ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠪᠠᠶᠠᠨᠨᠠᠭᠤᠷ ᠬᠤᠳᠠ ᠳᠤ ᠬᠦᠷᠴᠦ ᠰᠤᠷᠤᠯᠴᠠᠵᠦ ᠰᠢᠨᠵᠢᠯᠠᠨ ᠪᠠᠶᠢᠴᠠᠭᠠᠵᠠᠢ
ᠨᠡᠶᠢᠲᠡᠯᠡᠭᠰᠡᠨ ᠴᠠᠭ᠄
2022/10/8
              ᠤᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠪᠦᠯᠬᠦᠮ ᠳᠠᠭᠠᠭᠤᠯᠤᠨ ᠪᠠᠶᠠᠨᠨᠠᠭᠤᠷ ᠬᠤᠳᠠ ᠳᠤ ᠬᠦᠷᠴᠦ ᠰᠤᠷᠤᠯᠴᠠᠵᠤ ᠰᠢᠨᠵᠢᠯᠠᠨ ᠪᠠᠶᠢᠴᠠᠭᠠᠪᠠ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᡁᠢ ᠫᠢᠩ ᠬᠠᠮᠳᠤ ᠰᠢᠨᠵᠢᠯᠠᠨ ᠪᠠᠶᠢᠴᠠᠭᠠᠪᠠ᠃

1.jpg

  

     ᠳ᠋ᠦ᠋ ᠬᠤᠢ ᠯᠢᠶᠠᠩ ᠨᠠᠷ ᠤᠷᠢᠳ ᠬᠤᠵᠢᠳ ᠲᠠᠯ᠎ᠠ ᠨᠤᠳᠤᠭ ᠤᠨ ᠰᠢᠨ ᠡᠾᠧ ᠢᠳᠡᠭᠡᠨ ᠤᠮᠳᠠᠭᠠᠨ ᠤ ᠬᠢᠵᠠᠭᠠᠷᠳᠤ ᠺᠤᠮᠫᠠᠨᠢ᠂ ᠪᠠᠶᠠᠨᠨᠠᠭᠤᠷ ᠤᠨ ᠤᠯᠤᠰ ᠤᠨ

ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠳᠠᠭᠤᠷᠢᠶᠠᠯ ᠦᠵᠡᠭᠦᠯᠬᠦ ᠤᠷᠤᠨ ᠤ ᠬᠠᠮᠢᠶᠠᠷᠤᠯᠳᠠ ᠶᠢᠨ ᠵᠦᠪᠯᠡᠯ᠂ ᠬᠠᠳᠤᠨ ᠭᠤᠤᠯ ᠤᠨ ᠰᠠᠪᠠ

ᠭᠠᠵᠠᠷ ᠤᠨ ᠪᠠᠷᠠᠭᠤᠨ ᠬᠤᠶᠢᠳᠤ ᠤᠷᠤᠨ ᠤ ᠦᠷ᠎ᠡ ᠡᠭᠦᠯᠳᠡᠷ ᠤᠨ ᠭᠧᠨ ᠤ ᠬᠦᠮᠦᠷᠭᠡ᠂《 ᠳᠡᠭᠷᠢ ᠶᠢᠨ ᠭᠡᠰᠢᠭᠳᠦ ᠪᠤᠷᠤᠳᠤᠬᠤᠢ》 ᠶᠢᠨ ᠶᠡᠷᠦᠩᠬᠡᠢ ᠬᠡᠯᠳᠡᠰ ᠤᠨ

ᠰᠠᠭᠤᠷᠢᠨ ᠭᠠᠵᠠᠷ᠂ ᠪᠤᠷᠤᠳᠤᠬᠤᠢ ᠶᠢᠨ ᠤᠰᠤᠯᠠᠯᠳᠠ ᠶᠢᠨ ᠤᠷᠤᠨ ᠤ ᠬᠡᠮᠵᠢᠶ᠎ᠡ ᠶᠢ ᠳᠤᠬᠢᠷᠠᠭᠤᠯᠬᠤ ᠮᠡᠳᠡᠭᠡ ᠵᠠᠩᠭᠢ ᠶᠢᠨ ᠳᠦᠪ᠂ ᠲᠠᠯ᠎ᠠ ᠨᠤᠳᠤᠭ ᠤᠨ

ᠪᠠᠷᠢᠮᠵᠢᠶᠠᠵᠢᠭᠤᠯᠤᠭᠰᠠᠨ ᠮᠢᠬᠠᠨ ᠬᠤᠨᠢ ᠳᠡᠵᠢᠭᠡᠨ ᠦᠷᠡᠵᠢᠭᠦᠯᠬᠦ‌‍ᠬᠦ᠋ᠷᠢᠶᠡᠯᠡᠩ ᠳᠤᠭᠤᠷᠢᠭ᠂ ᠰᠢᠨ ᠭᠦᠩ ᠵᠦᠩ ᠪᠠᠯᠭᠠᠰᠤᠨ ᠤ ᠬᠠᠳᠤᠨ ᠭᠤᠤᠯ ᠤᠨ ᠰᠠᠪᠠ

ᠭᠠᠵᠠᠷ ᠤᠨ ᠴᠢᠨᠠᠷ ᠰᠠᠶᠢᠳᠠᠢ ᠬᠦᠭᠵᠢᠯᠳᠡ ᠶᠢᠨ ᠳᠤᠷᠰᠢᠯᠳᠠ ᠶᠢᠨ ᠰᠠᠭᠤᠷᠢᠨ ᠭᠠᠵᠠᠷ᠂ ᠯᠦᠩ ᠰᠢᠩ ᠴᠠᠩ ᠪᠠᠯᠭᠠᠰᠤᠨ ᠤ ᠯᠢᠶᠠᠨ ᠹᠧᠩ ᠳᠤᠰᠬᠤᠨ ᠤ

ᠱᠠᠪᠳᠠᠯ᠎ᠠ ᠶᠢᠨ ᠠᠵᠦ ᠦᠢᠯᠡᠰ ᠤᠨ ᠬᠦᠷᠢᠶᠡᠯᠡᠩ ᠳᠤᠭᠤᠷᠢᠭ ᠲᠤ ᠬᠦᠷᠴᠦ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠦ

ᠦᠢᠯᠡᠰ ᠤᠨ ᠳᠠᠭᠤᠷᠢᠶᠠᠯ ᠦᠵᠡᠬᠦᠯᠬᠦ ᠤᠷᠤᠨ ᠤ ᠪᠦᠳᠦᠭᠡᠨ ᠪᠠᠶᠢᠭᠤᠯᠤᠯᠳᠠ᠂《 ᠳᠡᠭᠷᠢ ᠶᠢᠨ ᠭᠡᠰᠢᠭᠳᠦ ᠪᠤᠷᠤᠳᠤᠬᠤᠢ》 ᠶᠢᠨ ᠡᠷᠬᠡ ᠤᠯᠭᠤᠭᠰᠠᠨ ᠠᠵᠦ

ᠠᠬᠤᠶᠢᠯᠠᠯ ᠵᠢᠴᠢ ᠪᠦᠳᠦᠭᠡᠭᠳᠡᠭᠦᠨ ᠤ ᠪᠠᠶᠢᠳᠠᠯ ᠤᠨ ᠳᠠᠨᠢᠯᠴᠠᠭᠤᠯᠭ᠎ᠠ ᠶᠢ ᠰᠤᠨᠤᠰᠪᠠ᠃ ᠤᠷᠤᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠳᠦ ᠳᠡᠮᠳᠡᠭᠳᠦ ᠶᠢᠨ

ᠪᠠᠶᠢᠭᠤᠯᠤᠯᠳᠠ ᠬᠢᠬᠡᠳ ᠬᠠᠮᠢᠶᠠᠷᠤᠯᠳᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠠᠷᠢᠮᠠᠯ ᠤᠨ ᠦᠢᠯᠡᠰ ᠢ ᠬᠦᠭᠵᠢᠭᠦᠯᠬᠦ᠂

ᠨᠡᠷᠡᠳᠦ ᠳᠡᠮᠳᠡᠭᠳᠦ ᠪᠠᠷ ᠲᠠᠷᠢᠶᠠᠯᠠᠩ ᠢ ᠬᠦᠭᠵᠢᠭᠦᠯᠬᠦ᠂ ᠤᠰᠤᠯᠠᠯᠳᠠ  ᠶᠢᠨ ᠤᠷᠤᠨ ᠤ ᠤᠰᠤᠨ ᠤ ᠡᠬᠢ ᠪᠠᠶᠠᠯᠢᠭ ᠢ ᠠᠰᠢᠭᠯᠠᠬᠤ ᠵᠡᠷᠭᠡ ᠪᠠᠶᠢᠳᠠᠯ ᠢ ᠨᠠᠷᠢᠨ

ᠤᠶᠢᠯᠠᠭᠠᠪᠠ᠃

2.jpg

   

     ᠳ᠋ᠦ᠋ ᠬᠤᠢ ᠯᠢᠶᠠᠩ᠂ ᠪᠠᠶᠠᠨᠨᠠᠭᠤᠷ ᠬᠤᠳᠠ ᠮᠠᠯ ᠠᠵᠦ ᠠᠬᠤᠢ ᠲᠠᠷᠢᠶᠠᠯᠠᠩ ᠤᠨ ᠤᠳᠤᠬᠢᠴᠢᠯᠠᠭᠰᠠᠨ ᠬᠦᠭᠵᠢᠯᠳᠡ ᠶᠢ ᠠᠬᠢᠭᠤᠯᠬᠤ ᠲᠠᠯ᠎ᠠ ᠪᠠᠷ ᠢᠯᠡᠳᠳᠡ ᠦᠷ᠎ᠡ

ᠪᠦᠳᠦᠮᠵᠢ ᠤᠯᠵᠦ᠂ ᠮᠠᠰᠢ ᠴᠢᠬᠤᠯᠠ ᠰᠤᠷᠤᠯᠴᠠᠭᠤᠰᠢᠳᠡᠢ ᠲᠤᠯᠢᠯᠠᠭᠤᠰᠢᠳᠡᠢ ᠳᠤᠷᠰᠢᠯᠭ᠎ᠠ ᠶᠢ ᠪᠦᠷᠢᠯᠳᠦᠭᠦᠯᠵᠡᠢ ᠭᠡᠪᠡ᠃ ᠳᠡᠷᠡ ᠬᠠᠮᠳᠤ ᠶᠠᠪᠤᠭ᠎ᠠ ᠬᠤᠰᠢᠭᠤ

ᠳᠤᠭᠤᠷᠢᠭ ᠪᠤᠯᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠢ ᠬᠦᠨᠵᠡᠭᠡᠢ ᠰᠢᠰᠲ᠋ᠧᠮ ᠲᠠᠢ ᠰᠢᠨᠵᠢᠯᠡᠨ ᠪᠠᠶᠢᠴᠠᠭᠠᠵᠦ ᠰᠤᠷᠤᠯᠴᠠᠨ᠂

ᠰᠤᠷᠤᠭᠰᠠᠨ ᠢᠶᠠᠨ ᠬᠡᠷᠡᠭᠯᠡᠵᠦ ᠪᠠᠶᠢᠭᠠᠳ ᠮᠠᠨ ᠤ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠳᠤ ᠬᠦᠴᠦ ᠨᠡᠮᠡᠷᠢᠯᠡᠬᠦ ᠬᠡᠷᠡᠭᠳᠡᠢ

ᠭᠡᠵᠦ ᠵᠠᠬᠢᠪᠠ᠃ ᠳᠡᠷᠡᠴᠢᠯᠡᠨ ᠬᠤᠶᠠᠷ ᠭᠠᠵᠠᠷ ᠤᠨ ᠬᠢᠨ ᠳᠤᠰ ᠳᠤᠰ ᠤᠨ ᠳᠠᠪᠠᠭᠤᠯᠢᠭ ᠢᠶᠠᠨ ᠪᠠᠳᠠᠷᠠᠭᠤᠯᠵᠦ᠂ ᠬᠠᠳᠤᠨ ᠭᠤᠤᠯ ᠤᠨ ᠠᠮᠤᠷ ᠳᠦᠪᠰᠢᠨ ᠢ

ᠬᠠᠮᠠᠭᠠᠯᠠᠬᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠨᠡᠩ ᠶᠡᠭᠡ

ᠬᠤᠪᠢ ᠨᠡᠮᠡᠷᠢ ᠦᠵᠡᠭᠦᠯᠬᠦ ᠬᠡᠷᠡᠭᠳᠡᠢ᠃ ᠡᠭᠦᠨ ᠤ ᠬᠠᠮᠳᠤ ᠤᠷᠤᠨ ᠪᠦᠰᠡ ᠠᠯᠤᠰᠯᠠᠭᠰᠠᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ᠂ ᠴᠢᠬᠤᠯᠠ ᠬᠦᠴᠦᠨ ᠵᠦᠢᠯ ᠢ

ᠬᠠᠷᠢᠯᠴᠠᠨ ᠨᠦᠬᠦᠪᠦᠷᠢᠯᠡᠬᠦ᠂ ᠠᠵᠦ ᠦᠢᠯᠡᠰ ᠤᠨ ᠬᠠᠷᠢᠯᠴᠠᠨ ᠬᠠᠮᠳᠤᠷᠠᠯᠴᠠᠬᠤ ᠲᠠᠯ᠎ᠠ ᠪᠠᠷ ᠬᠠᠮᠳᠤᠷᠠᠯᠴᠠᠭ᠎ᠠ ᠪᠠᠨ ᠴᠢᠩᠭᠠᠳᠬᠠᠬᠤ ᠪᠠᠷ ᠬᠦᠴᠦᠯᠡᠨ᠂ ᠴᠢᠨᠠᠷ ᠰᠠᠶᠢᠳᠠᠢ

ᠬᠦᠭᠵᠢᠯᠳᠡ ᠶᠢᠨ ᠰᠢᠨ᠎ᠡ ᠬᠠᠭᠤᠳᠠᠰᠤ ᠶᠢ ᠬᠠᠮᠳᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃

3.jpg   

     ᠬᠤᠳᠠ ᠶᠢᠨ ᠳᠡᠳ᠋ ᠳᠠᠷᠤᠭ᠎ᠠ ᠡᠷᠳᠡᠨᠢᠪᠢᠯᠢᠭ᠂ ᠪᠠᠶᠠᠨᠨᠠᠭᠤᠷ ᠬᠤᠳᠠ ᠶᠢᠨ ᠤᠳᠤᠷᠢᠳᠤᠯᠭ᠎ᠠ ᠵᠤᠤ ᠵᠢᠶᠦ᠋ᠨ ᠯᠢᠩ᠂ ᠭᠦᠸᠧ ᠵᠠᠨ ᠵᠢᠶᠠᠩ᠂ ᠠᠴᠢᠳᠤ᠂ ᠮᠠᠨ ᠤ

ᠬᠤᠳᠠ ᠶᠢᠨ ᠬᠤᠯᠪᠤᠭᠳᠠᠯ ᠪᠦᠬᠦᠢ ᠬᠤᠰᠢᠭᠤ ᠳᠤᠭᠤᠷᠢᠭ᠂ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠬᠠᠮᠢᠶ᠎ᠠ ᠪᠦᠬᠦᠢ  ᠠᠵᠢᠯᠯᠠᠭ᠎ᠠ ᠳᠤ ᠤᠷᠤᠯᠴᠠᠪᠠ᠃

  

 

ᠢᠷᠡᠯᠲᠡ᠄ ᠤᠷᠳᠤᠰ ᠤᠨ ᠡᠳᠦᠷ ᠤᠨ ᠰᠤᠨᠢᠨ