ᠬᠤᠳᠠ ᠶᠢᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠠ ᠲᠦᠷᠪᠡᠨ ᠬᠢᠯᠠᠰ ᠴᠡᠭ ᠢ ᠡᠬᠦᠳᠪᠠ
ᠨᠡᠶᠢᠲᠡᠯᠡᠭᠰᠡᠨ ᠴᠠᠭ᠄
2022/11/16
      ᠡᠨᠡ ᠵᠢᠯ ᠠᠴᠠ ᠨᠠᠭᠠᠰᠢ ᠮᠠᠨ ᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ  ᠰᠦᠯᠵᠢᠶ᠎ᠡ ᠳᠤ ᠪᠦᠬᠦ ᠲᠠᠯ᠎ᠠ ᠪᠠᠷ ᠰᠢᠨᠡᠴᠢᠯᠡᠯᠲᠡ ᠬᠢᠵᠤ ︽ᠰᠦᠯᠵᠢᠶᠡᠨ ᠳᠡᠭᠡᠷᠡᠬᠢ ᠨᠣᠮ ᠤᠨ ᠣᠪᠣᠭ᠎ᠠ︾ ︽ᠣᠯᠠᠨ ᠬᠡᠯᠡᠨ ᠤ ᠠᠯᠪᠠᠨ  ᠮᠡᠳᠡᠭᠡ ᠶᠢᠨ ᠳᠠᠪᠴᠠᠩ︾ ︽ᠣᠨ ᠤ ᠦᠢᠯᠡᠪᠦᠷᠢ ᠶᠢᠨ ᠬᠠᠮᠢᠶᠠᠷᠤᠯᠲᠠ ᠶᠢᠨ ᠳᠠᠪᠴᠠᠩ︾ ︽ᠮᠦᠩᠬᠡ ᠰᠤᠪᠠᠭ ᠠᠷᠠᠳ ᠲᠤ ᠲᠥᠬᠦᠮ  ᠦᠵᠡᠭᠦᠯᠬᠦ ᠬᠡᠷᠡᠭᠯᠡᠭᠡᠨ ᠤ ᠳᠠᠪᠴᠠᠩ︾ ᠵᠡᠷᠭᠡ ᠪᠠᠷ ᠭᠤᠤᠯ ᠪᠤᠯᠭᠠᠭᠰᠠᠨ ᠳᠥᠷᠪᠡᠨ ᠬᠢᠯᠠᠰ ᠴᠡᠭ ᠢ ᠪᠤᠢ ᠪᠣᠯᠭᠠᠵᠤ᠂ ᠪᠥᠬᠦ ᠣᠷᠣᠨ ᠤ  ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶᠡᠨ ᠤ ᠴᠤᠭᠯᠠᠷᠠᠯ ᠤᠨ ᠳᠤᠮᠳᠠᠬᠢ ᠨᠢᠬᠡᠨ  ᠬᠡᠷᠡᠯᠲᠦ ᠤᠳᠤ ᠪᠤᠯᠤᠭᠰᠠᠨ ᠪᠠᠶᠢᠨ᠎ᠠ᠃          ︽ᠰᠦᠯᠵᠢᠶᠡᠨ ᠳᠡᠭᠡᠷᠡᠬᠢ ᠨᠣᠮ ᠤᠨ ᠣᠪᠣᠭ᠎ᠠ︾ ᠪᠣᠯ ᠦᠣᠰᠢᠨ ᠬᠤᠰᠢᠭᠤᠨ ᠤ ᠤᠯᠠᠭᠠᠨᠲᠤᠯᠤᠭᠠᠢ ᠪᠠᠯᠭᠠᠰᠤ ᠶᠢ ᠪᠠᠶᠠᠨᠰᠢᠯᠢ  ᠭᠠᠴᠠᠭᠠᠨ ᠤ ᠪᠢᠯᠢᠭ ᠤᠨ ᠰᠠᠩ ᠮᠣᠩᠭᠤᠯ ᠨᠣᠮ ᠬᠡᠪᠯᠡᠯ ᠤᠨ ᠮᠦᠽᠧᠢ᠂ ᠨᠤᠮ ᠤᠨ ᠤᠪᠤᠭ᠎ᠠ ᠶᠢ 3D ᠮᠡᠷᠭᠡᠵᠢᠯ ᠢᠶᠠᠷ ᠳᠡᠯᠬᠡᠨ  ᠦᠵᠡᠬᠦᠯᠦ᠋ᠭᠰᠡᠨ ᠲᠠᠪᠴᠠᠩ ᠮᠦᠨ᠃ ᠲᠤᠰ ᠲᠠᠪᠴᠠᠩ ᠨᠢ ︽ᠨᠤᠮ ᠤᠨ ᠤᠪᠤᠭ᠎ᠠ᠂ ᠨᠣᠮ ᠤᠨ ᠤᠷᠳᠤᠨ᠂ ᠨᠤᠮ ᠬᠡᠪᠯᠡᠯ ᠤᠨ ᠮᠦᠽᠧᠶ᠂  ᠤᠳᠤᠳ ᠤᠨ ᠬᠢᠯᠪᠠᠭ᠎ᠠ᠂ ᠵᠣᠬᠢᠶᠠᠭᠴᠢ ᠶᠢᠨ ᠦᠷᠦᠭᠡ︾ ᠵᠡᠷᠭᠡ ᠲᠠᠪᠤᠨ ᠬᠡᠰᠡᠭ ᠢᠶᠠᠷ ᠪᠥᠷᠢᠯᠳᠥᠵᠤ᠂ ᠮᠣᠩᠭᠤᠯ ᠲᠤᠯᠭᠤᠷ ᠪᠢᠴᠢᠭ ᠤᠨ  ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠠᠰᠢᠭᠯᠠᠬᠤ ᠶᠢ ᠪᠡᠶᠡᠯᠡᠭᠦᠯᠵᠦ᠂ ᠮᠣᠩᠭᠤᠯ ᠦᠨᠳᠦᠰᠦᠲᠡᠨ ᠤ ᠤᠯᠠᠮᠵᠢᠯᠠᠯᠲᠤ  ᠰᠣᠶᠣᠯ ᠢ ᠵᠠᠯᠭᠠᠮᠵᠢᠯᠠᠬᠤ ᠠᠷᠭ᠎ᠠ ᠮᠠᠶ᠋ᠢ ᠤᠨ ᠰᠢᠨ᠎ᠡ ᠶᠢ ᠡᠬᠦᠳᠦᠨ᠂ ᠪᠦᠬᠦ ᠤᠷᠤᠨ ᠤ ︽ᠣᠷᠣᠨ ᠨᠤᠲᠤᠭ ᠤᠨ ᠰᠣᠶᠣᠯ ᠤᠨ ᠢᠯᠡ ᠲᠣᠳᠣ  ᠦᠪᠡᠷᠮᠢᠴᠡ ᠣᠨᠴᠠᠯᠢᠭ ᠲᠠᠢ ᠲᠠᠪᠴᠠᠩ︾ ᠪᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠤᠳᠬ᠎ᠠ ᠵᠣᠬᠢᠶᠠᠯ ᠤᠨ ᠪᠠᠭ᠋ᠠᠷᠬᠠᠭᠴᠢᠳ ᠪᠠ  ᠤᠩᠰᠢᠭᠴᠢᠳ ᠤᠨ ᠠᠩᠬᠠᠷᠤᠯ ᠢ ᠶᠡᠬᠡᠳᠡ ᠳᠠᠳᠠᠵᠤ ᠪᠤᠢ᠃           ︽ᠤᠯᠠᠨ ᠬᠡᠯᠡᠨ ᠤ ᠠᠯᠪᠠᠨ ᠮᠡᠳᠡᠭᠡ ᠶᠢᠨ ᠳᠠᠪᠴᠠᠩ︾ ᠪᠤᠯ ᠴᠠᠭᠠᠰᠤᠨ ᠬᠡᠪᠯᠡᠯ ᠪᠣᠯᠤᠨ ᠡᠯᠧᠺᠲᠷᠤᠨ ᠬᠡᠪᠯᠡᠯ ᠢ ᠣᠷᠭᠠᠨᠢᠭ ᠢᠶᠠᠷ  ᠵᠣᠯᠭᠠᠭᠤᠯᠵᠤ᠂ ᠮᠤᠩᠭᠤᠯ ᠬᠢᠲᠠᠳ ᠬᠤᠤᠰ ᠬᠡᠯᠡ ᠶᠢ ᠬᠠᠪᠰᠤᠷᠭᠠᠭᠰᠠᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠴᠢᠬᠤᠯᠠ ᠳ᠋ᠠᠶᠢᠲ᠋ᠠ  ᠬᠥᠮᠥᠷᠭᠡ ᠮᠦᠨ᠃ ᠡᠨᠡ ᠨᠢ ᠤᠯᠠᠨ ᠡᠰᠢᠵᠢᠭᠰᠡᠨ᠂ ᠲᠥᠷᠥᠯ ᠬᠤᠪᠢᠶᠠᠭᠰᠠᠨ᠂ ᠳᠥᠭᠦᠮ ᠳᠥᠲᠡ ᠪᠠᠶᠢᠴᠠᠭᠠᠨ ᠯᠠᠪᠯᠠᠬᠤ ᠮᠡᠷᠭᠡᠵᠢᠯ ᠢᠶᠠᠷ  ᠠᠯᠪᠠᠨ ᠮᠡᠳᠡᠭᠡ ᠶᠢ ᠲᠤᠭᠠᠵᠢᠭᠤᠯᠬᠤ ᠪᠠ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ᠂ ᠬᠠᠷᠢᠯᠴᠠᠨ ᠨᠡᠪᠳᠡᠷᠡᠯᠴᠡᠬᠦᠯᠬᠦ ᠶᠢ ᠪᠡᠶᠡᠯᠡᠬᠦᠯᠵᠤ᠂  ᠵᠠᠰᠠᠭ ᠤᠨ ᠵᠠᠷᠯᠢᠭ᠂ ᠲᠦᠷᠦ ᠶᠢᠨ ᠪᠤᠳᠤᠯᠭ᠎ᠠ ᠶᠢ ᠨᠠᠩ ᠰᠠᠶᠢᠲᠤᠷ ᠤᠯᠠᠮᠵᠢᠯᠠᠵᠤ ᠪᠤᠢ᠃           ︽ᠣᠨ ᠤ ᠦᠢᠯᠡᠪᠦᠷᠢ ᠶᠢᠨ ᠬᠠᠮᠢᠶᠠᠷᠤᠯᠲᠠ ᠶᠢᠨ ᠳᠠᠪᠴᠠᠩ︾ ᠪᠤᠯ ᠤᠷᠳᠤᠰ ᠤᠨ ᠠᠷᠪᠠᠨ ᠵᠢᠯ ᠤᠨ ᠲᠤᠷᠰᠢᠬᠢ ᠠᠵᠤ ᠠᠬᠤᠶ  ᠨᠡᠶᠢᠭᠡᠮ ᠤᠨ ᠬᠥᠭᠵᠢᠯᠲᠡ ᠳᠤ ᠣᠯᠤᠭᠰᠠᠨ ᠭᠡᠷᠡᠯ ᠰᠠᠴᠤᠷᠠᠩᠭᠤᠶ ᠠᠮᠵᠢᠯᠲᠠ ᠶᠢ ᠤᠯᠠᠨ ᠲᠠᠯ᠎ᠠ ᠠᠴᠠ ᠳᠡᠯᠭᠡᠨ ᠦᠵᠡᠭᠦᠯᠵᠦ᠂ ᠰᠢᠨ᠎ᠡ  ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠠᠤᠭ᠎ᠠ ᠶᠡᠭᠡ ᠬᠦᠴᠦᠨ ᠴᠢᠳᠠᠯ ᠢ ᠤᠯᠠᠮ ᠨᠢᠭᠡ ᠠᠯᠬᠤᠮ  ᠨᠢᠭᠲᠠᠷᠠᠭᠤᠯᠬᠤ ᠳᠤ ᠴᠢᠬᠤᠯᠠ ᠦᠢᠯᠡᠳᠤᠯ ᠦᠵᠡᠬᠦᠯᠵᠤ ᠪᠠᠶᠢᠨ᠎ᠠ᠃           ︽ᠮᠥᠩᠬᠡ ᠰᠤᠪᠠᠭ ᠠᠷᠠᠳ ᠲᠤ ᠳᠥᠭᠦᠮ ᠦᠵᠡᠭᠦᠯᠬᠦ ᠬᠡᠷᠡᠭᠯᠡᠭᠡᠨ ᠤ ᠳᠠᠪᠴᠠᠩ︾ ᠨᠢ ᠣᠯᠠᠨ ᠲᠦᠮᠡᠨ ᠤ ᠰᠦᠯᠵᠢᠶᠡᠨ ᠳᠡᠭᠡᠷ᠎ᠡ  ᠠᠵᠢᠯ ᠬᠡᠷᠡᠭ ᠭᠦᠢᠴᠡᠳᠭᠡᠬᠦ ᠳᠤ ᠨᠡᠩ ᠢᠯᠡᠬᠦᠤ ᠲᠥᠬᠦᠮ ᠥᠵᠡᠬᠦᠯᠵᠤ᠂ ᠬᠡᠷᠡᠭᠯᠡᠭᠴᠢᠳ ᠲᠤ ᠪᠦᠬᠦ ᠴᠠᠷᠠᠭ᠎ᠠ ᠶᠢᠨ ᠦᠢᠯᠡᠴᠢᠯᠡᠭᠡ ᠬᠠᠨᠭ᠍ᠭᠠᠵᠤ  ᠪᠠᠶᠢᠨ᠎ᠠ᠃  
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ