ᠮᠠᠯᠴᠢᠨ ᠮᠥᠩᠬᠡᠪᠠᠶᠠᠷ ᠤᠨ ᠰᠢᠷ᠎ᠠ ᠠᠮᠤ ᠡᠯᠪᠡᠭ ᠬᠤᠷᠢᠶᠠᠯᠲᠠ ᠣᠯᠣᠯ᠎ᠠ
ᠨᠡᠶᠢᠲᠡᠯᠡᠭᠰᠡᠨ ᠴᠠᠭ᠄
2022/10/5
2022-10-05-1-1.png
      ᠤᠳᠤᠭ ᠤᠨ ᠡᠮᠦᠨᠡᠲᠦ ᠬᠤᠰᠢᠭᠤᠨ ᠤ ᠨᠠᠩᠰᠤ ᠪᠠᠯᠭᠠᠰᠤ ᠶᠢᠨ ᠮᠠᠯᠴᠢᠨ ᠮᠥᠩᠬᠡᠪᠠᠶᠠᠷ ᠤᠨ ᠰᠢᠷ᠎ᠠ ᠠᠮᠤ ᠡᠨᠡ ᠵᠢᠯ ᠡᠯᠪᠡᠭ ᠬᠤᠷᠢᠶᠠᠯᠲᠠ ᠣᠯᠣᠯ᠎ᠠ᠃       ᠮᠥᠩᠬᠡᠪᠠᠶᠠᠷ ᠰᠢᠷ᠎ᠠ ᠠᠮᠤ ᠳᠠᠷᠢᠭᠰᠠᠨ ᠠᠷᠪᠠᠭᠠᠳ ᠵᠢᠯ ᠤᠨ ᠲᠤᠷᠰᠢ᠂ ᠨᠢᠭᠡ ᠬᠡᠰᠡᠭ ᠢ ᠨᠢ ᠤᠯᠠᠮᠵᠢᠯᠠᠯᠲᠤ ᠠᠷᠭ᠎ᠠ ᠪᠠᠷ ᠠᠷᠠᠴᠢᠯᠠᠨ ᠬᠤᠷᠢᠶᠠᠵᠤ᠂ ᠨᠦᠬᠦᠭᠡ ᠨᠢᠭᠡ ᠬᠡᠰᠡᠭ ᠢ ᠨᠢ ᠮᠠᠰᠢᠨ ᠢᠶᠠᠷ ᠲᠠᠷᠢᠵᠤ ᠬᠤᠷᠢᠶᠠᠵᠤ᠂ ᠤᠯᠠᠮᠵᠢᠯᠠᠯ ᠪᠠ ᠰᠢᠨᠡᠴᠢᠯᠡᠯ ᠢ ᠣᠷᠭᠠᠨᠢᠭ ᠢᠶᠠᠷ ᠤᠶᠠᠯᠳᠤᠭᠤᠯᠤᠭᠰᠠᠭᠠᠷ ᠢᠷᠡᠵᠠᠢ᠃ ︿ᠰᠢᠷ᠎ᠠ ᠠᠮᠤ ᠪᠣᠯ ᠮᠣᠩᠭᠤᠯ ᠨᠤᠲᠤᠭ ᠤᠨ ᠴᠠᠭ ᠠᠭᠠᠷ ᠲᠠᠢ ᠵᠣᠬᠢᠴᠠᠭᠰᠠᠨ ᠭᠠᠩ ᠳᠤ ᠳᠠᠭᠠᠭᠠᠴᠠᠲᠠᠢ ᠲᠠᠷᠢᠮᠠᠯ ᠪᠣᠯᠣᠨ᠎ᠠ᠃ ᠣᠳᠣᠬᠠᠨ ᠳᠤ ᠰᠢᠷ᠎ᠠ ᠠᠮᠤ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠪᠠᠰᠠ ᠨᠡᠯᠢᠶᠡᠳ ᠶᠡᠭᠡ ᠪᠠᠶᠢᠨ᠎ᠠ﹀ ᠭᠡᠵᠦ ᠲᠡᠷᠡ ᠪᠠᠶᠠᠷᠲᠠᠢ ᠶᠠᠷᠢᠨ᠎ᠠ᠃       ᠮᠥᠩᠬᠡᠪᠠᠶᠠᠷ ᠪᠠᠰᠠ ᠨᠤᠲᠤᠭ ᠤᠨ ᠤᠯᠡᠨ ᠢᠶᠠᠨ ᠴᠤᠭᠯᠠᠭᠤᠯᠤᠨ ᠰᠢᠷ᠎ᠠ ᠠᠮᠤ ᠶᠢᠨ ᠨᠠᠶᠢᠷ ᠬᠢᠵᠦ᠂ ᠡᠯᠪᠡᠭ ᠬᠤᠷᠢᠶᠠᠯᠲᠠ ᠶᠢᠨ ᠪᠠᠶᠠᠷ ᠢᠶᠠᠨ ᠬᠠᠮᠲᠤ ᠪᠠᠷ ᠪᠡᠯᠭᠡᠯᠡᠬᠦ ᠶᠢᠨ ᠬᠠᠮᠲᠤ ᠵᠠᠯᠠᠭᠤᠴᠤᠳ ᠪᠠᠭᠠᠴᠤᠳ ᠲᠠᠭᠠᠨ ᠰᠢᠷ᠎ᠠ ᠠᠮᠤ ᠲᠠᠷᠢᠵᠤ ᠠᠷᠠᠴᠢᠯᠠᠬᠤ᠂ ᠬᠤᠷᠢᠶᠠᠵᠤ ᠪᠤᠯᠪᠠᠰᠤᠷᠠᠭᠤᠯᠬᠤ ᠲᠤᠬᠠᠢ ᠮᠡᠳᠡᠯᠭᠡ ᠶᠢ ᠤᠯᠠᠮᠵᠢᠯᠠᠳᠠᠭ ᠪᠠᠶᠢᠨ᠎ᠠ᠃
 
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ