ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2022 ᠣᠨ ᠤ 14 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠠᠪᠤᠭᠳᠠᠵᠡᠢ                              ᠯᠢ ᠯᠢ ᠬᠤᠷᠡᠯ ᠢ ᠡᠷᠭᠢᠯᠡᠵᠤ ᠳ᠋ᠦ᠋ ᠬᠤᠢ ᠯᠢᠶᠠᠩ ᠵᠠᠩ ᠵᠠᠨ ᠯᠢᠨ ᠬᠤᠷᠡᠯ ᠳᠤ ᠤᠷᠤᠯᠴᠡᠪᠡ
ᠨᠡᠶᠢᠲᠡᠯᠡᠭᠰᠡᠨ ᠴᠠᠭ᠄
2022/11/17
      ᠤᠶᠢᠷ᠎ᠠ ᠶᠢᠨ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠨᠣᠮ ᠤᠩᠰᠢᠬᠤ ᠠᠩᠬᠢ  ᠵᠢᠴᠢ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2022 ᠣᠨ ᠤ 14 ᠳ᠋ᠤᠭᠡᠷ  ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠢ ᠡᠷᠭᠢᠯᠡᠭᠰᠡᠨ ᠤ  ᠬᠠᠮᠳᠤ ᠶᠠᠷᠢᠶ᠎ᠠ ᠲᠠᠯᠪᠢᠵᠠᠶ᠃           ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ᠂ ᠬᠤᠲᠠ ᠶᠢᠨ ᠠᠷᠠᠳ ᠤᠨ  ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠬᠤᠲᠠ ᠶᠢᠨ ᠨᠠᠮ ᠤᠨ ᠬᠤᠷᠢᠶ᠎ᠠ᠂  ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂  ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠷ ᠲᠡᠭᠡᠨ ᠪᠠᠶᠢᠭ᠎ᠠ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠬᠤᠳᠠ ᠶᠢᠨ ᠰᠢᠭᠦᠭᠦ  ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠲᠠᠷᠤᠭ᠎ᠠ ᠤᠷᠤᠯᠴᠡᠵᠤ᠂ ᠬᠤᠳᠠ ᠶᠢᠨ ᠪᠤᠰᠤᠳ ᠤᠳᠤᠷᠢᠳᠤᠯᠭ᠎ᠠ ᠪᠢᠴᠢᠭ ᠤᠨ ᠭᠡᠯᠪᠡᠷᠢ ᠪᠠᠷ  ᠰᠠᠨᠠᠯ ᠢᠶᠠᠨ ᠰᠤᠯᠢᠯᠴᠡᠪᠡ᠃          ᠨᠣᠮ ᠤᠩᠰᠢᠬᠤ ᠠᠩᠭᠢ ᠨᠢ ᠬᠤᠪᠢ ᠬᠥᠮᠦᠨ ᠥᠪᠡᠰᠦᠪᠡᠨ ᠰᠤᠷᠤᠯᠴᠠᠬᠤ᠂ ᠲᠣᠭᠤᠷᠢᠨ ᠦᠵᠡᠵᠦ ᠰᠤᠷᠤᠯᠴᠠᠬᠤ ᠪᠠ ᠰᠤᠳᠤᠯᠤᠨ  ᠶᠠᠷᠢᠯᠴᠠᠵᠤ ᠰᠠᠨᠠᠯ ᠢᠶᠠᠨ ᠰᠣᠯᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠪᠡ᠃ ᠤᠯᠠᠨ ᠢᠶᠠᠷ ᠢᠶᠠᠨ ᠭᠤᠷᠪᠠᠨ ᠡᠳᠦᠷ ᠤᠨ ᠴᠠᠭ ᠢ  ᠠᠰᠢᠭᠯᠠᠵᠤ᠂ ᠭᠥᠨᠵᠡᠭᠡᠢ ᠰᠡᠳᠬᠢᠵᠤ᠂ ᠰᠢᠮᠳᠠᠨ ᠰᠤᠳᠤᠯᠵᠤ᠂ ᠰᠤᠷᠤᠯᠴᠠᠭᠰᠠᠨ ᠲᠦᠷᠦᠭᠳᠡᠯ ᠢᠶᠠᠨ ᠬᠢᠨᠠᠮᠠᠭᠠᠢ ᠪᠢᠴᠢᠭᠰᠡᠨ ᠤ ᠬᠠᠮᠲᠤ  ᠲᠤᠭᠤᠷᠢᠮ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠳᠤ ᠬᠦᠷᠴᠦ ᠬᠤᠪᠢᠰᠬᠠᠯᠳᠤ ᠬᠥᠮᠦᠵᠢᠯ ᠬᠦ᠋ᠷᠳᠡᠵᠡᠢ᠃  ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠱᠠᠳᠤᠨ ᠤ ᠤᠳᠤᠷᠢᠳᠬᠤ ᠨᠥᠬᠦᠳ ᠡᠯ᠎ᠡ  ᠬᠤᠰᠢᠭᠤ ᠲᠤᠭᠤᠷᠢᠭ ᠤᠨ ᠨᠠᠮ ᠤᠨ ᠬᠤᠷᠢᠶᠡᠨ ᠤ ᠱᠦᠵᠢ ᠲᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃           ᠯᠢ ᠯᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠵᠣᠷᠢᠭ ᠰᠠᠨᠠᠭᠠᠨ ᠤ ᠮᠥᠨ ᠴᠢᠨᠠᠷ ᠢ  ᠭᠦᠢᠴᠡᠳ ᠲᠠᠨᠢᠵᠤ᠂ ︽ᠬᠤᠶᠠᠷ ᠢ ᠲᠤᠬᠳᠠᠭᠠᠬᠰᠡᠨ︾ ᠎ ᠤ ᠰᠢᠢᠳᠪᠤᠷᠢᠯᠡᠭᠴᠢ ᠴᠢᠨᠡᠷᠳᠡᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠨ᠂  ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠢᠯᠡᠴᠢᠯᠡᠬᠦ ᠰᠢᠨ᠎ᠡ ᠠᠬᠤᠶ ᠪᠠᠶᠢᠳᠠᠯ ᠢ ᠭᠦᠨᠵᠡᠭᠡᠶ ᠣᠶᠢᠯᠠᠭᠠᠵᠤ᠂ ᠳᠤᠮᠳᠠᠳᠤ  ᠤᠯᠤᠰ ᠤᠨ ᠮᠠᠶᠠᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ  ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠣᠶᠢᠯᠠᠭᠠᠨ᠂ ᠠᠭᠤᠤ ᠶᠡᠭᠡ ᠥᠪᠡᠷ ᠪᠠᠶ᠎ᠠ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ  ᠬᠤᠪᠢᠰᠬᠠᠯ ᠢ ᠬᠦᠳᠤᠯᠤᠨ ᠳᠠᠭᠠᠭᠤᠯᠬᠤ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠪᠦᠯᠬᠦᠮᠳᠡᠨ ᠲᠡᠮᠡᠴᠡᠬᠦ ᠴᠠᠭ ᠦᠶ᠎ᠡ ᠶᠢᠨ  ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ ︽ᠲᠦᠷᠪᠡᠨ ᠤᠬᠠᠮᠰᠠᠷ︾ ᠢ ᠨᠡᠩ ᠤᠬᠠᠮᠰᠠᠷ ᠠᠴᠠ ᠪᠠᠨ ᠴᠢᠩᠭᠠᠳᠬᠠᠵᠤ᠂ ︽ᠲᠦᠷᠪᠡᠨ  ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠢᠨ᠎ᠡ ᠠᠶᠠᠨ ᠳᠤ ᠨᠡᠩ ᠶᠡᠭᠡ ᠰᠢᠨ᠎ᠡ ᠢᠷᠠᠭᠤ ᠠᠯᠳᠠᠷ ᠢ  ᠲᠡᠮᠡᠴᠡᠨ ᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃           ᠯᠢ ᠯᠢ᠂ ᠰᠤᠷᠤᠯᠴᠠᠨ ᠮᠡᠳᠡᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ︽ᠲᠠᠪᠤ ᠶᠢ ᠪᠠᠲᠤ  ᠡᠵᠡᠮᠳᠡᠬᠦ︾᠂ ︽ᠭᠤᠷᠪᠠᠨ ᠪᠥᠬᠦ ᠲᠠᠯ᠎ᠠ︾᠂ ︽ᠶᠢᠰᠤ ᠭᠦᠨᠵᠡᠭᠡᠶ ᠣᠶᠢᠯᠠᠭᠠᠬᠤ︾᠂ ︽ᠲᠤᠯᠤᠭ᠎ᠠ ᠳᠤ ᠠᠩᠬᠠᠷᠤᠯ ᠢᠶᠠᠨ ᠲᠥᠪᠯᠡᠷᠡᠭᠦᠯᠬᠦ︾  ᠵᠡᠷᠭᠡ ᠴᠢᠬᠤᠯᠠ ᠱᠠᠭᠠᠷᠳᠠᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠭᠦᠨᠵᠡᠭᠡᠶ ᠰᠤᠷᠤᠯᠴᠠᠵᠤ᠂ ᠰᠢᠨ᠎ᠡ ᠶᠢ ᠰᠦᠪᠡᠭᠴᠢᠯᠡᠨ᠂ ᠪᠣᠳᠠᠲᠠᠶ ᠪᠠᠷ  ᠠᠵᠢᠯᠯᠠᠵᠤ᠂ ᠥᠨᠳᠥᠷ ᠲᠤ ᠵᠣᠭᠰᠣᠨ ᠪᠠᠶᠢᠷᠢᠰᠢᠭᠤᠯᠵᠤ᠂ ᠥᠨᠳᠥᠷ ᠪᠠᠷᠢᠮᠵᠢᠶ᠎ᠠ ᠪᠠᠷ ᠠᠵᠢᠯ ᠢᠶᠠᠨ ᠠᠬᠢᠭᠤᠯᠤᠨ᠂ ᠥᠪᠡᠷᠲᠡᠭᠡᠨ ᠵᠠᠰᠠᠬᠤ  ᠣᠷᠣᠨ ᠤ ︽ᠲᠠᠪᠤᠨ ᠶᠡᠭᠡ ᠡᠭᠦᠷᠭᠡ︾ ᠪᠠ ᠮᠠᠨ ᠤ ᠬᠤᠲᠠ ᠶᠢᠨ ︽ᠭᠤᠷᠪᠠᠨ ᠳᠥᠷᠪᠠ︾᠎ ᠶᠢᠨ ᠬᠠᠷᠠᠯᠲᠠᠲᠤ ᠡᠭᠦᠷᠭᠡ ᠶᠢ ᠭᠦᠨᠵᠡᠭᠡᠶ  ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠷᠳᠣᠰ ᠲᠤ ᠦᠨᠳᠤᠰᠤᠯᠡᠬᠦᠯᠤᠨ᠂ ᠦᠷ᠎ᠠ ᠵᠢᠮᠢᠰ  ᠰᠠᠭᠤᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃          ᠯᠢ ᠯᠢ᠂ ᠤᠷᠳᠤᠰ ᠤᠨ ᠲᠦᠷᠢ ᠲᠥᠷᠬᠦ ᠶᠢ ᠪᠦᠬᠦ ᠲᠠᠯ᠎ᠠ ᠪᠠᠷ ᠲᠠᠬᠢᠨ ᠱᠤᠭᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ  ᠰᠠᠨᠠᠭ᠎ᠠ ᠪᠠᠷ ᠰᠢᠨ᠎ᠡ ᠴᠠᠭ ᠦᠶ᠎ᠡ ᠳᠤ ᠵᠢᠳᠭᠦᠯ ᠴᠢᠷᠮᠠᠶᠢᠯᠭ᠎ᠠ ᠭᠠᠷᠭᠠᠬᠤ ᠶᠢ ᠬᠦᠳᠦᠯᠥ᠋ᠨ ᠳᠠᠭᠠᠭᠤᠯᠬᠤ ᠬᠡᠷᠡᠭᠲᠡᠢ᠃ ᠠᠵᠤ ᠦᠶ᠋ᠯᠡᠰ ᠤᠨ  ᠳᠦᠷᠢ ᠲᠥᠷᠬᠦ ᠶᠢ ᠪᠥᠬᠦ ᠲᠠᠯ᠎ᠠ ᠪᠠᠷ ᠳᠠᠬᠢᠨ ᠱᠤᠭᠤᠵᠤ᠂ ᠠᠵᠤ ᠦᠶ᠋ᠯᠡᠰ ᠤᠨ ᠪᠦᠲᠦᠴᠡ ᠶᠢ ︽ᠨᠡᠭᠦᠷᠡᠰᠦ ᠪᠠᠷ ᠭᠤᠤᠯᠯᠠᠭᠤᠯᠵᠤ︾  ᠪᠠᠶᠢᠭᠰᠠᠨ ᠠᠴᠠ ᠣᠯᠠᠨ ᠠᠵᠤ ᠦᠢᠯᠡᠰ ᠢ ᠵᠡᠷᠭᠡ ᠪᠠᠷ ᠬᠥᠭᠵᠢᠭᠦᠯᠬᠦ ᠳᠠᠶᠢᠰᠢ ᠬᠤᠪᠢᠷᠠᠭᠤᠯᠬᠤ ᠶᠢ ᠠᠬᠢᠭᠤᠯᠤᠨ᠂ ᠨᠡᠮᠡᠭᠳᠡᠯ ᠤᠨ ᠬᠥᠳᠡᠯᠭᠡᠬᠦ  ᠬᠦᠴᠦᠨ ᠢ ᠡᠬᠢ ᠪᠠᠶᠠᠯᠢᠭ ᠢᠶᠠᠷ ᠬᠥᠳᠡᠯᠭᠡᠭᠦᠷ ᠪᠣᠯᠭᠠᠵᠤ ᠪᠠᠶᠢᠭᠰᠠᠨ ᠠᠴᠠ ᠡᠬᠢ ᠪᠠᠶᠠᠯᠢᠭ ᠪᠠ ᠰᠢᠨ᠎ᠡ ᠶᠢ ᠡᠭᠦᠳᠬᠦ ᠬᠤᠤᠰ ᠬᠥᠳᠡᠯᠭᠡᠭᠦᠷ  ᠪᠣᠯᠭᠠᠬᠤ ᠳᠠᠶᠢᠰᠢ ᠬᠤᠪᠢᠷᠠᠭᠤᠯᠵᠤ᠂ ᠬᠥᠭᠵᠢᠯᠲᠡ ᠶᠢᠨ ᠳᠠᠪᠠᠭᠤᠯᠢᠭ ᠢ ᠬᠡᠰᠡᠭ ᠲᠠᠯ᠎ᠠ ᠪᠠᠷ ᠲᠠᠭᠤᠷᠢᠶᠡᠯ ᠦᠵᠡᠭᠦᠯᠵᠦ ᠪᠠᠶᠢᠭᠰᠠᠨ ᠠᠴᠠ ᠪᠥᠬᠦ  ᠲᠠᠯ᠎ᠠ ᠪᠠᠷ ᠲᠦᠷᠦᠭᠦᠯᠡᠭᠦ ᠳᠠᠶᠢᠰᠢ ᠬᠤᠪᠢᠷᠠᠭᠤᠯᠤᠨ᠂ ᠠᠵᠤ ᠦᠢᠯᠡᠰ ᠤᠨ ᠴᠢᠳᠠᠪᠤᠷᠢ ᠶᠢᠨ ᠲᠠᠰ ᠢ ᠤᠯᠤᠰ ᠤᠨ ᠲᠠᠰ ᠠᠴᠠ ᠳᠡᠯᠡᠬᠡᠶ ᠶᠢᠨ ᠲᠠᠰ  ᠳᠠᠶᠢᠰᠢ ᠠᠬᠢᠭᠤᠯᠬᠤ ᠭᠡᠷᠡᠭᠳᠡᠢ᠃ ᠬᠤᠲᠠ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠳᠠᠬᠢᠨ ᠱᠤᠭᠤᠵᠤ᠂ ︽ᠬᠥᠮᠦᠨ᠂ ᠬᠤᠲᠠ᠂ ᠤᠷᠴᠢᠨ  ᠲᠤᠭᠤᠷᠢᠨ᠂ ᠠᠵᠢᠯ ᠦᠢᠯᠡᠰ︾ ᠤᠨ ᠳᠡᠭᠡᠳᠦ ᠬᠡᠮᠵᠢᠶᠡᠨ ᠤ ᠡᠶ᠎ᠡ ᠵᠣᠬᠢᠴᠠᠯ ᠲᠠᠢ ᠨᠢᠭᠡᠳᠦᠯᠲᠡᠶ ᠣᠳᠣᠬᠢᠴᠢᠯᠠᠭᠰᠠᠨ ᠬᠤᠲᠠ ᠶᠢ ᠪᠥᠲᠥᠭᠡᠨ  ᠪᠠᠶᠢᠭᠤᠯᠬᠤ ᠭᠡᠷᠡᠭᠳᠡᠢ᠃ ᠺᠠᠳ᠋ᠷ ᠤᠨ ᠲᠦᠷᠢ ᠲᠥᠷᠬᠦ ᠶᠢ ᠪᠦᠬᠦ ᠲᠠᠯ᠎ᠠ ᠪᠠᠷ ᠲᠠᠬᠢᠨ ᠱᠤᠭᠤᠵᠤ᠂ ᠬᠠᠤᠯᠢ ᠴᠠᠭᠠᠵᠠ ᠰᠠᠭᠢᠯᠭ᠎ᠠ ᠪᠠᠳᠤ ᠶᠢᠨ  ᠤᠬᠠᠮᠰᠠᠷ ᠢᠶᠠᠷ ᠬᠠᠮᠤᠭ ᠤᠨ ᠴᠢᠩᠭ᠎ᠠ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠲᠦᠷᠭᠡᠨ᠂ ᠦᠢᠯᠡᠴᠢᠯᠡᠭᠡᠨ ᠤ ᠬᠢᠷᠢ ᠲᠦᠪᠰᠢᠨ ᠢᠶᠠᠷ  ᠬᠠᠮᠤᠭ ᠤᠨ ᠰᠠᠢᠨ ᠺᠠᠳ᠋ᠷ ᠤᠨ ᠡ᠊ᠩᠨᠡᠭᠡ ᠶᠢ ᠳᠠᠪᠲᠠᠨ ᠪᠣᠯᠪᠠᠰᠤᠷᠠᠭᠤᠯᠬᠤ ᠭᠡᠷᠡᠭᠳᠡᠢ ᠭᠡᠵᠡᠢ᠃           ᠯᠢ ᠯᠢ᠂ ᠬᠠᠷᠢᠭᠤᠴᠠᠯᠭ᠎ᠠ ᠪᠠᠨ ᠭᠦᠢᠴᠡᠳᠭᠡᠭᠦ ᠤᠬᠠᠮᠰᠠᠷ᠂ ᠦᠷ᠎ᠡ ᠳ᠋ᠦᠩ ᠤᠨ ᠤᠬᠠᠮᠰᠠᠷ ᠢ ᠪᠠᠲᠤ ᠪᠤᠢ ᠪᠣᠯᠭᠠᠵᠤ᠂ ᠥᠨᠳᠥᠷ  ᠪᠠᠷᠢᠮᠵᠢᠶ᠎ᠠ ᠪᠠᠷ ᠪᠠᠶᠢᠷᠢ ᠲᠣᠭᠲᠠᠭᠠᠬᠤ ᠶᠢ ᠪᠠᠷᠢᠮᠲᠠᠯᠠᠨ᠂ ᠨᠢᠭᠡᠳᠦᠯᠲᠡᠢ ᠲᠦᠯᠤᠪᠵᠢᠬᠦᠯᠤᠨ ᠨᠡᠢᠳᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂  ᠤᠷᠢᠳᠴᠢᠯᠠᠨ ᠠᠳᠬᠤᠵᠤ ᠡᠷᠲᠡ ᠠᠴᠠ ᠠᠳᠬᠤᠬᠤ ᠶᠢ ᠴᠢᠬᠤᠯᠠᠴᠢᠯᠠᠨ᠂ ᠡᠨᠡ ᠵᠢᠯ ᠤᠨ ᠲᠣᠭᠲᠠᠭᠰᠠᠨ ᠬᠠᠷᠠᠯᠲᠠ ᠶᠢ ᠲᠡᠭᠦᠰ ᠠᠮᠵᠢᠯᠲᠠ ᠲᠠᠢ  ᠪᠡᠶᠡᠯᠡᠭᠦᠯᠬᠦ ᠪᠠᠷ ᠴᠢᠷᠮᠠᠶᠢᠵᠤ᠂ ᠢᠷᠡᠬᠦ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠤᠨ᠂ ᠨᠠᠮ ᠤᠨ ᠬᠤᠷᠢᠳᠤᠭᠠᠷ ᠶᠡᠭᠡ  ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠡᠬᠢᠯᠡᠭᠦᠯᠵᠦ᠂ ᠰᠠᠢᠨ ᠡᠬᠢᠯᠡᠯᠲᠡ ᠲᠠᠢ ᠪᠣᠯᠭᠠᠬᠤ ᠶᠢ  ᠪᠠᠲᠤᠯᠠᠬᠤ ᠬᠡᠷᠡᠭᠲᠡᠢ ᠭᠡᠵᠡᠢ᠃           ᠬᠠᠮᠲᠤ ᠶᠢᠨ ᠰᠤᠷᠤᠯᠴᠠᠯᠭ᠎ᠠ ᠶᠢ ᠸᠢᠳᠢᠣ᠋ ᠬᠤᠷᠡᠯ ᠤᠨ ᠬᠡᠯᠪᠡᠷᠢ ᠪᠠᠷ ᠶᠠᠪᠤᠭᠳᠠᠭᠤᠯᠵᠤ᠂ ᠡᠯ᠎ᠡ ᠬᠤᠰᠢᠭᠤ ᠲᠣᠭᠤᠷᠢᠭ ᠲᠤ ᠬᠤᠪᠢᠶᠠᠷᠢ  ᠬᠤᠷᠠᠯ ᠤᠨ ᠲᠠᠯᠠᠪᠠᠶ ᠲᠤᠭᠢᠷᠠᠭᠤᠯᠪᠡ᠃    
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ