ᠡᠨᠡ ᠵᠢᠯ ᠠᠴᠠ ᠨᠠᠭᠠᠰᠢ ᠮᠠᠨ ᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ ᠳᠤ ᠪᠦᠬᠦ | ᠲᠠᠯ᠎ᠠ ᠪᠠᠷ ᠰᠢᠨᠡᠴᠢᠯᠡᠯᠲᠡ ᠬᠢᠵᠤ ︽ᠰᠦᠯᠵᠢᠶᠡᠨ ᠳᠡᠭᠡᠷᠡᠬᠢ ᠨᠣᠮ ᠤᠨ ᠣᠪᠣᠭ᠎ᠠ︾ ︽ᠣᠯᠠᠨ ᠬᠡᠯᠡᠨ ᠤ ᠠᠯᠪᠠᠨ ᠮᠡᠳᠡᠭᠡ ᠶᠢᠨ ᠳᠠᠪᠴᠠᠩ︾ ︽ᠣᠨ ᠤ | ᠦᠢᠯᠡᠪᠦᠷᠢ ᠶᠢᠨ ᠬᠠᠮᠢᠶᠠᠷᠤᠯᠲᠠ ᠶᠢᠨ ᠳᠠᠪᠴᠠᠩ︾ ︽ᠮᠦᠩᠬᠡ ᠰᠤᠪᠠᠭ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠳᠠᠪᠴᠠᠩ︾ ᠵᠡᠷᠭᠡ ᠪᠠᠷ ᠭᠤᠤᠯ | ᠪᠤᠯᠭᠠᠭᠰᠠᠨ ᠳᠥᠷᠪᠡᠨ ᠬᠢᠯᠠᠰ ᠴᠡᠭ ᠢ ᠪᠤᠢ ᠪᠣᠯᠭᠠᠵᠤ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ | ᠰᠦᠯᠵᠢᠶᠡᠨ ᠤ ᠴᠤᠭᠯᠠᠷᠠᠯ ᠤᠨ ᠳᠤᠮᠳᠠᠬᠢ ᠨᠢᠬᠡᠨ ᠬᠡᠷᠡᠯᠲᠦ ᠤᠳᠤ ᠪᠤᠯᠤᠭᠰᠠᠨ ᠪᠠᠶᠢᠨ᠎ᠠ᠃ | ︽ᠰᠦᠯᠵᠢᠶᠡᠨ ᠳᠡᠭᠡᠷᠡᠬᠢ ᠨᠣᠮ ᠤᠨ ᠣᠪᠣᠭ᠎ᠠ︾ ᠪᠣᠯ ᠦᠣᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠤ ᠶᠢ ᠪᠠᠶᠠᠨᠰᠢᠯᠢ ᠭᠠᠴᠠᠭᠠᠨ ᠤ ᠪᠢᠯᠢᠭ ᠤᠨ | ᠰᠠᠩ ᠮᠣᠩᠭᠤᠯ ᠨᠣᠮ ᠬᠡᠪᠯᠡᠯ ᠤᠨ ᠮᠦᠽᠧᠢ᠂ ᠨᠤᠮ ᠤᠨ ᠤᠪᠤᠭ᠎ᠠ ᠶᠢ 3D ᠮᠡᠷᠭᠡᠵᠢᠯ ᠢᠶᠠᠷ ᠳᠡᠯᠬᠡᠨ ᠦᠵᠡᠬᠦᠯᠦ᠋ᠭᠰᠡᠨ ᠲᠠᠪᠴᠠᠩ ᠮᠦᠨ᠃ ᠲᠤᠰ ᠲᠠᠪᠴᠠᠩ ᠨᠢ | ︽ᠨᠤᠮ ᠤᠨ ᠤᠪᠤᠭ᠎ᠠ᠂ ᠨᠣᠮ ᠤᠨ ᠤᠷᠳᠤᠨ᠂ ᠨᠤᠮ ᠬᠡᠪᠯᠡᠯ ᠤᠨ ᠮᠦᠽᠧᠶ᠂ ᠤᠳᠤᠳ ᠤᠨ ᠬᠢᠯᠪᠠᠭ᠎ᠠ᠂ ᠵᠣᠬᠢᠶᠠᠭᠴᠢ ᠶᠢᠨ ᠦᠷᠦᠭᠡ︾ ᠵᠡᠷᠭᠡ ᠲᠠᠪᠤᠨ | ᠬᠡᠰᠡᠭ ᠢᠶᠠᠷ ᠪᠥᠷᠢᠯᠳᠥᠵᠤ᠂ ᠮᠣᠩᠭᠤᠯ ᠲᠤᠯᠭᠤᠷ ᠪᠢᠴᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠠᠰᠢᠭᠯᠠᠬᠤ ᠶᠢ ᠪᠡᠶᠡᠯᠡᠭᠦᠯᠵᠦ᠂ | ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠢ ᠵᠠᠯᠭᠠᠮᠵᠢᠯᠠᠬᠤ ᠠᠷᠭ᠎ᠠ ᠮᠠᠶ᠋ᠢ ᠤᠨ ᠰᠢᠨ᠎ᠡ ᠶᠢ ᠡᠬᠦᠳᠦᠨ᠂ ᠪᠦᠬᠦ ᠤᠷᠤᠨ ᠤ ︽ᠣᠷᠣᠨ ᠨᠤᠲᠤᠭ ᠤᠨ | ᠰᠣᠶᠣᠯ ᠤᠨ ᠢᠯᠡ ᠲᠣᠳᠣ ᠦᠪᠡᠷᠮᠢᠴᠡ ᠣᠨᠴᠠᠯᠢᠭ ᠲᠠᠢ ᠲᠠᠪᠴᠠᠩ︾ ᠪᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠤᠳᠬ᠎ᠠ ᠵᠣᠬᠢᠶᠠᠯ ᠤᠨ | ᠪᠠᠭ᠋ᠠᠷᠬᠠᠭᠴᠢᠳ ᠪᠠ ᠤᠩᠰᠢᠭᠴᠢᠳ ᠤᠨ ᠠᠩᠬᠠᠷᠤᠯ ᠢ ᠶᠡᠬᠡᠳᠡ ᠳᠠᠳᠠᠵᠤ ᠪᠤᠢ᠃ | ︽ᠤᠯᠠᠨ ᠬᠡᠯᠡᠨ ᠤ ᠠᠯᠪᠠᠨ ᠮᠡᠳᠡᠭᠡ ᠶᠢᠨ ᠳᠠᠪᠴᠠᠩ︾ ᠪᠤᠯ ᠴᠠᠭᠠᠰᠤᠨ ᠬᠡᠪᠯᠡᠯ ᠪᠣᠯᠤᠨ ᠡᠯᠧᠺᠲᠷᠤᠨ ᠬᠡᠪᠯᠡᠯ ᠢ ᠣᠷᠭᠠᠨᠢᠭ ᠢᠶᠠᠷ ᠵᠣᠯᠭᠠᠭᠤᠯᠵᠤ᠂ ᠮᠤᠩᠭᠤᠯ | ᠬᠢᠲᠠᠳ ᠬᠤᠤᠰ ᠬᠡᠯᠡ ᠶᠢ ᠬᠠᠪᠰᠤᠷᠭᠠᠭᠰᠠᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠴᠢᠬᠤᠯᠠ ᠳ᠋ᠠᠶᠢᠲ᠋ᠠ ᠬᠥᠮᠥᠷᠭᠡ ᠮᠦᠨ᠃ ᠡᠨᠡ ᠨᠢ ᠤᠯᠠᠨ | ᠡᠰᠢᠵᠢᠭᠰᠡᠨ᠂ ᠲᠥᠷᠥᠯ ᠬᠤᠪᠢᠶᠠᠭᠰᠠᠨ᠂ ᠳᠥᠭᠦᠮ ᠳᠥᠲᠡ ᠪᠠᠶᠢᠴᠠᠭᠠᠨ ᠯᠠᠪᠯᠠᠬᠤ ᠮᠡᠷᠭᠡᠵᠢᠯ ᠢᠶᠠᠷ ᠠᠯᠪᠠᠨ ᠮᠡᠳᠡᠭᠡ ᠶᠢ ᠲᠤᠭᠠᠵᠢᠭᠤᠯᠬᠤ ᠪᠠ ᠲᠤᠭ᠎ᠠ ᠪᠠᠷᠢᠮᠲᠠ ᠶᠢ | ᠬᠠᠷᠢᠯᠴᠠᠨ ᠬᠤᠯᠪᠣᠭᠠᠯᠠᠵᠤ᠂ ᠬᠠᠷᠢᠯᠴᠠᠨ ᠨᠡᠪᠳᠡᠷᠡᠯᠴᠡᠬᠦᠯᠬᠦ ᠶᠢ ᠪᠡᠶᠡᠯᠡᠬᠦᠯᠵᠤ᠂ ᠵᠠᠰᠠᠭ ᠤᠨ ᠵᠠᠷᠯᠢᠭ᠂ ᠲᠦᠷᠦ ᠶᠢᠨ ᠪᠤᠳᠤᠯᠭ᠎ᠠ ᠶᠢ ᠨᠠᠩ ᠰᠠᠶᠢᠲᠤᠷ ᠤᠯᠠᠮᠵᠢᠯᠠᠵᠤ | ᠪᠤᠢ᠃ | ︽ᠣᠨ ᠤ ᠦᠢᠯᠡᠪᠦᠷᠢ ᠶᠢᠨ ᠬᠠᠮᠢᠶᠠᠷᠤᠯᠲᠠ ᠶᠢᠨ ᠳᠠᠪᠴᠠᠩ︾ ᠪᠤᠯ ᠤᠷᠳᠤᠰ ᠤᠨ ᠠᠷᠪᠠᠨ ᠵᠢᠯ ᠤᠨ ᠲᠤᠷᠰᠢᠬᠢ ᠠᠵᠤ ᠠᠬᠤᠶ ᠨᠡᠶᠢᠭᠡᠮ ᠤᠨ | ᠬᠥᠭᠵᠢᠯᠲᠡ ᠳᠤ ᠣᠯᠤᠭᠰᠠᠨ ᠭᠡᠷᠡᠯ ᠰᠠᠴᠤᠷᠠᠩᠭᠤᠶ ᠠᠮᠵᠢᠯᠲᠠ ᠶᠢ ᠤᠯᠠᠨ ᠲᠠᠯ᠎ᠠ ᠠᠴᠠ ᠳᠡᠯᠭᠡᠨ ᠦᠵᠡᠭᠦᠯᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ | ᠰᠢᠨ᠎ᠡ ᠴᠠᠭ ᠦᠶ᠎ᠡ ᠶᠢᠨ ᠠᠤᠭ᠎ᠠ ᠶᠡᠭᠡ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠬᠤ ᠳᠤ ᠴᠢᠬᠤᠯᠠ ᠦᠢᠯᠡᠳᠤᠯ ᠦᠵᠡᠬᠦᠯᠵᠤ ᠪᠠᠶᠢᠨ᠎ᠠ᠃ | ︽ᠮᠥᠩᠬᠡ ᠰᠤᠪᠠᠭ ᠠᠷᠠᠳ ᠲᠤ ᠳᠥᠭᠦᠮ ᠦᠵᠡᠭᠦᠯᠬᠦ ᠬᠡᠷᠡᠭᠯᠡᠭᠡᠨ ᠤ ᠳᠠᠪᠴᠠᠩ︾ ᠨᠢ ᠣᠯᠠᠨ ᠲᠦᠮᠡᠨ ᠤ ᠰᠦᠯᠵᠢᠶᠡᠨ ᠳᠡᠭᠡᠷ᠎ᠡ ᠠᠵᠢᠯ ᠬᠡᠷᠡᠭ | ᠭᠦᠢᠴᠡᠳᠭᠡᠬᠦ ᠳᠤ ᠨᠡᠩ ᠢᠯᠡᠬᠦᠤ ᠲᠥᠬᠦᠮ ᠥᠵᠡᠬᠦᠯᠵᠤ᠂ ᠬᠡᠷᠡᠭᠯᠡᠭᠴᠢᠳ ᠲᠤ ᠪᠦᠬᠦ ᠴᠠᠷᠠᠭ᠎ᠠ ᠶᠢᠨ ᠦᠢᠯᠡᠴᠢᠯᠡᠭᠡ ᠬᠠᠨᠭ᠍ᠭᠠᠵᠤ ᠪᠠᠶᠢᠨ᠎ᠠ᠃ | |