ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠥᠷᠢᠮ ᠤᠨ ᠠᠵᠢᠯ ᠤᠨ ᠵᠥᠪᠯᠡᠯ ᠤᠷᠳᠤᠰ ᠬᠤᠳᠠ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠫᠠᠶᠢᠰᠠ ᠣᠯᠭᠤᠪᠠ
ᠨᠡᠶᠢᠲᠡᠯᠡᠭᠰᠡᠨ ᠴᠠᠭ᠄
2022/10/8
    ᠤᠶᠢᠷ᠎ᠠ ᠶᠢᠨ ᠡᠳᠦᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠥᠷᠢᠮ ᠤᠨ ᠠᠵᠢᠯ ᠤᠨ ᠵᠥᠪᠯᠡᠯ ᠤᠷᠳᠤᠰ ᠬᠤᠳᠠ ᠶᠢᠨ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠫᠠᠶᠢᠰᠠ ᠣᠯᠭᠤᠬᠤ ᠶᠣᠰᠣᠯᠠᠯ ᠶᠠᠪᠤᠬᠳᠠᠭᠤᠯᠤᠬᠰᠠᠨ ᠤ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ 

1.jpg

   

     ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠥᠷᠢᠮ ᠤᠨ ᠠᠵᠢᠯ ᠤᠨ ᠵᠥᠪᠯᠡᠯ ᠤᠨ ᠳᠡᠳ᠋

ᠡᠷᠬᠢᠯᠡᠭᠴᠢ ᠰᠢᠤᠢ ᠠᠨ ᠪᠢᠶᠤᠤ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠲᠤ ᠫᠠᠶᠢᠰᠠ ᠣᠯᠭᠤᠭᠰᠠᠨ ᠤ ᠬᠠᠮᠳᠤ ᠶᠠᠷᠢᠶ᠎ᠠ ᠲᠠᠯᠪᠢᠵᠤ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠶᠤᠸᠠᠨ ᠵᠦᠩ᠂

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠥᠷᠢᠮ ᠤᠨ ᠠᠵᠢᠯ ᠤᠨ ᠵᠥᠪᠯᠡᠯ ᠤᠨ

ᠡᠷᠬᠢᠯᠡᠭᠴᠢ ᠰᠠᠷᠠᠨ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ 

ᠬᠤᠷᠢᠶᠠᠨ ᠤ ᠡᠷᠬᠢᠯᠡᠭᠴᠢ ᠵᠠᠩ ᠵᠠᠨ ᠯᠢᠨ ᠨᠡᠷ ᠶᠠᠷᠢᠯᠴᠠᠬᠤ ᠬᠤᠷᠠᠯ ᠳᠤ ᠤᠷᠤᠯᠴᠠᠪᠠ᠃     

2.jpg

    

   ᠰᠢᠤᠢ ᠠᠨ ᠪᠢᠶᠤᠤ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ ᠪᠠᠶᠢᠭᠤᠯᠤᠭᠰᠠᠨ ᠨᠢ ᠬᠠᠤᠯᠢ ᠲᠣᠭᠲᠠᠭᠠᠬᠤ ᠪᠠᠷ ᠠᠷᠠᠳ ᠤᠯᠠᠨ ᠤ

ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢ ᠨᠡᠩ ᠰᠠᠶᠢᠨ ᠲᠤᠰᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣ ᠶᠢ ᠨᠡᠩ ᠰᠠᠶᠢᠨ ᠢᠯᠡᠷᠡᠭᠦᠯᠬᠦ ᠶᠢᠨ

ᠲᠦᠯᠦᠭᠡ ᠶᠤᠮ᠃ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠬᠦ

ᠳᠤᠮᠳᠠᠬᠢ ᠴᠢᠬᠤᠯᠠ ᠦᠢᠯᠡᠳᠦᠯ ᠢ ᠭᠦᠨᠵᠡᠭᠡᠶ ᠲᠠᠨᠢᠵᠤ᠂ ᠣᠷᠳᠣᠰ ᠤᠨ ᠣᠨᠴᠠᠯᠢᠭ ᠳᠠᠪᠠᠭᠤᠯᠢᠭ ᠢ ᠬᠦᠢᠴᠡᠳ ᠪᠠᠳᠠᠷᠠᠭᠤᠯᠤᠨ᠂ ᠤᠯᠤᠰ ᠲᠥᠷᠥ ᠶᠢᠨ

ᠵᠣᠭᠰᠣᠴᠠ ᠪᠠᠨ ᠪᠠᠳᠤᠳᠬᠠᠵᠦ᠂ ᠬᠠᠤᠯᠢ ᠲᠣᠭᠲᠠᠭᠠᠬᠤ ᠡᠭᠦᠷᠭᠡ ᠪᠠᠷ ᠪᠠᠷᠢᠮᠵᠢᠶᠠᠯᠠᠨ᠂ ᠬᠠᠮᠵᠢᠯᠴᠠᠨ ᠬᠠᠮᠳᠤᠷᠠᠨ ᠠᠵᠢᠯᠯᠠᠬᠤ ᠪᠠᠨ ᠴᠢᠩᠭᠠᠳᠬᠠᠵᠤ᠂ ᠨᠠᠮ ᠤᠨ

ᠬᠤᠷᠢᠶ᠎ᠠ ᠠᠴᠠ ᠤᠳᠤᠷᠢᠳᠴᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠭᠤᠤᠯᠯᠠᠭᠤᠯᠤᠨ᠂ ᠵᠠᠰᠠᠭ ᠤᠨ ᠣᠷᠳᠣᠨ ᠳᠤ ᠲᠦᠰᠢᠭᠯᠡᠵᠦ᠂ ᠡᠯ᠎ᠡ

ᠲᠠᠯ᠎ᠠ ᠶᠢᠨ ᠬᠢᠨ ᠤ ᠣᠷᠣᠯᠴᠠᠭᠰᠠᠨ ᠠᠵᠢᠯ ᠤᠨ ᠪᠠᠶᠢᠷᠢᠰᠢᠯ ᠢ ᠲᠠᠰᠤᠷᠠᠯᠲᠠ ᠥᠬᠡᠶ  ᠲᠡᠭᠦᠯᠳᠡᠷᠵᠢᠭᠦᠯᠤᠨ᠂ ᠠᠷᠠᠳ ᠣᠯᠠᠨ ᠤ ᠰᠠᠨᠠᠯ᠂ ᠬᠦᠰᠡᠯ ᠱᠠᠭᠠᠷᠳᠠᠯᠭ᠎ᠠ ᠶᠢ 

ᠤᠤᠯ ᠬᠡᠪ ᠢᠶᠠᠷ ᠨᠢ ᠴᠠᠭ ᠲᠤᠬᠠᠶ ᠳᠤᠨᠢ ᠵᠦᠪ ᠣᠨᠣᠪᠴᠢᠲᠠᠶ ᠲᠤᠰᠬᠠᠵᠤ᠂ ᠦᠨᠳᠦᠰᠦᠨ ᠱᠠᠲᠤᠨ ᠤ  ᠬᠠᠤᠯᠢ ᠲᠣᠭᠲᠠᠭᠠᠬᠤ ᠬᠠᠷᠢᠯᠴᠠᠬᠤ ᠴᠡᠭ ᠢ ᠬᠠᠮᠲᠤ ᠪᠠᠷ

ᠰᠠᠶᠢᠲᠤᠷ ᠪᠥᠲᠥᠭᠡᠨ ᠪᠠᠶᠢᠭᠤᠯᠵᠤ᠂ ᠴᠢᠳᠠᠪᠬᠢ ᠦᠢᠯᠡᠳᠦᠯ ᠢ ᠨᠢ ᠰᠠᠶᠢᠲᠤᠷ ᠪᠠᠳᠠᠷᠠᠭᠤᠯᠬᠤ ᠬᠡᠷᠡᠭᠲᠠᠢ ᠭᠡᠵᠦ ᠴᠢᠬᠤᠯᠠᠴᠢᠯᠠᠪᠠ᠃  

3.jpg

  

     ᠵᠠᠩ ᠶᠤᠸᠠᠨ ᠵᠥᠩ ᠢᠯᠡᠷᠬᠡᠶᠢᠯᠡᠬᠦ ᠳᠡᠭᠡᠨ᠂ ᠣᠷᠳᠣᠰ ᠬᠤᠲᠠ ᠵᠢᠨ‌ᠠᠷᠠᠳ ‍ᠤᠨ‌‍ᠲ᠋ᠦ᠋ᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠪᠥᠬᠦ

ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠲᠥᠷᠢᠮ ᠤᠨ ᠠᠵᠢᠯ ᠤᠨ ᠵᠥᠪᠯᠡᠯ ᠤᠨ ᠨᠡᠮᠡᠵᠦ ᠪᠠᠶᠢᠭᠤᠯᠤᠭᠰᠠᠨ ᠦᠨᠳᠦᠰᠦᠨ

ᠱᠠᠲᠤᠨ ᠤ 10 ᠬᠠᠷᠢᠯᠴᠠᠬᠤ ᠴᠡᠭ ᠤᠨ ᠨᠢᠭᠡ ᠪᠠᠷ ᠲᠣᠭᠲᠠᠭᠠᠵᠠᠶ᠂ ᠡᠨᠡ ᠪᠣᠯ ᠣᠷᠳᠣᠰ ᠤᠨ ᠢᠷᠠᠭᠤ ᠠᠯᠳᠠᠷ ᠮᠥᠨ᠂ ᠪᠠᠰᠠ ᠴᠤ ᠥᠪᠥᠷ ᠮᠣᠩᠭᠤᠯ ᠤᠨ

ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠠᠪᠤᠴᠠ ᠳᠠᠬᠢ ᠨᠢᠭᠡᠨ ᠲᠣᠮᠣ ᠶᠠᠪᠤᠳᠠᠯ ᠮᠥᠨ᠃ ᠤᠷᠳᠤᠰ ᠬᠤᠲᠠ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ

ᠳᠡᠭᠡᠭᠰᠢᠯᠡᠭᠦᠯᠵᠦ᠂ ᠠᠵᠠ ᠲᠣᠬᠢᠶᠠᠯ ᠢ ᠪᠠᠲᠤ ᠡᠵᠡᠮᠳᠡᠨ᠂ ᠦᠯᠢᠭᠡᠷ ᠳᠠᠭᠤᠷᠢᠶᠠᠯ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠤᠯᠤᠰ ᠤᠨ ᠲᠡᠰ ᠤᠨ ᠦᠨᠳᠦᠰᠦᠨ

ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠪᠦᠬᠦ ᠣᠷᠣᠨ ᠤ ᠦᠨᠳᠦᠰᠦᠨ ᠱᠠᠲᠤᠨ ᠤ ᠬᠠᠤᠯᠢ

ᠲᠣᠭᠲᠠᠭᠠᠬᠤ ᠬᠠᠷᠢᠯᠴᠠᠬᠤ ᠴᠡᠭ ᠤᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠵᠤ᠂ ᠤᠯᠤᠰ ᠤᠨ ᠬᠠᠤᠯᠢ ᠲᠣᠭᠲᠠᠭᠠᠬᠤ ᠠᠵᠢᠯ ᠳᠤ ᠥᠪᠥᠷ

ᠮᠣᠩᠭᠤᠯ ᠤᠨ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃ 

 

4.jpg

   

     ᠯᠢ ᠯᠢ ᠪᠠᠶᠠᠷ ᠤᠨ ᠦᠭᠡ ᠳᠡᠭᠡᠨ᠂ ᠪᠦᠬᠦ ᠤᠯᠤᠰ ᠤᠨ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ

ᠲᠥᠷᠢᠮ ᠤᠨ ᠠᠵᠢᠯ ᠤᠨ ᠵᠥᠪᠯᠡᠯ ᠤᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠣᠯᠤᠭᠰᠠᠨ ᠨᠢ ᠮᠠᠨ ᠤ ᠬᠤᠳᠠ ᠶᠢᠨ ᠠᠷᠠᠳᠴᠢᠯᠠᠯ

ᠬᠠᠤᠯᠢᠵᠢᠯ ᠤᠨ ᠪᠠᠶᠢᠭᠤᠯᠤᠯᠲᠠ ᠶᠢᠨ ᠲᠡᠦᠬᠡᠨ ᠳᠠᠬᠢ ᠨᠢᠭᠡᠨ ᠲᠤᠮᠤ ᠶᠠᠪᠤᠳᠠᠯ ᠪᠣᠯᠤᠨ᠎ᠠ᠂ ᠢᠲᠡᠭᠡᠯ ᠳᠡᠮᠵᠢᠯᠭᠡ ᠪᠣᠯᠬᠤ ᠪᠠᠷ ᠪᠠᠷᠠᠬᠤ ᠦᠭᠡᠢ ᠪᠠᠰᠠ ᠴᠤ

ᠵᠣᠷᠢᠭᠵᠢᠭᠤᠯᠤᠯ ᠱᠠᠭᠠᠷᠳᠠᠯᠭ᠎ᠠ ᠪᠣᠯᠤᠨ᠎ᠠ᠃ ᠤᠷᠳᠤᠰ ᠬᠤᠲᠠ ᠲᠤᠰ ᠤᠳᠠᠭ᠎ᠠ ᠶᠢᠨ ᠫᠠᠶᠢᠰᠠ ᠣᠯᠭᠤᠬᠤ ᠪᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ

ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ

ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ

ᠪᠠᠶᠢᠭᠤᠯᠤᠯᠲᠠ ᠶᠢ ᠲᠡᠮᠵᠢᠨ ᠪᠠᠲᠤᠯᠠᠵᠤ᠂ ᠨᠡᠩ ᠥᠨᠳᠥᠷ ᠵᠤᠬᠰᠤᠴᠠ ᠠᠴᠠ ᠤᠯᠤᠰ ᠲᠦᠷᠦ ᠪᠠᠷ  ᠬᠦᠳᠦᠯᠤᠨ ᠳᠠᠭᠠᠭᠤᠯᠬᠤ ᠶᠢ ᠴᠢᠩᠭᠠᠳᠬᠠᠨ᠂ ᠨᠡᠩ ᠪᠣᠳᠠᠲᠠᠢ

ᠠᠷᠭ᠎ᠠ ᠬᠡᠮᠵᠢᠶ᠎ᠡ ᠪᠠᠷ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠨᠢᠭᠲᠠᠷᠠᠭᠤᠯᠵᠤ᠂ ᠬᠠᠤᠯᠢᠵᠢᠯ ᠤᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠠᠬᠢᠭᠤᠯᠤᠨ᠂

ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠤᠨ ᠰᠢᠨ᠎ᠡ ᠲᠤᠷᠰᠢᠯᠭ᠎ᠠ ᠰᠢᠨ᠎ᠡ ᠵᠠᠭᠪᠤᠷ ᠢ ᠪᠦᠬᠦ ᠬᠦᠴᠦᠨ ᠢᠶᠠᠷ ᠢᠶᠠᠨ ᠡᠭᠦᠳᠦᠨ᠎ᠡ ᠬᠡᠪᠡ᠃  

5.jpg

  

     ᠵᠠᠩ ᠵᠠᠨ ᠯᠢᠨ᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠬᠡᠳᠦ᠋ᠪᠡᠷ ᠪᠠᠭ᠎ᠠ ᠪᠣᠯᠪᠠᠴᠤ ᠠᠷᠠᠳᠴᠢᠯᠠᠭᠰᠠᠨ ᠤᠯᠤᠰ ᠲᠥᠷᠥ ᠶᠢᠨ

ᠪᠠᠶᠢᠭᠤᠯᠤᠯᠲᠠ ᠶᠢ ᠠᠬᠢᠭᠤᠯᠬᠤ ᠶᠡᠭᠡ ᠡᠭᠦᠷᠭᠡᠯᠡᠯ ᠢ ᠡᠭᠦᠷᠭᠡᠯᠡᠵᠦ ᠪᠠᠶᠢᠳᠠᠭ᠂ ᠪᠢᠳᠡ ᠤᠯᠤᠰ ᠲᠥᠷᠥ ᠶᠢᠨ ᠵᠣᠭᠰᠣᠴᠠ ᠪᠠᠨ ᠲᠠᠰᠤᠷᠠᠯᠲᠠ ᠦᠭᠡᠶ ᠪᠠᠳᠤᠳᠬᠠᠵᠦ᠂

ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠨ᠂ ᠬᠡᠯᠪᠡᠷᠢ ᠶᠢᠨ ᠠᠭᠤᠯᠭ᠎ᠠ ᠶᠢᠨ ᠰᠢᠨ᠎ᠡ ᠶᠢ ᠡᠭᠦᠳᠴᠦ᠂

ᠵᠢᠷᠤᠮᠵᠢᠭᠤᠯᠤᠨ ᠪᠥᠲᠥᠭᠡᠨ ᠪᠠᠶᠢᠭᠤᠯᠬᠤ᠂ ᠪᠠᠶᠢᠩᠭᠤᠵᠢᠭᠤᠯᠤᠨ ᠠᠬᠢᠭᠤᠯᠬᠤ᠂  ᠪᠤᠳᠠᠳᠠᠶᠢᠵᠢᠭᠤᠯᠤᠨ ᠠᠵᠢᠯᠯᠠᠭᠤᠯᠬᠤ᠂ ᠣᠨᠴᠠᠯᠢᠬᠵᠢᠭᠤᠯᠤᠨ ᠴᠣᠭᠴᠠᠯᠠᠨ

ᠪᠠᠶᠢᠭᠤᠯᠬᠤ ᠳᠡᠭᠡᠷ᠎ᠡ ᠦᠨᠡᠨ ᠬᠦ ᠬᠦᠴᠦ ᠲᠠᠯᠪᠢᠨ᠂ ︽ᠤᠯᠤᠰ ᠤᠨ ᠨᠠᠷᠠᠲᠤ ᠲᠡᠮᠳᠡᠭᠲᠦ︾᠎ ᠶᠢᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢ

ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠵᠤ᠂ ᠦᠨᠳᠦᠰᠦᠨ ᠱᠠᠲᠤᠨ ᠤ  ᠦᠢᠯᠡᠳᠦᠯᠭᠡ ᠶᠢᠨ ᠵᠠᠮ ᠢ ᠰᠦᠪᠡᠭᠴᠢᠯᠡᠨ᠂ ᠣᠷᠣᠨ

ᠨᠤᠲᠤᠭ ‍ᠤᠨ‌ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠡᠭᠦᠳᠴᠦ᠂  ᠬᠠᠤᠯᠢᠵᠢᠯ ᠣᠷᠳᠣᠰ᠂  ᠬᠠᠤᠯᠢᠵᠢᠯ ᠳᠤᠮᠳᠠᠳᠤ ᠤᠯᠤᠰ ᠤᠨ ᠪᠥᠲᠥᠭᠡᠨ

ᠪᠠᠶᠢᠭᠤᠯᠤᠯᠲᠠ ᠳᠤ ᠦᠨᠳᠦᠰᠦᠨ ᠱᠠᠲᠤᠨ ᠤ ᠣᠶᠤᠨ ᠤᠬᠠᠭᠠᠨ ᠪᠠ ᠬᠦᠴᠦᠨ ᠴᠢᠳᠠᠯ ᠢ ᠨᠡᠮᠡᠷᠢᠯᠡᠨ᠎ᠡ ᠭᠡᠵᠦ ᠢᠯᠡᠳᠭᠡᠪᠡ᠃ 

6.jpg

    

    ᠣᠶᠢᠯᠠᠭᠠᠭᠰᠠᠨ ᠢᠶᠠᠷ᠂ ᠲᠣᠰ ᠤᠳᠠᠭ᠎ᠠ ᠣᠷᠳᠣᠰ ᠬᠤᠲᠠ ᠶᠢᠨ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠪᠥᠬᠦ

ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠥᠷᠢᠮ ᠤᠨ ᠠᠵᠢᠯ ᠤᠨ ᠵᠥᠪᠯᠡᠯ ᠠᠴᠠ ᠦᠨᠳᠦᠰᠦᠨ

ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠢᠶᠠᠷ ᠲᠣᠭᠲᠠᠭᠠᠵᠤ᠂ ᠡᠨᠡ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠲᠠᠰ ᠤᠨ

ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠤᠯᠤᠬᠰᠠᠨ ᠪᠠᠶᠢᠨ᠎ᠠ᠃  

  

 

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ