ᠬᠠᠯᠳᠠᠪᠤᠷᠢᠳᠤ ᠡᠪᠡᠳᠴᠢᠨ ᠲᠠᠢ ᠮᠠᠯ ᠢ ᠡᠮᠨᠡᠨ ᠵᠠᠰᠠᠬᠤ ᠲᠤᠬᠠᠢ
ᠨᠡᠶᠢᠲᠡᠯᠡᠭᠰᠡᠨ ᠴᠠᠭ᠄
2022/10/6
      ᠮᠠᠯ ᠤᠨ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠪᠣᠯ ᠨᠢᠭᠡ ᠲᠠᠯ᠎ᠠ ᠪᠠᠷ ᠡᠪᠡᠳᠴᠢᠨ ᠲᠠᠢ ᠮᠠᠯ ᠢ ᠠᠪᠤᠷᠠᠵᠤ ᠬᠤᠬᠢᠷᠠᠯ ᠢ ᠪᠠᠭᠠᠰᠬᠠᠵᠤ᠂ ᠨᠥᠭᠦᠭᠡ ᠲᠠᠯ᠎ᠠ ᠪᠠᠷ ᠬᠠᠯᠳᠠᠪᠤᠷᠢ ᠶᠢᠨ ᠡᠬᠢ ᠶᠢ ᠤᠰᠠᠳᠬᠠᠬᠤ ᠶᠠᠪᠤᠳᠠᠯ ᠪᠣᠯᠣᠨ᠎ᠠ᠃ ᠡᠨᠡ ᠨᠢ ᠶᠡᠷᠦᠩᠬᠡᠶᠢᠯᠡᠭᠰᠡᠨ ᠴᠢᠨᠠᠷᠲᠠᠢ ᠬᠢᠵᠢᠭ ᠰᠡᠷᠭᠡᠶᠢᠯᠡᠯᠲᠡ ᠶᠢᠨ ᠨᠢᠭᠡ ᠴᠢᠬᠤᠯᠠ  ᠪᠦᠷᠢᠯᠳᠦᠭᠦᠨ ᠪᠤᠯᠬᠤ ᠶᠤᠮ᠃ ᠵᠠᠷᠢᠮ ᠡᠮᠨᠡᠨ ᠵᠠᠰᠠᠬᠤ ᠠᠷᠭ᠎ᠠ ᠦᠭᠡᠢ ᠡᠮᠨᠡᠨ ᠵᠠᠰᠠᠬᠤ ᠥᠷᠳᠡᠭ ᠦᠭᠡᠢ ᠪᠤᠶᠤ ᠬᠥᠮᠥᠨ ᠤ ᠡᠷᠡᠭᠦᠯ ᠮᠡᠨᠳᠤ ᠳᠤ ᠬᠦᠨᠳᠦ  ᠨᠣᠴᠢᠲᠠᠢ ᠰᠦᠷᠳᠡᠭᠦᠯᠦᠯ ᠪᠤᠯᠳᠠᠭ ᠡᠪᠡᠳᠴᠢᠨ ᠲᠠᠢ ᠮᠠᠯ ᠢ ᠬᠡᠷᠡᠭᠴᠡᠭᠡᠨ ᠠᠴᠠ ᠭᠠᠷᠭᠠᠵᠤ ᠠᠯᠠᠵᠤ ᠨᠢᠳᠤᠯᠡᠬᠤ ᠬᠡᠷᠡᠭᠲᠡᠢ᠃ ᠲᠤᠬᠠᠢ ᠶᠢᠨ ᠭᠠᠵᠠᠷ ᠲᠤ ᠶᠡᠷᠦ  ᠭᠠᠷᠴᠤ ᠥᠩᠭᠡᠷᠡᠭᠰᠡᠨ ᠦᠭᠡᠢ ᠬᠠᠯᠳᠠᠪᠤᠷᠢᠳᠤ ᠡᠪᠡᠳᠴᠢᠨ ᠡᠭᠦᠰᠪᠡᠯ ᠲᠠᠷᠬᠠᠨ ᠳᠡᠯᠭᠡᠷᠡᠵᠦ᠂ ᠵᠠᠰᠠᠵᠤ ᠳᠡᠶᠢᠯᠬᠦ ᠦᠭᠡᠢ ᠪᠤᠯᠬᠤ ᠠᠴᠠ ᠰᠡᠷᠭᠡᠶᠢᠯᠡᠬᠦ ᠶᠢᠨ  ᠲᠥᠯᠥᠭᠡ ᠴᠢᠩᠭ᠎ᠠ ᠠᠷᠢᠭᠤᠳᠬᠠᠭᠰᠠᠨ ᠤ ᠲᠠᠷᠠᠭ᠎ᠠ ᠠᠯᠠᠵᠤ ᠰᠢᠢᠳᠪᠦᠷᠢᠯᠡᠨ᠎ᠡ᠃ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠳᠤ ᠵᠠᠪᠠᠯ ᠡᠮᠨᠡᠨ ᠵᠠᠰᠠᠬᠤ ᠪᠠᠷ ᠭᠤᠣᠯᠳᠠᠯᠭ᠎ᠠ ᠪᠤᠯᠭᠠᠵᠤ᠂ ᠰᠡᠷᠭᠡᠶᠢᠯᠡᠬᠦ ᠶᠢ ᠬᠥᠩᠭᠡᠪᠴᠢᠯᠡᠬᠦ ᠪᠤᠶᠤ ᠰᠡᠷᠭᠡᠶᠢᠯᠡᠬᠦ ᠪᠠᠷ ᠭᠤᠣᠯ ᠪᠤᠯᠭᠠᠵᠤ ᠡᠮᠨᠡᠨ ᠵᠠᠰᠠᠬᠤ ᠦᠭᠡᠢ ᠪᠠᠶᠢᠬᠤ ᠬᠤᠶᠠᠷ ᠵᠦᠢᠯ ᠤᠨ  ᠬᠠᠨᠳᠤᠰᠢ ᠠᠴᠠ ᠵᠠᠶᠢᠯᠠᠰᠬᠢᠬᠦ ᠬᠡᠷᠡᠭᠲᠡᠢ᠃            ᠬᠠᠯᠳᠠᠪᠤᠷᠢᠳᠤ ᠡᠪᠡᠳᠴᠢᠨ ᠲᠠᠢ ᠮᠠᠯ ᠢ ᠡᠮᠨᠡᠨ ᠵᠠᠰᠠᠬᠤ ᠨᠢ ᠪᠤᠰᠤᠳ ᠡᠩ ᠤᠨ ᠡᠪᠡᠳᠴᠢᠨ ᠲᠠᠢ ᠮᠠᠯ ᠢ ᠡᠮᠨᠡᠨ ᠵᠠᠰᠠᠬᠤ ᠲᠠᠢ ᠠᠳᠠᠯᠢ ᠦᠭᠡᠢ᠂ ᠣᠨᠴᠠᠭᠠᠶᠢᠯᠠᠨ ᠵᠠᠷᠢᠮ ᠳᠡᠯᠭᠡᠷᠡᠬᠦ ᠴᠢᠨᠠᠷ ᠨᠢ ᠴᠢᠩᠭ᠎ᠠ᠂ ᠬᠤᠬᠢᠷᠠᠯ ᠨᠢ ᠶᠡᠭᠡ ᠬᠠᠯᠳᠠᠪᠤᠷᠢᠳᠤ ᠡᠪᠡᠳᠴᠢᠨ ᠢ ᠡᠷᠬᠡᠪᠰᠢ ᠨᠢᠭᠲᠠ ᠪᠢᠲᠡᠭᠦᠮᠵᠢᠯᠡᠭᠰᠡᠨ ᠪᠠ  ᠲᠤᠰᠠᠭᠠᠷᠯᠠᠭᠰᠠᠨ ᠨᠥᠬᠦᠴᠡᠯ ᠳᠣᠣᠷ᠎ᠠ ᠡᠮᠨᠡᠨ ᠵᠠᠰᠠᠬᠤ ᠬᠡᠷᠡᠭᠲᠡᠢ᠃ ᠬᠠᠯᠳᠠᠪᠤᠷᠢᠳᠤ ᠡᠪᠡᠳᠴᠢᠨ ᠢ ᠡᠮᠨᠡᠨ ᠵᠠᠰᠠᠬᠤ ᠳᠤ ᠡᠪᠡᠳᠴᠢᠯᠡᠭᠦᠯᠦᠭᠴᠢ ᠶᠢᠨ ᠡᠪᠡᠳᠴᠢᠨ ᠡᠭᠦᠰᠬᠡᠬᠦ ᠦᠢᠯᠡᠳᠦᠯ ᠢ ᠤᠰᠠᠳᠬᠠᠬᠤ ᠶᠢᠨ ᠬᠠᠮᠲᠤ ᠠᠮᠢᠳᠠᠨ ᠤ ᠪᠡᠶ᠎ᠡ ᠶᠢᠨ ᠡᠪᠡᠳᠴᠢᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ ᠹᠢᠽᠢᠣᠯᠣᠭᠢ ᠶᠢᠨ  ᠠᠵᠢᠯᠯᠠᠭ᠎ᠠ ᠶᠢ ᠲᠣᠬᠢᠷᠠᠭᠤᠯᠤᠨ ᠰᠡᠷᠭᠦᠭᠡᠬᠦ ᠵᠡᠷᠭᠡ ᠶᠡᠷᠦᠩᠬᠡᠶᠢᠯᠡᠭᠰᠡᠨ ᠡᠮᠴᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃                   ︽ᠮᠠᠯ ᠤᠨ ᠬᠠᠯᠳᠠᠪᠤᠷᠢᠳᠤ ᠡᠪᠡᠳᠴᠢᠨ ᠤ ᠤᠬᠠᠭᠠᠨ︾ ᠭᠡᠬᠦ ᠨᠣᠮ ᠠᠴᠠ ᠪᠠᠭᠤᠯᠭᠠᠪᠠ    
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ