ᠯᠢ ᠯᠢ ᠬᠤᠳᠠ ᠶᠢᠨ ᠰᠢᠨ᠎ᠠ ᠲᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ                                                                                                            ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2022/11/17
      ᠤᠶᠢᠷ᠎ᠡ ᠶᠢᠨ ᠡᠳᠤᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠲᠠ ᠶᠢᠨ ᠰᠢᠨ᠎ᠡ ᠲᠢᠲᠢᠮᠯᠢᠭ᠎ᠠ ‍ᠭᠤᠰᠭᠢᠨ  ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂  ᠲᠥᠪ ᠤᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠪᠥᠬᠦ ᠤᠯᠤᠰ ᠤᠨ ᠰᠢᠨ᠎ᠡ ᠲᠢᠳᠢᠮᠯᠢᠭ ᠠᠭᠤᠰᠭᠢᠨ  ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ  ᠭᠦᠨᠵᠡᠭᠡᠶ ᠰᠤᠷᠤᠯᠴᠠᠨ ᠲᠤᠭᠤᠰᠢᠯᠠᠭᠤᠯᠵᠥ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ  ᠵᠢᠴᠢ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ  ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠤᠨ  ᠬᠠᠷᠢᠭᠤ ᠮᠡᠳᠡᠭᠦᠯᠦ᠋ᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃          ᠬᠤᠲᠠ ᠶᠢᠨ ᠤᠳᠤᠷᠢᠳᠤᠯᠭ᠎ᠠ ᠳ᠋ᠦ᠋ ᠬᠤᠢ ᠯᠢᠶᠠᠩ᠂ ᠰᠢᠩ ᠵᠧᠩ᠂  ᠰᠤ᠋ ᠵᠥᠩ ᠱᠧᠩ᠂ ᠰᠤ᠋ ᠼᠦᠢ ᠹᠠᠩ᠂ ᠵᠧᠨ ᠬᠤᠸᠠ᠂ ᠵᠠᠩ  ᠸᠧᠶ᠂ ᠭᠤ᠋ ᠸᠧᠨ ᠾᠧ᠂ ᠺᠦᠩ ᠹᠠᠨ ᠹᠸᠢ᠂ ᠮᠢᠶᠣᠣ ᠴᠧᠩ ᠢᠦᠶ᠂ ᠯᠢᠦ ᠹᠧᠩ ᠶᠦᠨ ᠬᠤᠷᠠᠯ ᠳᠤ ᠣᠷᠣᠯᠴᠠᠵᠠᠶ᠃           ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ   ᠬᠤᠷᠠᠯ ᠠᠴᠠ ᠣᠳᠣᠬᠠᠨ ᠳᠤ ᠪᠦᠬᠦ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠢ ᠳᠡᠭᠡᠨ  ᠲᠣᠭᠲᠠᠭᠤᠨ ᠪᠥᠭᠡᠳ ᠡᠵᠡᠮᠳᠡᠵᠦ ᠪᠣᠯᠬᠤ ᠪᠣᠯᠪᠠᠴᠤ ᠭᠠᠳᠠᠨ᠎ᠠ ᠠᠴᠠ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠠᠷᠤᠯᠲᠠ  ᠮᠥᠨ ᠴᠤ ᠮᠠᠰᠢ ᠶᠡᠭᠡ ᠪᠠᠶᠢᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠤᠩᠬᠡᠢ ᠱᠥᠵᠢ ᠰᠢ ᠶᠢᠨ ᠫᠢᠩ ᠤᠨ ᠴᠢᠬᠤᠯᠠ  ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠭᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ  ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦ᠋ᠨ  ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ︽ᠭᠤᠷᠪᠠᠨ ᠭᠤᠶᠢᠪᠢᠰᠢ ᠦᠭᠡᠢ ᠪᠠᠶᠢᠬᠤ︾ ᠱᠠᠭᠠᠷᠳᠠᠯᠭ᠎ᠠ  ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠠᠵᠢᠯ ᠢ ᠨᠡᠩ ᠰᠢᠨᠵᠢᠯᠡᠬᠦ ᠤᠬᠠᠭᠠᠨᠴᠢ᠂ ᠨᠡᠩ ᠣᠨᠣᠪᠴᠢᠲᠠᠢ ᠂ ᠬᠦᠴᠦᠨ ᠲᠠᠢ ᠪᠥᠭᠡᠳ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠬᠡᠵᠥ ᠵᠢᠭᠠᠵᠥ ᠭᠠᠷᠭᠠᠪᠠ᠃            ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ   ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠯᠴᠠᠭ᠎ᠠ ᠶᠢᠨ  ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠤᠷᠢᠨ ᠵᠦᠶ᠋ᠯ ᠤᠨ ᠠᠷᠭ᠎ᠠ  ᠬᠡᠮᠵᠢᠶ᠎ᠡ ᠲᠠᠢ ᠬᠢᠨᠠᠮᠠᠭᠠᠶ ᠬᠠᠷᠭᠤᠭᠤᠯᠤᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠠᠮᠢᠶᠠᠷᠬᠤ ᠶᠣᠰᠣᠲᠠᠶ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠶ ᠶᠢ ᠨᠢ ᠡᠮᠬᠢ  ᠵᠢᠷᠤᠮ ᠲᠠᠢ ᠪᠠᠷ ᠴᠢᠯᠤᠬᠡᠳᠡᠢ ᠲᠠᠯᠪᠢᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ  ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ  ᠨᠥᠯᠥ᠋ᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠬᠡᠵᠥ ᠴᠢᠬᠤᠯᠠᠴᠢᠯᠠᠵᠠᠢ᠃           ᠳ᠋ᠥ᠋ ᠬᠤᠢ ᠯᠢᠶᠠᠩ ᠬᠤᠷᠠᠯ ᠳᠤ ᠤᠷᠤᠯᠴᠠᠪᠠ   ᠬᠤᠷᠠᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂  ᠬᠤᠷᠢᠭ᠎ᠠ ᠱᠤᠭᠤᠮ ᠤᠨ ᠰᠡᠳᠭᠢᠬᠦᠢ ᠶᠢ ᠪᠠᠲᠤᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠡᠮᠡᠴᠡᠯ ᠤᠨ ᠴᠢᠳᠠᠪᠤᠷᠢ ᠪᠠᠨ  ᠲᠡᠬᠡᠭᠰᠢᠯᠡᠬᠦᠯᠦ᠋ᠨ᠂ ᠪᠠᠴᠢᠮ ᠪᠠᠶᠢᠳᠠᠯ ᠢ ᠠᠷᠭᠠᠴᠠᠭᠠᠵᠤ ᠵᠢᠯᠣᠭᠤᠳᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ᠂ ᠡᠮᠴᠢᠯᠡᠭᠡᠨ ᠤ  ᠠᠪᠤᠷᠠᠨ ᠵᠠᠰᠠᠯᠲᠠ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠠ ᠡᠭᠢ ᠡᠭᠦᠰᠤᠯ ᠢ ᠨᠢ ᠡᠷᠢᠭᠦ᠂ ᠨᠡᠶᠢᠭᠡᠮ ᠠᠴᠠ ᠬᠠᠮᠢᠶᠠᠷᠤᠨ  ᠡᠵᠡᠮᠳᠡᠬᠦ᠂ ᠰᠢᠯᠵᠢᠬᠦᠯᠤᠨ ᠵᠦᠭᠡᠭᠡᠪᠦᠷᠢᠯᠡᠵᠤ ᠲᠤᠰᠠᠭᠠᠷᠯᠠᠬᠤ᠂ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠡᠳ᠋ ᠪᠣᠳᠠᠰ ᠢ  ᠪᠠᠲᠤᠯᠠᠬᠤ᠂ ᠤᠬᠠᠭᠤᠯᠤᠨ ᠵᠢᠯᠣᠭᠤᠳᠬᠤ ᠪᠠ ᠵᠠᠮ ᠬᠠᠷᠢᠯᠴᠠᠭ᠎ᠠ ᠶᠢ ᠪᠠᠲᠤᠯᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠬᠠᠷᠢᠭᠤᠴᠠᠯᠭ᠎ᠠ ᠪᠠᠨ ᠤᠯᠠᠮ ᠴᠢᠨᠠᠭᠰᠢᠳᠠ  ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ  ᠪᠠᠬᠢᠯᠡᠯᠲᠡ ᠶᠢᠨ ᠦᠢᠯᠡᠳᠦᠯ ᠪᠠ ᠥᠷᠭᠡᠨ ᠤᠯᠠᠨ ᠨᠠᠮ ᠤᠨ ᠭᠡᠰᠢᠭᠦᠨ ᠤ ᠬᠤᠰᠢᠭᠤᠴᠢ ᠲᠠᠭᠤᠷᠢᠶᠠᠯ ᠥᠵᠡᠬᠦᠯᠬᠦ ᠦᠢᠯᠡᠳᠦᠯ ᠢ ᠭᠦᠢᠴᠡᠳ  ᠪᠠᠳᠠᠷᠠᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ  ᠡᠷᠡᠰ ᠤᠯᠬᠤ ᠬᠡᠷᠡᠭᠲᠡᠢ ᠬᠡᠵᠥ ᠴᠢᠬᠤᠯᠠᠴᠢᠯᠠᠵᠠᠢ᠃  
ᠢᠷᠡᠯᠲᠡ᠄ ᠤᠷᠳᠤᠰ ᠤᠨ ᠮᠤᠩᠭᠤᠯ ᠭᠡᠯᠡᠨ ᠤ ᠰᠤᠨᠢᠨ ᠮᠡᠳᠡᠭᠡᠨ ᠤ ᠰᠦᠯᠵᠢᠶ᠎ᠡ