ᠤᠶᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠲᠠ ᠶᠢᠨ ᠰᠢᠨ᠎ᠡ ᠲᠢᠲᠢᠮᠯᠢᠭᠠ ᠭᠤᠰᠭᠢᠨ ᠦᠷᠪᠢᠰᠦᠯ ᠤᠨ ᠬᠢᠵᠢᠭ ᠤᠨ | ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠪᠥᠬᠦ ᠤᠯᠤᠰ ᠤᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ | ᠪᠠᠶᠢᠳᠠᠯ ᠤᠨ ᠬᠠᠷᠢᠭᠤ ᠮᠡᠳᠡᠭᠦᠯᠦ᠋ᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂ ᠰᠢᠩ ᠵᠧᠩ᠂ ᠰᠤ᠋ ᠵᠥᠩ ᠱᠧᠩ᠂ ᠰᠤ᠋ ᠼᠦᠢ ᠹᠠᠩ᠂ ᠵᠧᠨ ᠬᠤᠸᠠ᠂ ᠵᠠᠩ ᠸᠧᠶ᠂ ᠭᠤ᠋ ᠸᠧᠨ | ᠾᠧ᠂ ᠺᠦᠩ ᠹᠠᠨ ᠹᠸᠢ᠂ ᠮᠢᠶᠣᠣ ᠴᠧᠩ ᠢᠦᠶ᠂ ᠯᠢᠦ ᠹᠧᠩ ᠶᠦᠨ ᠬᠤᠷᠠᠯ ᠳᠤ ᠣᠷᠣᠯᠴᠠᠵᠠᠶ᠃ | ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ ᠬᠤᠷᠠᠯ ᠠᠴᠠ ᠣᠳᠣᠬᠠᠨ ᠳᠤ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠶᠡᠷᠦᠩᠬᠡᠢ ᠳᠡᠭᠡᠨ ᠲᠣᠭᠲᠠᠭᠤᠨ ᠪᠥᠭᠡᠳ ᠡᠵᠡᠮᠳᠡᠵᠦ ᠪᠣᠯᠬᠤ ᠪᠣᠯᠪᠠᠴᠤ ᠭᠠᠳᠠᠨ᠎ᠠ ᠠᠴᠠ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠠᠷᠤᠯᠲᠠ | ᠮᠥᠨ ᠴᠤ ᠮᠠᠰᠢ ᠶᠡᠭᠡ ᠪᠠᠶᠢᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠤᠩᠬᠡᠢ ᠱᠥᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠲᠠᠢ ᠦᠨᠡᠨ ᠬᠦ ᠨᠢᠭᠡᠳᠭᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠡᠷᠡᠰ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦ᠋ᠨ ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ︽ | ᠭᠤᠷᠪᠠᠨ ᠭᠤᠶᠢᠪᠢᠰᠢ ᠦᠭᠡᠢ ᠪᠠᠶᠢᠬᠤ︾ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠨᠡᠩ ᠰᠢᠨᠵᠢᠯᠡᠬᠦ | ᠤᠬᠠᠭᠠᠨᠴᠢ᠂ ᠨᠡᠩ ᠣᠨᠣᠪᠴᠢᠲᠠᠢ ᠂ ᠬᠦᠴᠦᠨ ᠲᠠᠢ ᠪᠥᠭᠡᠳ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠬᠡᠵᠥ ᠵᠢᠭᠠᠵᠥ ᠭᠠᠷᠭᠠᠪᠠ᠃ | ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠯᠴᠠᠭ᠎ᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠦᠶ᠋ᠯ ᠤᠨ ᠠᠷᠭ᠎ᠠ | ᠬᠡᠮᠵᠢᠶ᠎ᠡ ᠲᠠᠢ ᠬᠢᠨᠠᠮᠠᠭᠠᠶ ᠬᠠᠷᠭᠤᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ | ᠪᠣᠳᠠᠲᠠᠶᠢᠵᠢᠭᠤᠯᠵᠤ᠂ ᠬᠠᠮᠢᠶᠠᠷᠬᠤ ᠶᠣᠰᠣᠲᠠᠶ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠶ ᠶᠢ ᠨᠢ ᠡᠮᠬᠢ ᠵᠢᠷᠤᠮ ᠲᠠᠢ ᠪᠠᠷ ᠴᠢᠯᠤᠬᠡᠳᠡᠢ ᠲᠠᠯᠪᠢᠵᠤ᠂ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠬᠢᠵᠢᠭ ᠤᠨ | ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥ᠋ᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠬᠡᠵᠥ | ᠴᠢᠬᠤᠯᠠᠴᠢᠯᠠᠵᠠᠢ᠃ | ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠨᠠᠭᠰᠢᠳᠠ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠡᠮᠡᠴᠡᠯ ᠤᠨ | ᠴᠢᠳᠠᠪᠤᠷᠢ ᠪᠠᠨ ᠲᠡᠬᠡᠭᠰᠢᠯᠡᠬᠦᠯᠦ᠋ᠨ᠂ ᠪᠠᠴᠢᠮ ᠪᠠᠶᠢᠳᠠᠯ ᠢ ᠠᠷᠭᠠᠴᠠᠭᠠᠵᠤ ᠵᠢᠯᠣᠭᠤᠳᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ᠂ ᠡᠮᠴᠢᠯᠡᠭᠡᠨ ᠤ | ᠠᠪᠤᠷᠠᠨ ᠵᠠᠰᠠᠯᠲᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠠ ᠡᠭᠢ ᠡᠭᠦᠰᠤᠯ ᠢ ᠨᠢ ᠡᠷᠢᠭᠦ᠂ ᠨᠡᠶᠢᠭᠡᠮ ᠠᠴᠠ ᠬᠠᠮᠢᠶᠠᠷᠤᠨ ᠡᠵᠡᠮᠳᠡᠬᠦ᠂ | ᠰᠢᠯᠵᠢᠬᠦᠯᠤᠨ ᠵᠦᠭᠡᠭᠡᠪᠦᠷᠢᠯᠡᠵᠤ ᠲᠤᠰᠠᠭᠠᠷᠯᠠᠬᠤ᠂ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠡᠳ᠋ ᠪᠣᠳᠠᠰ ᠢ ᠪᠠᠲᠤᠯᠠᠬᠤ᠂ ᠤᠬᠠᠭᠤᠯᠤᠨ ᠵᠢᠯᠣᠭᠤᠳᠬᠤ | ᠪᠠ ᠵᠠᠮ ᠬᠠᠷᠢᠯᠴᠠᠭ᠎ᠠ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ | ᠪᠠᠬᠢᠵᠢᠭᠦᠯᠬᠦ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢᠨ ᠦᠢᠯᠡᠳᠦᠯ ᠪᠠ ᠥᠷᠭᠡᠨ ᠤᠯᠠᠨ ᠨᠠᠮ ᠤᠨ ᠭᠡᠰᠢᠭᠦᠨ ᠤ ᠬᠤᠰᠢᠭᠤᠴᠢ ᠲᠠᠭᠤᠷᠢᠶᠠᠯ ᠥᠵᠡᠬᠦᠯᠬᠦ | ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠡᠷᠡᠰ ᠤᠯᠬᠤ ᠬᠡᠷᠡᠭᠲᠡᠢ ᠬᠡᠵᠥ ᠴᠢᠬᠤᠯᠠᠴᠢᠯᠠᠵᠠᠢ᠃ | | | |