠠᠷᠢᠬᠤ ᠪᠠᠷ ᠪᠠᠷᠠᠬᠤ ᠦᠭᠡᠢ  ᠨᠡᠩ ᠴᠥ ᠣᠯᠠᠠ ᠵᠦᠢᠯ ᠤᠨ ᠠᠷᠭ᠎ᠠ ᠬᠡᠮᠵᠢᠶ᠎ᠡ ᠠᠪᠴᠤ ᠨᠣᠭᠤᠭᠠᠷᠠᠭᠤᠯᠤᠯᠲᠠ ᠶᠢ ᠬᠠᠶᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠪᠣᠢ ᠪᠣᠯᠭᠠᠬᠤ ᠴᠢᠬᠤᠯᠠᠲᠠᠢ᠂  ᠭᠠᠭᠴᠠ ᠬᠦ ᠢᠩᠭᠢᠮᠡᠨᠵᠢᠨ ᠰᠠᠶ᠋ᠢ ᠨᠢᠭᠡ ᠬᠡᠰᠡᠭ ᠲᠠᠷᠢᠪᠠᠯ ᠨᠢᠭᠡ ᠬᠡᠰᠡᠭ ᠣᠢ ᠪᠣᠯᠭᠠᠨ ᠬᠤᠪᠢᠷᠠᠭᠤᠯᠵᠤ᠂ ᠨᠢᠭᠡ ᠬᠡᠰᠡᠭ ᠨᠣᠭᠤᠭᠠᠷᠠᠭᠤᠯᠤᠯᠲᠠ ᠶᠢ ᠰᠣᠯᠢᠨ  ᠠᠪᠴᠢᠷᠠᠵᠤ ᠴᠢᠳᠠᠨ᠎ᠠ᠃           ᠮᠣᠳᠣ ᠲᠠᠷᠢᠵᠣ ᠣᠶᠢᠵᠢᠭᠤᠯᠬᠤ ᠪᠣᠯ ᠨᠢᠭᠡ ᠬᠤᠭᠤᠴᠠᠭᠠᠨ ᠤ ᠠᠵᠢᠯ ᠪᠠᠶᠢᠬᠤ ᠳᠤ ᠬᠠᠮᠠᠭᠠᠯᠠᠵᠤ ᠰᠠᠬᠢᠬᠤ ᠪᠣᠯ ᠥᠨᠢᠳᠡ ᠶᠢᠨ ᠠᠵᠢᠯ ᠪᠣᠯᠬᠤ ᠶᠤᠮ᠃  ᠮᠣᠳᠣ ᠲᠠᠷᠢᠵᠣ ᠣᠶᠢᠵᠢᠭᠤᠯᠤᠨ ᠨᠤᠲᠤᠭ ᠤᠰᠤ ᠪᠠᠨ ᠴᠡᠴᠡᠷᠯᠢᠭᠵᠢᠭᠦᠯᠬᠦ ᠳᠤ ᠲᠠᠷᠢᠬᠤ ᠪᠣᠯ ᠵᠥᠪᠭᠡᠡ ᠰᠠᠭᠤᠷᠢ᠂ ᠡᠬᠢᠯᠡᠯᠳᠡ ᠪᠠᠶᠢᠵᠤ᠂ ᠬᠤᠶᠢᠨᠠᠬᠢ  ᠬᠠᠮᠢᠶᠠᠷᠤᠯᠲᠠ ᠶᠢᠨ ᠠᠵᠢᠯ ᠨᠢ ᠨᠡᠩ ᠴᠢᠬᠤᠯᠠ ᠪᠥᠭᠡᠳ ᠥᠨᠢ ᠤᠳᠠᠭᠠᠨ ᠶᠠᠪᠤᠳᠠᠯ ᠪᠣᠯᠣᠨ᠎ᠠ᠃ ᠡᠩ ᠲᠡᠷᠢᠭᠦᠨ ᠳᠤ ᠪᠢᠳᠠᠠ ᠮᠣᠳᠣ ᠲᠠᠷᠢᠬᠤ ᠳᠤ ᠵᠥᠪᠭᠡᠡ  ᠲᠤᠭ᠎ᠠ ᠬᠡᠮᠵᠢᠶ᠎ᠡ ᠶᠢ ᠬᠥᠭᠡᠭᠡᠴᠡᠯᠳᠦᠬᠦ ᠬᠠᠭᠤᠴᠢᠨ ᠦᠵᠡᠯ ᠤᠬᠠᠮᠰᠠᠷ ᠢᠶᠠᠨ ᠪᠦᠷᠢᠮᠦᠰᠦᠨ ᠲᠠᠶᠠᠭᠳᠠᠵᠤ᠂ ᠲᠤᠭ᠎ᠠ ᠬᠡᠮᠵᠢᠶ᠎ᠡ ᠪᠣᠯᠣᠨ ᠶᠠᠰᠤ ᠴᠢᠨᠠᠷ ᠢ ᠵᠡᠷᠭᠡ ᠪᠠᠷ  ᠴᠢᠬᠤᠯᠠᠴᠢᠯᠠᠵᠤ᠂  ︽ᠬᠠᠪᠤᠷ ᠲᠠᠷᠢᠵᠣ᠂ ᠵᠣᠠ ᠰᠢᠷᠠᠯᠠᠨ᠂ ᠨᠠᠮᠤᠷ ᠦᠬᠦᠵᠦ᠂ ᠢᠷᠡᠬᠦ ᠵᠢᠯ ᠤᠨ ᠮᠣᠳᠣ ᠲᠠᠷᠢᠬᠤ ᠤᠯᠠᠷᠢᠯ ᠳᠤ ᠲᠠᠬᠢᠨ ᠲᠠᠷᠢᠵᠣ ᠶᠠᠭᠠᠷᠠᠬᠤ︾  ᠦᠵᠡᠭᠳᠡᠯ ᠢ ᠡᠷᠡᠰ ᠬᠤᠷᠢᠭᠯᠠᠬᠤ ᠬᠡᠷᠡᠭᠲᠡᠢ᠃ ᠡᠭᠦᠨ ᠠᠴᠠ ᠭᠠᠳᠠᠨ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠰᠠ ᠬᠠᠮᠢᠶᠠᠷᠴᠤ ᠬᠠᠮᠠᠭᠠᠯᠠᠬᠤ ᠠᠵᠢᠯ ᠤᠨ  ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠪᠦᠷᠢᠨ ᠲᠡᠭᠦᠯᠳᠡᠷᠵᠢᠭᠦᠯᠵᠦ᠂ ᠡᠭᠦᠷᠭᠡ ᠶᠢ ᠠᠵᠢᠯ ᠤᠨ ᠪᠠᠶᠢᠷᠢᠨ ᠳᠤ ᠬᠥᠷᠳᠡᠯ᠎ᠡ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠥᠨ ᠨᠢᠭᠡ ᠪᠦᠷᠢ ᠬᠥᠷᠳᠡᠯ᠎ᠡ ᠨᠠᠷᠢᠯᠢᠭᠵᠢᠭᠤᠯᠤᠨ᠂ ᠲᠠᠬᠢᠨ ᠬᠢᠨᠠᠨ ᠰᠢᠯᠭᠠᠬᠤ᠂ ᠴᠢᠩᠭ᠎ᠠ ᠱᠠᠩᠨᠠᠵᠤ ᠲᠣᠷᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠬᠠᠷᠢᠭᠤᠴᠠᠵᠤ ᠪᠦᠬᠦᠢ ᠪᠠᠶᠢᠭᠤᠯᠭ᠎ᠠ ᠨᠢᠭᠡᠴᠢ ᠪᠣᠯᠣᠨ ᠬᠠᠷᠢᠭᠤᠴᠠᠵᠤ ᠪᠦᠬᠦᠢ ᠬᠥᠮᠥᠰ ᠤᠨ ᠢᠳᠡᠪᠬᠢᠵᠢᠯ ᠢ ᠪᠠᠳᠠᠷᠠᠭᠤᠯᠤᠨ᠂ ᠪᠥᠬᠦ  ᠨᠡᠶᠢᠭᠡᠮ ᠢᠶᠠᠷ ᠢᠶᠠᠨ ᠨᠣᠭᠤᠭᠠᠷᠠᠭᠤᠯᠤᠯᠲᠠ ᠶᠢ ᠬᠠᠶᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠪᠣᠢ ᠪᠣᠯᠭᠠᠨ᠎ᠠ ︔ ᠨᠣᠭᠤᠭᠠᠷᠠᠭᠤᠯᠤᠭᠰᠠᠨ ᠭᠠᠵᠠᠷ ᠢ ᠵᠣᠷᠢᠭᠤᠳᠠ  ᠡᠵᠡᠯᠡᠨ ᠰᠦᠢᠳᠬᠡᠭᠰᠡᠨ ᠵᠡᠷᠭᠡ ᠬᠠᠤᠯᠢ ᠪᠤᠰᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠬᠡᠵᠦ᠂ ᠬᠡᠳᠦᠢ ᠲᠠᠷᠢᠪᠠᠯ ᠲᠡᠳᠦᠢ ᠶᠢ  ᠡᠳᠡᠭᠡᠷᠡᠭᠦᠯᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠥᠷᠭᠡᠨ ᠣᠯᠠᠠ ᠲᠦᠮᠡᠨ ᠳᠤ ᠶᠡᠭᠡ ᠰᠠᠶᠢᠨ ᠠᠮᠢ ᠠᠬᠤᠢ ᠣᠷᠴᠢᠨ ᠲᠣᠭᠤᠷᠢᠨ ᠢ ᠱᠤᠭᠤᠬᠤ ᠳᠤ  ᠬᠥᠮᠥᠨ ᠪᠣᠯᠭᠠᠨ ᠢᠳᠡᠪᠬᠢᠲᠡᠢ ᠣᠷᠤᠯᠴᠠᠬᠤ ᠬᠡᠷᠡᠭᠲᠡᠢ ᠭᠡᠳᠡᠭ ᠢ ᠲᠣᠳᠣᠷᠬᠠᠢ ᠲᠠᠨᠢᠭᠤᠯᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠵᠢᠵᠢᠭ ᠶᠠᠪᠤᠳᠠᠯ ᠠᠴᠠ ᠭᠠᠷᠳᠠᠠ ᠬᠢᠵᠦ᠂ ᠥᠪᠡᠷ ᠤᠨ ᠤᠬᠠᠮᠰᠠᠷ ᠠᠴᠠ ᠪᠠᠨ ᠨᠣᠭᠤᠭᠠᠷᠠᠭᠤᠯᠤᠯᠲᠠ ᠶᠢ ᠬᠠᠶᠢᠷᠠᠯᠠᠨ ᠬᠠᠮᠠᠭᠠᠯᠠᠬᠤ ᠬᠠᠮᠠᠭᠠᠯᠠᠭᠴᠢ ᠪᠣᠯᠵᠤ᠂  ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠢᠭᠡ ᠬᠤᠪᠢ ᠬᠦᠴᠦᠨ ᠢᠶᠠᠨ ᠨᠡᠮᠡᠷᠢᠯᠡᠬᠦ ᠬᠡᠷᠡᠭᠲᠡᠢ᠃           ᠭᠠᠭᠴᠠ ᠬᠦ ᠨᠣᠭᠤᠭᠠᠷᠠᠭᠤᠯᠤᠯᠲᠠ ᠶᠢ ᠬᠠᠶᠢᠷᠠᠯᠠᠬᠤ ᠣᠨᠣᠯᠵᠢᠭᠤᠨ ᠶᠣᠰᠣᠭᠠᠷ ᠨᠣᠭᠤᠭᠠᠷᠠᠭᠤᠯᠤᠯᠲᠠ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠣᠭᠲᠠᠭᠠᠨ  ᠬᠡᠷᠡᠭᠵᠢᠭᠦᠯᠵᠦ᠂ ᠲᠡᠷᠡᠴᠢᠯᠡᠨ ᠪᠥᠬᠦ ᠠᠷᠠᠳ ᠢᠶᠠᠷ ᠢᠶᠠᠨ ᠨᠣᠭᠤᠭᠠᠷᠠᠭᠤᠯᠤᠯᠲᠠ ᠶᠢ ᠬᠠᠮᠠᠭᠠᠯᠠᠬᠤ ᠠᠵᠢᠯᠯᠠᠭ᠎ᠠ ᠳᠤ ᠣᠷᠤᠯᠴᠠᠬᠤ ᠳᠤ ᠬᠥᠷᠪᠡᠯ ᠮᠣᠳᠣ ᠲᠠᠷᠢᠵᠣ  ᠣᠶᠢᠵᠢᠭᠤᠯᠬᠤ ᠨᠢ ᠬᠡᠯᠪᠡᠷᠢ ᠶᠢᠨ ᠲᠡᠳᠦᠢ ᠪᠣᠯᠬᠤ ᠦᠭᠡᠢ ᠪᠣᠯᠵᠤ᠂ ᠡᠬᠡ ᠭᠠᠵᠠᠷ ᠤᠨ ᠨᠣᠭᠤᠭᠠᠷᠠᠭᠤᠯᠤᠯᠲᠠ ᠨᠢ ᠤᠯᠠᠮ ᠠᠴᠠ ᠤᠯᠠᠮ ᠥᠳᠬᠡᠨ ᠰᠠᠬᠤᠯᠢᠭ  ᠪᠣᠯᠬᠤ  ᠨᠢ ᠯᠠᠪᠲᠠᠢ︕   
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ