ᠤᠶᠢᠷ᠎ᠠ ᠶᠢᠨ ᠡᠳᠦᠷ᠂ ᠬᠤᠲᠠ ᠶᠢᠨ ᠠᠷᠠᠳ ᠤᠨ ᠲᠦᠯᠦ᠋ᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠲᠤᠭᠤᠶᠢᠯᠠᠩ ᠤᠨ | ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠶᠢᠯᠠᠩ ᠤᠨ 2022 ᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢᠨ ᠲᠤᠰᠬᠠᠢ ᠰᠡᠳᠦᠪᠲᠦ ᠨᠣᠮ ᠤᠩᠰᠢᠬᠤ ᠠᠩᠬᠢ ᠵᠢᠴᠢ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠰᠠᠨ ᠤ ᠬᠠᠮᠲᠤ ᠬᠤᠳᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠵᠠᠢ᠃ | ᠬᠤᠲᠠ ᠶᠢᠨ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ | ᠵᠠᠨ ᠯᠢᠨ ᠬᠤᠷᠠᠯ ᠢ ᠡᠷᠭᠢᠯᠡᠭᠰᠡᠨ ᠤ ᠬᠠᠮᠲᠦ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠮ ᠤᠨ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠱᠢ ᠶᠠᠨ ᠵᠢᠶᠧ᠂ ᠬᠤᠲᠠ ᠶᠢᠨ ᠠᠷᠠᠳ ᠤᠨ ᠲᠥᠯᠥ᠋ᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠸᠠᠩ ᠫᠢᠩ᠂ ᠪᠠᠶᠠᠷ᠂ ᠶᠠᠩ ᠶᠦᠨ᠂ ᠵᠣᠣ ᠹᠸᠢ ᠯᠦ ᠬᠤᠷᠠᠯ ᠳᠤ | ᠣᠷᠣᠯᠴᠠᠪᠠ᠃ ᠬᠤᠲᠠ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ ᠬᠤᠷᠠᠯ ᠳᠤ ᠰᠤᠯᠠ | ᠣᠷᠣᠯᠴᠠᠪᠠ᠃ | ᠬᠤᠷᠠᠯ ᠳᠡᠭᠡᠷ᠎ᠡ ᠱᠢ ᠶᠠᠨ ᠵᠢᠶᠧ᠂ ᠾᠧ ᠶᠢᠨ᠂ ᠸᠠᠩ ᠫᠢᠩ᠂ ᠪᠠᠶᠠᠷ᠂ ᠶᠠᠩ ᠶᠦᠨ᠂ ᠵᠤᠤ ᠹᠸᠢ ᠯᠦ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃ | | ᠵᠠᠩ ᠵᠠᠨ ᠯᠢᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠢᠭᠡᠨ ᠤᠳᠠᠭᠠᠨ ᠤ ᠲᠤᠭ ᠢ ᠥᠨᠳᠥᠷ ᠮᠠᠨᠳᠤᠭᠤᠯᠵᠤ᠂ ᠬᠦᠴᠦᠨ ᠴᠢᠳᠠᠯ ᠢ ᠨᠢᠭᠲᠠᠷᠠᠭᠤᠯᠤᠨ᠂ | ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠃ ᠬᠥᠰᠢᠶ᠎ᠡ ᠳᠡᠮᠳᠡᠭ ᠤᠨ ᠴᠢᠨᠠᠷᠲᠠᠶ᠂ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠣᠭᠳᠠᠯ ᠲᠠᠢ ᠨᠢᠭᠡᠨ | ᠤᠳᠠᠭᠠᠨ ᠤ ᠦᠪᠡᠳᠡᠭᠰᠢ ᠶᠡᠭᠡ ᠬᠤᠷᠠᠯ ᠮᠥᠨ᠂ ᠶᠡᠭᠡ ᠬᠤᠷᠠᠯ ᠨᠢ ᠮᠠᠨ ᠤ ᠨᠠᠮ ᠤᠨ ᠭᠡᠷᠡᠯ ᠰᠠᠴᠤᠷᠠᠩᠭᠤᠶ ᠲᠡᠦᠬᠡᠨ ᠤᠯᠠ ᠮᠥᠷ ᠢ ᠰᠡᠶᠢᠯᠵᠦ᠂ ᠳᠤᠮᠳᠠᠳᠤ | ᠤᠯᠤᠰ ᠤᠨ ᠮᠠᠶᠠᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ | ᠵᠢᠷᠤᠭ ᠲᠥᠰᠦᠪ ᠢ ᠵᠢᠷᠤᠭᠯᠠᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠤ᠂ ᠢᠲᠡᠭᠡᠯ ᠵᠣᠷᠢᠭ ᠢᠶᠠᠨ ᠪᠠᠲᠤᠳᠬᠠᠨ᠂ ᠴᠢᠭᠯᠡᠯ ᠢᠶᠠᠨ | ᠲᠣᠳᠣᠷᠬᠠᠶᠢᠯᠠᠵᠤ᠂ ᠲᠡᠮᠡᠴᠡᠯ ᠤᠨ ᠵᠣᠷᠢᠭ ᠢᠶᠠᠨ ᠬᠥᠪᠴᠢᠯᠡᠨ᠂ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠦᠷᠭᠦᠯᠵᠢᠯᠡᠨ ᠪᠢᠴᠢᠭᠯᠡᠬᠦ ᠰᠢᠨ᠎ᠡ ᠠᠶᠠᠨ ᠢᠶᠠᠨ | ᠡᠬᠢᠯᠡᠭᠦᠯᠪᠡ ᠭᠡᠵᠤ ᠵᠢᠭᠠᠵᠤ ᠭᠠᠷᠭᠠᠪᠠ᠃ | ᠵᠠᠩ ᠵᠠᠨ ᠯᠢᠨ᠂ ᠤᠯᠤᠰ ᠲᠥᠷᠥ ᠶᠢᠨ ᠵᠣᠭᠰᠣᠴᠠ ᠪᠠᠨ ᠪᠠᠳᠤᠳᠬᠠᠵᠤ᠂ ᠪᠠᠷᠢᠮᠵᠢᠶ᠎ᠠ ᠲᠠᠢ ᠬᠠᠷᠭᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ | ᠲᠠᠪᠤ ᠶᠢ ᠪᠠᠲᠤ ᠡᠵᠡᠮᠳᠡᠬᠦ︾ ᠴᠢᠬᠤᠯᠠ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠨ᠂ ᠦᠵᠡᠯ ᠰᠠᠨᠠᠭ᠎ᠠ᠂ ᠬᠠᠷᠠᠯᠲᠠ᠂ ᠠᠷᠭ᠎ᠠ ᠬᠡᠮᠵᠢᠶ᠎ᠡ ᠶᠢᠨ ᠲᠠᠯ᠎ᠠ ᠪᠠᠷ | ᠪᠠᠷᠢᠮᠵᠢᠶ᠎ᠠ ᠲᠠᠢ ᠬᠠᠷᠭᠤᠭᠤᠯᠵᠤ᠂ ᠰᠤᠷᠤᠯᠴᠠᠨ ᠲᠤᠭᠤᠰᠢᠯᠠᠭᠤᠯᠵᠤ ᠠᠵᠢᠯᠯᠠᠬᠤ ᠲᠠᠯ᠎ᠠ ᠪᠠᠷ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠴᠢᠷᠮᠠᠶᠢᠬᠤ ᠬᠡᠷᠡᠭᠲᠡᠶ᠃ | ᠠᠵᠢᠯ ᠤᠨ ᠠᠷᠭ᠎ᠠ ᠬᠡᠮᠵᠢᠶ᠎ᠡ ᠪᠠᠨ ᠴᠢᠩᠭ᠎ᠠ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠣᠭᠤᠷᠢᠨ ᠳᠤ᠂ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠭᠠᠵᠠᠷ ᠣᠷᠣᠨ ᠤ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠠᠪᠤᠴᠠ ᠳᠤ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠪᠡᠰᠦ ᠵᠣᠬᠢᠬᠤ | ᠬᠠᠷᠢᠭᠤᠴᠠᠯᠭ᠎ᠠ ᠪᠠ ᠡᠭᠦᠷᠭᠡᠯᠡᠯ ᠢ ᠦᠨᠡᠨ ᠬᠦ ᠭᠦᠶ᠋ᠴᠡᠳᠭᠡᠬᠦ ᠬᠡᠷᠡᠭᠲᠡᠶ᠃ ᠴᠢᠳᠠᠪᠤᠷᠢ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠬᠠᠷᠢᠭᠤᠴᠠᠯᠭ᠎ᠠ ᠪᠠᠨ ᠭᠦᠢᠴᠡᠳᠭᠡᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠨ᠂ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠭᠦᠢᠴᠡᠳᠭᠡᠵᠦ᠂ ︽ᠤᠯᠤᠰ | ᠲᠦᠷᠦ ᠶᠢᠨ ᠲᠠᠯ᠎ᠠ ᠪᠠᠷ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠬᠦᠨᠳᠦᠳᠭᠡᠬᠦ᠂ ᠠᠷᠠᠳᠴᠢᠯᠠᠯ ᠢ ᠪᠠᠳᠠᠷᠠᠭᠤᠯᠬᠤ᠂ | ᠬᠠᠷᠢᠭᠤᠴᠠᠯᠭ᠎ᠠ ᠪᠠᠨ ᠬᠢᠴᠢᠶᠡᠨ ᠭᠦᠢᠴᠡᠳᠭᠡᠬᠦ︾ ᠰᠢᠨ᠎ᠡ ᠴᠠᠭ ᠦᠶ᠎ᠡ ᠶᠢᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠠᠵᠢᠯ ᠤᠨ ᠡ᠊ᠩᠨᠡᠭᠡ ᠶᠢ | ᠴᠢᠷᠮᠠᠶᠢᠨ ᠴᠤᠬᠴᠠᠯᠠᠵᠤ᠂ ᠨᠠᠮ ᠰᠡᠳᠭᠢᠯ ᠠᠮᠤᠷ᠂ ᠠᠷᠠᠳ ᠲᠦᠮᠡᠨ ᠰᠡᠳᠭᠢᠯ ᠬᠠᠨᠤᠮᠵᠢᠲᠠᠢ ᠪᠠᠶᠢᠬᠤ ︽ᠲᠦᠷᠪᠡᠨ ᠪᠠᠶᠢᠭᠤᠯᠭ᠎ᠠ︾ ᠶᠢ ᠪᠠᠶᠢᠭᠤᠯᠬᠤ ᠬᠡᠷᠡᠭᠲᠠᠢ ᠭᠡᠵᠦ | ᠱᠠᠭᠠᠷᠳᠠᠪᠠ᠃ | | |