2022 ᠰᠦᠯᠵᠢᠶ᠎ᠠ ᠪᠠ ᠮᠡᠳᠡᠭᠡ ᠵᠠᠩᠬᠢ ᠶᠢᠨ ᠠᠵᠤ ᠤᠶᠢᠯᠡᠰ ᠤᠨ ᠠᠭᠤᠰᠤᠯᠴᠠᠬᠰᠠᠨ ᠬᠦᠭᠵᠢᠯᠳᠡ ᠶᠢᠨ ᠬᠤᠷᠠᠯ ᠵᠢᠴᠢ ᠤᠷᠳᠤᠰ ᠤᠨ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠤᠯᠬᠤ︾ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2022/10/8
     9 ᠰᠠᠷ᠎ᠠ ᠶᠢᠨ 21᠎ ᠤ ᠡᠳᠤᠷ᠂ 2022 ᠰᠦᠯᠵᠢᠶ᠎ᠠ ᠪᠠ ᠮᠡᠳᠡᠭᠡ ᠵᠠᠩᠬᠢ ᠶᠢᠨ ᠠᠵᠤ ᠤᠶᠢᠯᠡᠰ ᠤᠨ ᠠᠭᠤᠰᠤᠯᠴᠠᠬᠰᠠᠨ ᠬᠦᠭᠵᠢᠯᠳᠡ ᠶᠢᠨ ᠬᠤᠷᠠᠯ ᠵᠢᠴᠢ ᠤᠷᠳᠤᠰ ᠤᠨ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠤᠯᠬᠤ︾ ᠠᠵᠢᠯᠯᠠᠭ᠎ᠠ ᠡᠬᠢᠯᠡᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠳᠤᠮᠳᠠᠳᠤ ᠤᠯᠤᠰ ᠤᠨ ᠴᠠᠩ ᠴᠸᠡᠭ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠭᠡᠷᠡᠭ ᠮᠡᠳᠡᠭᠴᠢ ᠶᠢᠨ ᠳᠠᠷᠤᠭ᠎ᠠ ᠰᠢᠶᠧ ᠴᠢᠩ ᠯᠢᠨ ᠡᠬᠢᠯᠡᠯᠳᠡ ᠶᠢᠨ ᠶᠤᠰᠤᠯᠠᠯ ᠳᠤ ᠤᠷᠤᠯᠴᠠᠬᠰᠠᠨ ᠤ ᠬᠠᠮᠳᠤ ᠪᠠᠶᠠᠷ ᠤᠨ ᠦᠭᠡ ᠶᠠᠷᠢᠵᠠᠢ᠃ ᠠᠵᠤ ᠤᠶᠢᠯᠡᠳᠪᠤᠷᠢ ᠪᠠ ᠮᠡᠳᠡᠭᠡ ᠵᠠᠩᠬᠢᠵᠢᠯᠳᠠ ᠶᠢᠨ ᠶᠠᠮᠤᠨ ᠤ ᠰᠦᠯᠵᠢᠶᠡᠨ ᠤ ᠠᠮᠤᠷ ᠳᠦᠪᠰᠢᠨ ᠤ ᠳᠦᠪ ᠤᠨ ᠡᠷᠬᠢᠯᠡᠭᠴᠢ ᠹᠦ᠋ ᠵᠢᠩ ᠪᠦᠸᠧ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠎ 

我为企业大订单1.jpg

    

    ᠳ᠋ᠦ᠋ ᠬᠤᠢ ᠯᠢᠶᠠᠩ ᠪᠠᠶᠠᠷ ᠤᠨ ᠦᠭᠡ ᠳᠡᠭᠡᠨ᠂ ᠤᠷᠳᠤᠰ ᠨᠢ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ

ᠳᠤᠭᠤᠰᠢᠯᠠᠭᠤᠯᠤᠨ᠂ ᠳᠤᠮᠤ ᠳ᠋ᠠᠶᠢᠲ᠋ᠠ ᠶᠢᠨ ᠳᠦᠪ ᠤᠨ ᠤᠯᠤᠰ ᠤᠨ ᠬᠦᠢᠰᠦ ᠴᠡᠭ᠂ ᠪᠦᠬᠦ ᠤᠷᠤᠨ ᠤ ᠳᠤᠭᠠᠵᠢᠭᠤᠯᠤᠬᠰᠠᠨ ᠠᠵᠤ ᠠᠬᠤᠢ ᠶᠢᠨ ᠬᠦᠭᠵᠢᠯᠳᠡ ᠶᠢᠨ

ᠳᠠᠭᠠᠭᠤᠯᠤᠬᠴᠢ ᠤᠷᠤᠨ ᠢ ᠡᠬᠦᠳᠤᠨ ᠪᠠᠶᠢᠭᠤᠯᠬᠤ ᠪᠠᠷ ᠭᠠᠷᠳᠠᠴᠠ ᠪᠤᠯᠭᠠᠨ᠂ ᠳᠤᠭᠠᠵᠢᠭᠤᠯᠤᠬᠰᠠᠨ ᠠᠵᠤ ᠤᠶᠢᠯᠡᠰ᠂ ᠳᠤᠭᠠᠵᠢᠭᠤᠯᠤᠬᠰᠠᠨ ᠭᠡᠷᠡᠭᠯᠡᠯᠳᠡ᠂

ᠳᠤᠭᠠᠵᠢᠭᠤᠯᠤᠬᠰᠠᠨ ᠰᠠᠭᠤᠷᠢᠨ ᠢ ᠪᠠᠶᠢᠭᠤᠯᠬᠤ ᠠᠵᠠ ᠳᠤᠬᠢᠶᠠᠯ ᠢ ᠡᠵᠡᠮᠳᠡᠨ᠂ ᠳᠤᠭᠠᠵᠢᠭᠤᠯᠤᠯᠳᠠ ᠶᠢᠨ ᠴᠢᠳᠠᠪᠤᠷᠢ ᠶᠢᠨ ᠠᠵᠢᠯᠯᠠᠭ᠎ᠠ ᠶᠢ ᠭᠤᠶᠢᠪᠢᠰᠢ ᠦᠭᠡᠢ

ᠠᠬᠢᠭᠤᠯᠵᠤ ᠪᠠᠶᠢᠨ᠎ᠠ᠂ ᠤᠳᠤᠬᠠᠨ ᠳᠤ᠂ ᠤᠯᠤᠰ ᠠᠴᠠ ︽ᠵᠡᠬᠦᠨᠳᠡᠬᠢ ᠳᠤᠭᠠᠵᠢᠭᠤᠯᠤᠯᠳᠠ ᠪᠠᠷᠠᠭᠤᠨᠳᠡᠬᠢ ᠪᠤᠳᠤᠯᠳᠠ︾᠎ ᠶᠢᠨ ᠴᠢᠬᠤᠯᠠ ᠢᠨᠵᠧᠨᠧᠷᠢᠩ ᠢ

ᠪᠠᠶᠢᠷᠢᠯᠠᠭᠤᠯᠤᠨ ᠭᠡᠷᠡᠭᠵᠢᠬᠦᠯᠵᠤ᠂ ᠤᠷᠳᠤᠰ ᠨᠢ ᠪᠠᠷᠠᠭᠤᠨ ᠤᠷᠤᠨ ᠤ ᠪᠤᠳᠤᠯᠳᠠ ᠶᠢᠨ ᠬᠦᠴᠤᠨ ᠤ ᠳᠦᠪ ᠲᠤ ᠪᠠᠶᠢᠷᠢᠯᠠᠵᠤ ᠪᠠᠶᠢᠭ᠎ᠠ ᠪᠤᠯᠬᠤᠷ ᠳᠤᠭᠠᠵᠢᠭᠤᠯᠤᠬᠰᠠᠨ

ᠠᠵᠤ ᠠᠬᠤᠢ ᠶᠢ ᠬᠦᠭᠵᠢᠬᠦᠯᠬᠦ ᠳᠠᠪᠠᠭᠤᠯᠢᠭ ᠲᠠᠢ ᠪᠠᠶᠢᠵᠤ᠂ ᠡᠯ᠎ᠠ ᠳᠠᠯ᠎ᠠ ᠶᠢᠨ ᠬᠢᠨ ᠲᠠᠢ ᠦᠨᠡᠨ ᠰᠡᠳᠬᠢᠯ ᠠᠴᠠ ᠪᠠᠨ ᠭᠠᠷ ᠬᠤᠯᠪᠤᠯᠴᠠᠨ ᠬᠠᠮᠳᠤᠷᠠᠨ ᠠᠵᠢᠯᠯᠠᠵᠤ᠂

ᠴᠢᠨᠠᠷ ᠰᠠᠶᠢᠳᠠᠢ ᠬᠦᠭᠵᠢᠯᠳᠡ ᠶᠢᠨ ︽ᠳᠤᠮᠤ ᠠᠵᠠ ᠳᠤᠬᠢᠶᠠᠯ︾᠂ ᠳᠤᠭᠠᠵᠢᠭᠤᠯᠤᠬᠰᠠᠨ ᠠᠵᠤ ᠠᠬᠤᠢ ᠶᠢᠨ ︽ᠳᠤᠮᠤ ᠠᠵᠤ ᠤᠶᠢᠯᠡᠰ︾᠂ ᠳᠤᠭᠠᠵᠢᠭᠤᠯᠤᠬᠰᠠᠨ

ᠭᠡᠷᠡᠭᠯᠡᠯᠳᠡ ᠶᠢᠨ ︽ᠳᠤᠮᠤ ᠳᠠᠯᠠᠪᠤᠷ︾ ᠎ ᠢ ᠬᠠᠮᠳᠤ ᠪᠠᠷ ᠡᠳ᠋ᠯᠡᠨ᠂ ᠳᠤᠭᠠᠵᠢᠭᠤᠯᠤᠬᠰᠠᠨ ᠠᠵᠤ ᠠᠬᠤᠢ ᠪᠤᠯᠤᠨ ᠠᠵᠤ ᠤᠶᠢᠯᠡᠰ ᠤᠨ ᠭᠡᠯᠪᠡᠷᠢ ᠪᠠᠨ

ᠬᠤᠪᠢᠷᠠᠭᠤᠯᠤᠬᠰᠠᠨ ᠬᠦᠨ ᠠᠭᠤᠰᠤᠯᠴᠠᠯ᠂ ᠴᠢᠨᠠᠷ ᠰᠠᠶᠢᠳᠠᠢ ᠬᠦᠭᠵᠢᠯᠳᠡ ᠶᠢ ᠳᠦᠷᠭᠡᠳᠭᠡᠨ ᠠᠬᠢᠭᠤᠯᠤᠨ᠎ᠠ ᠭᠡᠪᠡ᠃  

我为企业大订单2.jpg

   

     ᠰᠢᠶᠧ ᠴᠢᠩ ᠯᠢᠨ ᠪᠠᠶᠠᠷ ᠤᠨ ᠦᠭᠡ ᠳᠡᠭᠡᠨ᠂ ᠳᠤᠮᠳᠠᠳᠤ ᠤᠯᠤᠰ ᠤᠨ ᠴᠠᠩ ᠴᠸᠡᠭ ᠪᠦᠯᠦᠭᠯᠡᠯ ᠡᠨᠡ ᠤᠳᠠᠭᠠᠨ ᠤ ᠠᠵᠢᠯᠯᠠᠭ᠎ᠠ ᠪᠠᠷ ᠠᠵᠠ ᠳᠤᠬᠢᠶᠠᠯ ᠪᠤᠯᠭᠠᠨ

᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠂ ᠤᠷᠳᠤᠰ ᠬᠤᠳᠠ ᠳᠤ ᠨᠡᠩ ᠤᠯᠠᠨ ᠳᠠᠭᠤᠷᠢᠶᠠᠯ ᠦᠵᠡᠬᠦᠯᠬᠦ ᠳᠦᠷᠤᠯ ᠵᠦᠢᠯ ᠢ ᠪᠠᠶᠢᠭᠤᠯᠵᠤ᠂ ᠤᠷᠤᠨ

ᠪᠦᠰᠡ ᠶᠢᠨ ᠬᠦᠭᠵᠢᠯᠳᠡ ᠳᠤ ᠢᠳᠡᠪᠬᠢᠳᠡᠢ ᠤᠶᠢᠯᠡᠴᠢᠯᠡᠨ᠂ ᠳᠦᠪ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠡᠬᠦᠷᠭᠡᠯᠡᠯ ᠢ ᠪᠦᠬᠦ ᠳᠠᠯ᠎ᠠ ᠪᠠᠷ ᠬᠦᠢᠴᠡᠳᠭᠡᠵᠤ᠂

ᠮᠡᠳᠡᠭᠡ ᠵᠠᠩᠬᠢ ᠶᠢᠨ ᠪᠠᠶᠢᠭᠤᠯᠤᠯᠳᠠ ᠶᠢᠨ ᠠᠵᠤ ᠤᠶᠢᠯᠡᠰ ᠤᠨ ᠬᠦᠭᠵᠢᠯᠳᠡ᠂ ᠤᠷᠤᠨ ᠨᠤᠳᠤᠭ ᠤᠨ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠳᠡᠰ

ᠳᠡᠪᠰᠢᠬᠦᠯᠬᠦ ᠳᠤ ᠦᠷᠬᠦᠯᠵᠢᠯᠡᠨ ᠬᠤᠪᠢ ᠨᠡᠮᠡᠷᠢ ᠪᠠᠨ ᠦᠵᠡᠬᠦᠯᠤᠨ᠎ᠠ ᠭᠡᠪᠡ᠃  

     ᠬᠤᠷᠠᠯ ᠤᠨ ᠬᠤᠭᠤᠴᠠᠭᠠᠨ ᠳᠤ᠂ ᠭᠤᠤᠯ ᠵᠤᠷᠢᠯᠳᠠᠳᠤ ᠶᠠᠷᠢᠶ᠎ᠠ᠂ ᠭᠡᠷ᠎ᠠ ᠳᠤᠬᠳᠠᠬᠤ ᠶᠤᠰᠤᠯᠠᠯ᠂ ᠳᠤᠭᠤᠷᠢᠭ ᠰᠢᠷᠡᠭᠡᠨ ᠤ ᠶᠠᠷᠢᠶᠠᠨ ᠤ ᠳᠠᠪᠴᠠᠩ ᠵᠡᠷᠭᠡ

ᠠᠵᠢᠯᠯᠠᠭ᠎ᠠ ᠶᠢ ᠦᠷᠨᠢᠬᠦᠯᠵᠤ᠂ ᠤᠯᠠᠨ ᠳᠠᠯ᠎ᠠ ᠶᠢᠨ ᠬᠦᠴᠤᠨ ᠢ ᠠᠭᠤᠰᠤᠯᠴᠠᠭᠤᠯᠤᠨ ᠤᠷᠤᠨ ᠨᠤᠳᠤᠭ ᠤᠨ ᠮᠡᠳᠡᠭᠡ ᠵᠠᠩᠬᠢ ᠶᠢᠨ ᠪᠠᠶᠢᠭᠤᠯᠤᠯᠳᠠ ᠪᠠ

ᠳᠤᠭᠠᠵᠢᠭᠤᠯᠤᠬᠰᠠᠨ ᠠᠵᠤ ᠠᠬᠤᠢ ᠳᠤ ᠬᠦᠴᠤᠨ ᠴᠢᠳᠠᠪᠤᠷᠢ ᠨᠡᠮᠡᠷᠢᠯᠡᠬᠦ ᠪᠤᠯᠤᠨ᠎ᠠ᠃  

  

 

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ