2022 ᠣᠨ ᠤ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠭᠤᠷᠢᠨ ᠦᠵᠡᠵᠦ ᠲᠤᠷᠰᠢᠯᠭ᠎ᠠ ᠰᠤᠯᠢᠯᠴᠠᠬᠤ ᠳ᠋ᠦᠩᠨᠡᠯᠲᠡ ᠶᠢᠨ ᠬᠤᠷᠠᠯ ᠬᠤᠷᠠᠯᠳᠤᠪᠠ                                                                                                      ᠯᠢ ᠯᠢ ᠶᠠᠷᠢᠶ᠎ᠠ ᠲᠠᠯᠪᠢᠵᠦ ᠳ᠋ᠦ᠋ ᠬᠤᠢ ᠯᠢᠶᠠᠩ ᠬᠤᠷᠠᠯ ᠢ ᠡᠷᠬᠢᠯᠡᠪᠡ ᠵᠠᠩ ᠵᠠᠨ ᠯᠢᠨ ᠣᠷᠣᠯᠴᠠᠵᠠᠢ​
ᠨᠡᠶᠢᠲᠡᠯᠡᠭᠰᠡᠨ ᠴᠠᠭ᠄
2022/11/17
      ᠤᠶᠢᠷ᠎ᠠ ᠶᠢᠨ ᠡᠳᠤᠷ᠂ 2022 ᠣᠨ ᠤ ᠪᠥᠬᠦ ᠬᠤᠲᠠ ᠶᠢᠨ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ  ᠲᠤᠭᠤᠷᠢᠨ ᠦᠵᠡᠵᠦ ᠲᠤᠷᠰᠢᠯᠭ᠎ᠠ ᠰᠤᠯᠢᠯᠴᠡᠬᠤ ᠳ᠋ᠦᠩᠨᠡᠯᠲᠡ ᠶᠢᠨ ᠬᠤᠷᠠᠯ ᠳ᠋ᠦᠩᠱᠧᠩ ᠲᠣᠭᠤᠷᠢᠭ ᠲᠤ ᠬᠤᠷᠠᠯᠳᠤᠪᠠ᠃ ᠬᠤᠲᠠ ᠶᠢᠨ  ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ  ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠵᠡᠷᠭᠡ ᠬᠤᠲᠠ ᠶᠢᠨ ᠤᠳᠤᠷᠢᠳᠤᠯᠭ᠎ᠠ  ᠬᠤᠷᠠᠯ ᠳᠤ ᠤᠷᠤᠯᠴᠠᠵᠠᠢ᠃          ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠪᠥᠬᠦ ᠬᠤᠲᠠ ᠶᠢᠨ  ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠡᠯ᠎ᠡ ᠬᠤᠰᠢᠭᠤ ᠲᠣᠭᠤᠷᠢᠭ ᠤᠨ ᠬᠢᠨ  ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃            ᠯᠢ ᠯᠢ᠂ ᠡᠨᠡ ᠵᠢᠯ ᠠᠴᠠ ᠨᠠᠭᠠᠰᠢ᠂ ᠪᠦᠬᠦ ᠬᠤᠳᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠮᠡᠳᠡᠭᠳᠡᠮ᠎ᠡ ᠦᠷ᠎ᠡ  ᠪᠦᠲᠦᠮᠵᠢ ᠣᠯᠵᠤ᠂ ᠪᠦᠬᠦᠯᠢ ᠴᠣᠭᠴᠠ ᠶᠢᠨ ᠡᠷᠬᠢᠯᠳᠡ ᠲᠣᠭᠲᠠᠭᠤᠨ᠂ ᠪᠡᠯᠡ ᠣᠷᠣᠭᠤᠯᠤᠯᠲᠠ ᠶᠢᠨ ᠨᠡᠮᠡᠭᠳᠡᠯ ᠲᠦᠷᠭᠡᠨ᠂ ᠬᠡᠯᠪᠡᠷᠢ ᠪᠠᠨ  ᠬᠤᠪᠢᠷᠠᠭᠤᠯᠤᠭᠰᠠᠨ ᠪᠠᠶᠢᠳᠠᠯ ᠢᠶᠠᠷ  ᠰᠠᠶᠢᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠲᠡᠭᠦᠯᠳᠡᠷ᠂ ᠨᠡᠬᠡᠨ ᠳᠠᠪᠠᠭ᠋ᠤ ᠠᠭᠤᠷ ᠠᠮᠢᠰᠬᠤᠯ  ᠥᠳᠭᠡᠨ ᠪᠠᠶᠢᠬᠤ ᠣᠨᠴᠠᠯᠢᠭ ᠢᠯᠡᠷᠡᠵᠡᠢ᠃ ᠡᠯ᠎ᠡ ᠬᠤᠰᠢᠭᠤ ᠲᠤᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ  ᠪᠣᠯ ᠤᠳᠤᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠦᠴᠦᠲᠡᠶ ᠭᠠᠷᠳᠠᠴᠠ ᠮᠥᠨ᠂ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠬᠤ ᠶᠢᠨ ᠬᠦᠴᠦᠷᠬᠡᠭ ᠶᠡᠭᠡ ᠲᠦᠰᠢᠭ ᠲᠤᠯᠭᠠᠭᠤᠷᠢ ᠮᠥᠨ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠴᠢᠬᠤᠯᠠ ᠲᠦᠰᠢᠭ  ᠲᠤᠯᠭᠠᠭᠤᠷᠢ ᠮᠥᠨ᠂ ︽ᠭᠤᠷᠪᠠᠨ ᠳᠥᠷᠪᠡ︾᠎ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ  ᠮᠥᠨ ᠭᠡᠳᠡᠭ ᠢ ᠭᠦᠨᠵᠡᠭᠡᠶ ᠲᠠᠨᠢᠨ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠥᠨᠳᠥᠷ ᠦᠷ᠎ᠡ ᠪᠦᠲᠦᠮᠵᠢ ᠲᠠᠢ ᠪᠠᠷ ᠨᠢᠭᠡᠳᠦᠯᠲᠡᠶ  ᠲᠥᠯᠥ᠋ᠪᠵᠢᠭᠦᠯᠤᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠣᠳᠣᠬᠢᠴᠢᠯᠠᠭᠰᠠᠨ ᠣᠷᠳᠣᠰ ᠤᠨ  ᠪᠥᠲᠥᠭᠡᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠠᠢ᠃           ᠯᠢ ᠯᠢ᠂ ᠠᠵᠤ ᠦᠢᠯᠡᠰ ᠤᠨ ᠴᠢᠳᠠᠪᠤᠷᠢ ᠶᠢᠨ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠦᠢᠯᠡᠰ ᠤᠨ  ᠴᠢᠳᠠᠪᠤᠷᠢ ᠶᠢᠨ ᠳᠡᠰ ᠢ ᠤᠯᠤᠰ ᠤᠨ ᠳᠡᠰ ᠠᠴᠠ ᠳᠡᠯᠡᠬᠡᠢ ᠶᠢᠨ ᠳᠡᠰ ᠲᠡᠶᠢᠰᠢ ᠲᠦᠷᠭᠡᠳᠭᠡᠨ ᠠᠬᠢᠭᠤᠯᠬᠤ ᠬᠡᠷᠡᠭᠲᠡᠢ᠃ ︽ᠨᠢᠭᠡᠳᠤᠭᠡᠷ ᠠᠵᠦ  ᠦᠢᠯᠡᠰ ᠢ ᠳᠠᠬᠢᠨ ᠴᠤᠭᠴᠠᠯᠠᠬᠤ︾᠎ ᠪᠠᠷ ᠲᠥᠷᠥᠯ ᠵᠦᠢᠯ ᠢ ᠠᠳᠬᠤᠵᠤ᠂ ᠰᠠᠶᠢᠨ ᠡᠭᠦᠯᠳᠡᠷ᠂ ᠰᠠᠶᠢᠨ ᠲᠠᠷᠢᠶᠠᠨ ᠭᠠᠵᠠᠷ᠂ ᠰᠠᠶᠢᠨ ᠠᠵᠤ  ᠠᠬᠤᠶᠢᠯᠠᠯ᠂ ᠰᠠᠶᠢᠨ ᠠᠷᠭ᠎ᠠ ᠪᠣᠳᠣᠯᠭ᠎ᠠ᠂ ᠰᠤᠳᠤᠨ ᠴᠢᠳᠠᠪᠤᠷᠢᠲᠠᠨ ᠵᠡᠷᠭᠡ ᠲᠠᠪᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂  ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ  ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ ᠬᠡᠷᠡᠭᠲᠡᠶ᠃ ︽ᠬᠤᠶᠠᠳᠤᠭᠠᠷ ᠠᠵᠤ ᠦᠢᠯᠡᠰ ᠢ ᠳᠡᠰ ᠳᠡᠪᠰᠢᠭᠦᠯᠬᠦ︾᠎ ᠪᠠᠷ  ᠭᠤᠣᠯᠳᠠᠭᠤᠯᠤᠨ ᠲᠦᠷᠦᠯ ᠵᠦᠢᠯ ᠢ ᠠᠳᠬᠤᠵᠤ᠂ ︽ᠳᠦᠷᠪᠡᠨ ᠳᠡᠯᠡᠬᠡᠢ ᠶᠢᠨ ᠳᠡᠰ ᠤᠨ ᠠᠵᠤ ᠦᠢᠯᠡᠰ︾ ᠢ ᠪᠠᠶᠢᠭᠤᠯᠬᠤ ᠪᠠᠷ  ᠭᠤᠣᠯᠳᠠᠭᠤᠯᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ  ᠲᠦᠯᠤᠪᠵᠢᠬᠦᠯᠵᠤ᠂ ᠠᠵᠤ ᠦᠢᠯᠡᠰ ᠤᠨ ᠳᠠᠪᠠᠭᠤᠯᠢᠭ ᠢ ᠬᠦᠨᠵᠡᠭᠡᠢ ᠪᠤᠶᠢᠵᠢᠭᠤᠯᠤᠨ᠂ ᠠᠯᠤᠰ ᠤᠨ ᠲᠥᠰᠦᠪᠯᠡᠯ ᠢ ᠰᠠᠶᠢᠲᠤᠷ ᠬᠢᠵᠦ᠂  ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ᠃ ︽ᠭᠤᠷᠪᠠᠳᠤᠭᠠᠷ ᠠᠵᠤ ᠦᠢᠯᠡᠰ ᠢ ᠳᠠᠬᠢᠨ ᠪᠠᠶᠢᠭᠤᠯᠬᠤ︾᠎ ᠪᠠᠷ  ᠭᠤᠤᠯᠳᠠᠭᠤᠯᠤᠨ ᠲᠥᠷᠥᠯ ᠵᠦᠢᠯ ᠢ ᠠᠳᠬᠤᠵᠤ᠂ ᠪᠠᠷᠠᠭᠠᠨ ᠤ ᠬᠦᠢᠯᠬᠡᠬᠡᠨ ᠤ ᠦᠢᠯᠡᠰ᠂ ᠵᠤᠭᠠᠴᠠᠯ ᠤᠨ ᠦᠢᠯᠡᠰ᠂ ᠠᠷᠠᠯᠵᠢᠶ᠎ᠠ  ᠬᠤᠳᠠᠯᠳᠤᠭᠠᠨ ᠤ ᠦᠶ᠋ᠯᠡᠴᠢᠯᠡᠭᠡᠨ ᠤ ᠦᠢᠯᠡᠰ᠂ ᠲᠤᠭᠠᠴᠠᠨ ᠪᠤᠳᠤᠬᠤ ᠬᠦᠴᠦᠨ ᠤ ᠠᠵᠤ  ᠦᠢᠯᠡᠰ ᠲᠤ ᠠᠩᠬᠠᠷᠤᠯ ᠢᠶᠠᠨ ᠲᠦᠪᠯᠡᠷᠡᠬᠦᠯᠤᠨ  ᠲᠥᠷᠥᠯ ᠵᠦᠢᠯ ᠢ ᠲᠥᠯᠥ᠋ᠪᠵᠢᠭᠦᠯᠬᠦ ᠬᠡᠷᠡᠭᠲᠡᠶ᠃ ᠬᠠᠮᠢᠶ᠎ᠠ ᠪᠥᠬᠦᠶ ᠬᠤᠲᠠ ᠶᠢᠨ ᠱᠠᠲᠤᠨ ᠤ ᠤᠳᠤᠷᠢᠳᠤᠯᠭ᠎ᠠ᠂ ᠬᠤᠲᠠ ᠶᠢᠨ ᠰᠢᠭᠤᠳ  ᠬᠠᠷᠢᠶ᠎ᠠ ᠡᠯ᠎ᠡ ᠰᠠᠯᠠᠭ᠎ᠠ ᠮᠥᠴᠢᠷ ᠪᠣᠯᠤᠨ ᠡᠯ᠎ᠡ ᠬᠤᠰᠢᠭᠤ ᠲᠣᠭᠤᠷᠢᠭ ᠬᠦᠷᠢᠶᠡᠯᠡᠩ ᠲᠣᠭᠤᠷᠢᠭ ᠤᠨ ᠠᠵᠢᠯ ᠤᠨ ᠬᠠᠷᠢᠭᠤᠴᠠᠯᠭ᠎ᠠ ᠶᠢ ᠪᠥᠬᠦ  ᠲᠠᠯ᠎ᠠ ᠪᠠᠷ ᠪᠣᠳᠠᠲᠠᠶᠢᠵᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ  ᠠᠬᠢᠭᠤᠯᠬᠤ ᠬᠡᠷᠡᠭᠲᠡᠶ ᠭᠡᠵᠠᠢ᠃           ᠯᠢ ᠯᠢ᠂ 11 ᠰᠠᠷ᠎ᠠ ᠶᠢᠨ 10᠎ ᠤ ᠡᠳᠦᠷ ᠤᠨ ᠲᠥᠪ ᠤᠨ ᠤᠯᠤᠰ ᠲᠦᠷᠦ ᠶᠢᠨ ᠲᠤᠪᠴᠢᠶᠠᠨ ᠤ ᠪᠠᠶᠢᠩᠭᠤ ᠶᠢᠨ ᠬᠤᠷᠢᠶ᠎ᠠ ᠶᠢᠨ  ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠪᠠᠶᠢᠷᠢᠯᠠᠭᠤᠯᠤᠯᠲᠠ  ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ ᠨᠠᠮ ᠤᠨ ᠲᠥᠪ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠡᠷᠦᠩᠬᠡᠢ ᠠᠷᠭ᠎ᠠ ᠪᠤᠳᠤᠯᠭ᠎ᠠ᠂ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠡᠷᠡᠰ ᠨᠠᠶᠢᠳᠠᠪᠤᠷᠢᠵᠢᠭᠤᠯᠤᠨ᠂ ᠲᠠᠨᠢᠯᠲᠠ ᠪᠠᠨ ᠲᠠᠬᠢᠨ  ᠳᠡᠭᠡᠭᠰᠢᠯᠡᠭᠦᠯᠵᠤ᠂ ᠪᠣᠭᠤᠮᠲᠠ ᠰᠢᠪᠲᠤᠯᠬᠤ ᠠᠵᠢᠯ ᠳᠤ ᠬᠦᠴᠦᠯᠡᠨ᠂ ᠠᠷᠭ᠎ᠠ ᠬᠡᠮᠵᠢᠶ᠎ᠠ ᠪᠠᠨ ᠲᠠᠬᠢᠨ ᠤᠨᠤᠴᠠᠲᠠᠢ ᠪᠣᠯᠭᠠᠵᠤ᠂ ᠴᠢᠳᠠᠪᠤᠷᠢ ᠪᠠᠨ  ᠲᠠᠬᠢᠨ ᠴᠢᠩᠭᠠᠳᠬᠠᠨ᠂ ᠬᠠᠷᠢᠭᠤᠴᠠᠯᠭ᠎ᠠ ᠪᠠᠨ ᠲᠠᠬᠢᠨ ᠪᠣᠳᠠᠲᠠᠶᠢᠵᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠪᠡ᠃          ᠳ᠋ᠦ᠋ ᠬᠤᠢ ᠯᠢᠶᠠᠩ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠣᠨ ᠤ  ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ 2022  ᠣᠨ ᠤ ᠰᠡᠭᠦᠯ ᠰᠢᠪᠳᠤᠷᠬᠤ ᠱᠠᠲᠤᠨ ᠤ ᠡᠯ᠎ᠡ ᠲᠦᠷᠦᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃  ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠬᠡᠮᠵᠢᠶ᠎ᠠ᠂ ᠴᠢᠨᠠᠷ ᠴᠢᠨᠰᠠᠭ᠎ᠠ᠂ ᠨᠡᠮᠡᠭᠳᠡᠯ ᠤᠨ ᠬᠡᠮᠵᠢᠶ᠎ᠠ ᠶᠢᠨ ᠲᠠᠯ᠎ᠠ ᠪᠠᠷ  ᠰᠢᠪᠲᠤᠯᠤᠯᠲᠠ ᠭᠠᠷᠭᠠᠬᠤ ᠪᠠᠷ ᠴᠢᠷᠮᠠᠶᠢᠨ᠂ ︽ᠭᠤᠷᠪᠠᠨ ᠬᠡᠮᠵᠢᠶ᠎ᠠ ᠶᠢ ᠵᠡᠷᠭᠡ ᠪᠠᠷ ᠳᠡᠭᠡᠭᠰᠢᠯᠡᠭᠦᠯᠬᠦ︾᠎ ᠶᠢ ᠪᠡᠶᠡᠯᠡᠭᠦᠯᠬᠦ ᠬᠡᠷᠡᠭᠲᠡᠢ᠃  ᠢᠨᠵᠧᠨᠧᠷᠢᠩ ᠤᠨ ᠰᠡᠳᠭᠢᠬᠦᠢ ᠶᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠬᠦ ᠪᠠ ᠶᠠᠪᠤᠴᠠ ᠶᠢᠨ ᠬᠠᠮᠢᠶᠠᠷᠤᠯᠲᠠ ᠶᠢ  ᠴᠢᠩᠭᠠᠳᠬᠠᠵᠤ᠂ ᠠᠵᠢᠯ ᠤᠨ ᠴᠢᠨᠠᠷᠵᠢᠯ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ  ᠪᠠᠶᠢᠭᠤᠯᠤᠯᠲᠠ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ  ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠦᠯᠤᠪᠵᠢᠬᠦᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠰᠠᠶᠢᠲᠤᠷ ᠰᠠᠬᠢᠬᠤ  ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠣᠷᠢᠭᠲᠠᠢ ᠪᠠᠷ ᠲᠡᠮᠡᠴᠡᠵᠦ᠂ ᠴᠢᠳᠠᠮᠠᠭᠠᠢ ᠪᠠᠷ ᠲᠡᠮᠡᠴᠡᠨ᠂ ᠨᠠᠮ ᠤᠨ  ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠬᠤᠲᠠ ᠳᠤ ᠦᠨᠳᠦᠰᠦᠯᠡᠭᠦᠯᠤᠨ᠂ ᠠᠮᠵᠢᠯᠲᠠ ᠪᠦᠲᠦᠮᠵᠢ ᠭᠠᠷᠭᠠᠬᠤ ᠶᠢ  ᠠᠬᠢᠭᠤᠯᠬᠤ ᠬᠡᠷᠡᠭᠲᠡᠢ ᠭᠡᠪᠡ᠃           ᠳ᠋ᠦᠩᠨᠡᠯᠲᠡ ᠶᠢᠨ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠤᠶᠠᠷ ᠡᠳᠦᠷ ᠤᠨ ᠴᠠᠭ ᠢ ᠠᠰᠢᠭᠯᠠᠨ ᠵᠠᠷᠢᠮ ᠬᠤᠰᠢᠭᠤ  ᠲᠤᠭᠤᠷᠢᠭ ᠲᠤ ᠭᠦᠨᠵᠡᠭᠡᠶᠢᠷᠡᠨ ᠴᠢᠬᠤᠯᠠ ᠶᠡᠭᠡ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ  ᠲᠣᠭᠤᠷᠢᠨ ᠦᠵᠡᠵᠡᠢ᠃  
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ